ᠤᠢ ᠰᠢᠭᠤᠶ ᠵᠢᠨ ᠲᠢᠩᠬᠢᠮ᠂ ᠵᠠᠰᠠᠭ᠎ᠤᠨ ᠣᠷᠳᠣᠨ᠎ᠤ
ᠰᠦᠯᠵᠢᠶᠡᠨ᠎ᠤ 6 ᠰᠠᠷ᠎ᠠ ᠵᠢᠨ 1᠎ᠤ ᠡᠳᠦᠷ᠎ᠤᠨ ᠮᠡᠳᠡᠭᠡ
5 ᠰᠠᠷ᠎ᠠ ᠵᠢᠨ 18᠎ᠤ ᠡᠳᠦᠷ᠂ ᠰᠢᠯᠢ ᠵᠢᠨ ᠭᠣᠣᠯ ᠠᠶ᠋ᠢᠮᠠᠭ᠎ᠤᠨ ᠨᠣᠭᠣᠭ᠋ᠠᠷᠠᠭᠤᠯᠣᠯᠲᠠ ᠵᠢᠨ ᠠᠵᠢᠯ᠎ᠤᠨ ᠶᠠᠷᠢᠯᠴᠠᠬᠤ ᠬᠤᠷᠠᠯ ᠰᠢᠯᠢᠨᠬᠤᠲᠠ᠎ᠳᠤ ᠬᠤᠷᠠᠯᠳᠤᠪᠠ᠃ ᠰᠢᠯᠢ ᠵᠢᠨ ᠭᠣᠣᠯ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠥᠬᠥᠶ ᠤᠳᠤᠷᠢᠳᠤᠯᠭ᠎ᠠ᠂ ᠡᠯ᠎ᠡ ᠬᠣᠰᠢᠭᠤ ᠰᠢᠶᠠᠨ ᠬᠣᠲᠠ ᠵᠢᠨ ᠨᠣᠭᠣᠭ᠋ᠠᠷᠠᠭᠤᠯᠤᠯᠲᠠ ᠵᠢᠨ ᠠᠵᠢᠯ᠎ᠢ ᠬᠡᠰᠡᠭ ᠬᠠᠮᠢᠶᠠᠷᠬᠤ ᠲᠤᠪᠴᠢᠶ᠎ᠠ ᠵᠢᠨ ᠳᠡᠳ᠋ ᠲᠣᠪᠴᠢᠶᠠᠨ ᠳᠠᠷᠤᠭ᠎ᠠ᠂ ᠨᠣᠭᠣᠭ᠋ᠠᠷᠠᠭᠤᠯᠣᠯᠲᠠ ᠵᠢᠨ ᠠᠵᠢᠯ᠎ᠤᠨ ᠠᠯᠪᠠᠨ ᠭᠡᠷ᠎ᠤᠨ ᠡᠷᠬᠢᠯᠡᠭᠴᠢ ᠪᠠ ᠲᠤᠰᠬᠠᠶ ᠮᠡᠷᠭᠡᠵᠢᠯ᠎ᠤᠨ ᠠᠵᠢᠯᠳᠠᠨ᠂ ᠠᠶ᠋ᠢᠮᠠᠭ᠎ᠤᠨ ᠰᠢᠭᠤᠳ ᠬᠠᠮᠢᠶᠠᠷᠣᠯᠲᠠ ᠵᠢᠨ ᠤᠢ ᠰᠢᠭᠤᠶ ᠵᠢᠨ ᠰᠢᠰᠲ᠋ᠧᠮ᠎ᠤᠨ ᠬᠣᠯᠪᠣᠭᠳᠠᠯ ᠪᠥᠬᠥᠢ ᠲᠠᠰᠣᠭ᠂ ᠵᠢᠭᠰᠠᠭ᠋ᠠᠯᠲᠠ ᠬᠠᠷᠢᠭᠤᠴᠠᠯᠭ᠋ᠠᠲᠠᠨ ᠵᠡᠷᠭᠡ ᠭᠤᠴᠢᠨ ᠬᠥᠮᠦᠨ ᠬᠤᠷᠠᠯ᠎ᠳᠤ ᠣᠷᠣᠯᠴᠠᠵᠠᠶ᠃ ᠬᠤᠷᠠᠯ᠎ᠠᠴᠠ ᠡᠮᠦᠨ᠎ᠡ᠂ ᠬᠤᠷᠠᠯ᠎ᠳᠤ ᠣᠷᠣᠯᠴᠠᠭᠰᠠᠳ᠎ᠨᠢ ᠰᠢᠯᠢᠨᠬᠤᠲᠠ ᠵᠢᠨ ᠭᠤᠴᠢᠨ ᠺᠢᠯᠣᠮᠧᠲᠷ᠎ᠤᠨ ᠦᠵᠡᠮᠵᠢ ᠪᠦᠰᠡ᠂ ᠡᠮᠦᠨ᠎ᠡ ᠠᠭᠤᠯᠠ ᠪᠣᠯᠤᠨ ᠵᠡᠭᠦᠨ ᠠᠭᠤᠯᠠ ᠵᠢᠨ ᠠᠯᠪᠠᠨ ᠵᠢᠷᠤᠮ᠎ᠤᠨ ᠮᠣᠳᠣ ᠲᠠᠷᠢᠬᠤ ᠰᠠᠭᠤᠷᠢᠨ ᠭᠠᠵᠠᠷ᠎ᠲᠤ ᠲᠤᠬᠠᠶ ᠵᠢᠨ ᠭᠠᠵᠠᠷ᠎ᠲᠤᠨᠢ ᠬᠦᠷᠴᠦ ᠰᠤᠷᠤᠯᠴᠠᠵᠤ ᠰᠢᠨᠵᠢᠯᠡᠨ ᠪᠠᠶ᠋ᠢᠴᠠᠭ᠋ᠠᠭᠰᠠᠨ ᠶᠤᠮ᠃
ᠬᠤᠷᠠᠯ ᠳᠡᠭᠡᠷ᠎ᠡ᠂ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ 2018 ᠣᠨ᠎ᠤ ᠣᠨ᠎ᠤ ᠭᠣᠣᠯᠳᠠᠯᠭ᠎ᠠ᠎ᠲᠠᠢ ᠣᠷᠣᠨ ᠪᠦᠰᠡ ᠵᠢᠨ ᠨᠣᠭᠣᠭ᠋ᠠᠷᠠᠭᠤᠯᠤᠯᠲᠠ᠂ ᠬᠤᠳᠠ ᠬᠥᠳᠡᠭᠡ ᠵᠢᠨ ᠨᠣᠭᠣᠭ᠋ᠠᠷᠠᠭᠤᠯᠤᠯᠲᠠ ᠪᠠ ᠠᠯᠪᠠᠨ ᠵᠢᠷᠤᠮ᠎ᠤᠨ ᠮᠣᠳᠣ ᠳᠠᠷᠢᠬᠤ ᠠᠵᠢᠯ᠎ᠤᠨ ᠲᠣᠬᠢᠷᠠᠭᠤᠯᠤᠯᠲᠠ᠂ ᠠᠬᠢᠴᠠ ᠵᠢᠨ ᠪᠠᠶ᠋ᠢᠳᠠᠯ ᠵᠢᠴᠢ ᠠᠪᠤᠬᠰᠠᠨ ᠠᠷᠭ᠎ᠠ ᠬᠡᠮᠵᠢᠶ᠎ᠡ ᠵᠢ ᠰᠣᠯᠢᠯᠴᠠᠨ ᠰᠤᠷᠤᠯᠴᠠᠵᠤ᠂ ᠠᠶ᠋ᠢᠮᠠᠭ ᠬᠣᠰᠢᠭᠤ ᠬᠣᠶᠠᠷ ᠱᠠᠲᠤᠨ᠎ᠤ ᠮᠤᠨᠢ ᠠᠭᠤᠯᠠ ᠵᠢ ᠨᠣᠭᠣᠭ᠋ᠠᠷᠠᠭᠤᠯᠬᠤ ᠲᠥᠯᠥᠪᠵᠢᠭᠦᠯᠭᠡ (2018-2015 ᠤᠨ) ᠪᠠ ᠪᠦᠬᠦ ᠠᠶ᠋ᠢᠮᠠᠭ᠎ᠤᠨ ᠪᠠᠯᠠᠷ ᠤᠢ ᠨᠡᠷᠡᠲᠦ ᠮᠣᠳᠣᠨ᠎ᠤ ᠨᠡᠶ᠋ᠢᠳᠡᠮ ᠪᠠᠶ᠋ᠢᠴᠠᠭ᠋ᠠᠯᠲᠠ᠎ᠲᠠᠢ ᠬᠣᠯᠪᠣᠭᠳᠠᠯ ᠪᠦᠬᠦᠢ ᠬᠡᠷᠡᠭ ᠶᠠᠪᠤᠳᠠᠯ᠎ᠢ ᠪᠠᠶ᠋ᠢᠷᠢᠯᠠᠭᠤᠯᠪᠠ᠃
ᠬᠤᠷᠠᠯ᠎ᠠᠴᠠ ᠱᠠᠭ᠋ᠠᠷᠳᠠᠭᠰᠠᠨ᠎ᠨᠢ᠂ ᠭᠣᠣᠯᠳᠠᠯᠭ᠎ᠠ᠎ᠲᠠᠢ ᠣᠷᠣᠨ ᠪᠦᠰᠡ ᠵᠢᠨ ᠨᠣᠭᠣᠭ᠋ᠠᠷᠠᠭᠤᠯᠤᠯᠲᠠ ᠵᠢᠨ ᠶᠠᠰᠤ ᠴᠢᠨᠠᠷ᠎ᠢ ᠦᠨᠡᠨ ᠬᠦ᠌ ᠳᠡᠭᠡᠭᠰᠢᠯᠡᠭᠦᠯᠵᠦ᠂ ᠤᠢ ᠮᠣᠳᠣᠨ᠎ᠤ ᠳᠦᠷᠦᠯ᠎ᠢ ᠰᠢᠨᠵᠢᠯᠡᠬᠦ ᠤᠬᠠᠭ᠋ᠠᠨᠴᠢ᠎ᠪᠠᠷ ᠰᠣᠩᠭᠣᠵᠤ᠂ ᠲᠣᠷᠣᠭ ᠮᠣᠳᠣ ᠣᠷᠣᠭᠣᠯᠬᠣ᠎ᠳᠤ ᠲᠤᠬᠠᠢ ᠵᠢᠨ ᠭᠠᠵᠠᠷ᠎ᠲᠤᠨᠢ ᠲᠣᠬᠢᠷᠠᠭᠣᠯᠣᠨ ᠣᠢ᠌ᠵᠢᠭᠣᠯᠣᠨᠠ᠃ ᠨᠤᠲᠤᠭ᠎ᠤᠨ ᠮᠣᠳᠣ ᠬᠡᠷᠡᠭᠯᠡᠬᠦ ᠵᠢ ᠶᠡᠬᠡᠪᠡᠷ ᠳᠡᠯᠭᠡᠷᠡᠭᠦᠯᠵᠦ᠂ ᠬᠣᠯᠢᠮᠠᠭ ᠣᠢ ᠵᠢ ᠢᠳᠡᠪᠬᠢᠲᠡᠶ᠎ᠪᠠᠷ ᠪᠣᠢ ᠪᠣᠯᠭ᠋ᠠᠵᠤ᠂ ᠶᠡᠬᠡ ᠵᠤᠯᠵᠠᠭ᠎ᠠ ᠮᠣᠳᠣ ᠵᠢ ᠶᠡᠬᠡ ᠬᠡᠪᠴᠢᠶ᠎ᠡ᠎ᠪᠠᠷ ᠬᠡᠷᠡᠭᠯᠡᠬᠦ ᠵᠢ ᠴᠢᠩᠭ᠎ᠠ ᠬᠢᠵᠠᠭ᠋ᠠᠷᠯᠠᠵᠤ ᠴᠠᠭ᠋ᠠᠵᠠᠯᠠᠨ᠎ᠠ᠂ ᠪᠦᠳᠦᠭᠦᠨ ᠮᠣᠳᠣ ᠵᠢ ᠰᠢᠯᠵᠢᠭᠦᠯᠦᠨ ᠣᠷᠭᠣᠭᠣᠯᠬᠣ ᠵᠢ ᠴᠢᠩᠭ᠎ᠠ ᠬᠣᠷᠢᠬᠯᠠᠨᠠ᠃ ᠪᠠᠶ᠋ᠢᠭ᠋ᠠᠯᠢ ᠵᠢᠨ ᠤᠢ ᠵᠢᠨ ᠳᠣᠲᠣᠷ᠎ᠠ᠎ᠠᠴᠠ ᠪᠦᠳᠦᠭᠦᠨ ᠮᠣᠳᠣ ᠵᠢ ᠰᠢᠯᠵᠢᠭᠦᠯᠦᠨ ᠤᠷᠭᠤᠭᠤᠯᠵᠣ ᠣᠶ᠋ᠢᠵᠢᠭᠤᠯᠬᠤ ᠵᠢ ᠡᠷᠡᠰ ᠬᠣᠷᠢᠭᠯᠠᠨ᠎ᠠ᠃ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠳᠦᠯ᠎ᠢ ᠦᠨᠡᠨᠬᠦ ᠪᠠᠳᠠᠷᠠᠭᠤᠯᠵᠤ᠂ ᠬᠠᠤᠯᠢ ᠶᠣᠰᠣᠭ᠋ᠠᠷ ᠤᠢ ᠰᠢᠭᠤᠶ ᠵᠢᠨ ᠦᠢ᠍ᠯᠡᠰ ᠡᠷᠬᠢᠯᠡᠬᠦ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠠᠤᠯᠢ ᠲᠣᠭᠲᠠᠭ᠋ᠠᠯ ᠶᠣᠰᠣᠭ᠋ᠠᠷ ᠰᠢᠭᠤᠶ᠋ᠢᠲᠤ ᠭᠠᠵᠠᠷ᠎ᠤᠨ ᠣᠢ ᠮᠣᠳᠣᠨ᠎ᠤ ᠡᠬᠢ ᠪᠠᠶᠠᠯᠢᠭ᠎ᠢ ᠰᠠᠶ᠋ᠢᠲᠤᠷ ᠬᠠᠮᠠᠭ᠋ᠠᠯᠠᠨ᠎ᠠ᠃ ᠮᠤᠨᠢ ᠠᠭᠤᠯᠠ ᠵᠢᠨ ᠨᠤᠭᠤᠭ᠋ᠠᠷᠠᠭᠤᠯᠤᠯᠲᠠ ᠵᠢᠨ ᠣᠨ᠎ᠤ ᠬᠡᠷᠡᠭᠵᠢᠭᠦᠯᠬᠦ ᠲᠥᠰᠦᠯ᠎ᠢ ᠱᠠᠯᠠᠪᠳᠠᠨ ᠨᠠᠶ᠋ᠢᠷᠠᠭᠤᠯᠤᠨ ᠵᠣᠬᠢᠶᠠᠵᠤ᠂ ᠪᠦᠳᠦᠭᠡᠨ ᠪᠠᠶ᠋ᠢᠭᠤᠯᠤᠯᠲᠠ ᠵᠢᠨ ᠠᠬᠢᠴᠠ ᠵᠢ ᠴᠢᠩᠭ᠎ᠠ ᠠᠳᠬᠤᠵᠤ᠂ ᠣᠨ᠎ᠤ ᠪᠥᠳᠥᠭᠡᠨ ᠪᠠᠶ᠋ᠢᠭᠤᠯᠤᠯᠲᠠ ᠵᠢᠨ ᠡᠭᠦᠷᠭᠡ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃ ᠪᠠᠯᠠᠷ ᠤᠢ ᠨᠡᠷᠡᠲᠦ ᠮᠣᠳᠣᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠰᠠᠶ᠋ᠢᠲᠤᠷ ᠬᠢᠵᠦ᠂ ᠬᠣᠪᠣᠷ ᠲᠣᠬᠢᠶᠠᠯ᠎ᠢ ᠠᠳᠬᠤᠨ ᠠᠪᠴᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨᠬᠦ ᠴᠢᠩᠭ᠋ᠠᠳᠬᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠤᠷᠤᠭᠰᠢᠲᠠᠶ ᠶᠠᠪᠤᠭᠳᠠᠬᠤ ᠵᠢ ᠦᠨᠡᠨᠬᠦ ᠪᠠᠲᠤᠯᠠᠭ᠋ᠠᠳ ᠴᠠᠭ ᠲᠤᠬᠠᠶ᠎ᠳᠤᠨᠢ ᠦᠷ᠎ᠡ ᠪᠦᠲᠦᠭᠡᠯ᠎ᠤᠨ ᠮᠠᠲ᠋ᠧᠷᠢᠶᠠᠯ ᠵᠶ᠋ᠠᠨ ᠥᠪᠡᠷᠲᠡᠭᠡᠨ ᠵᠠᠰᠠᠬᠤ ᠣᠷᠣᠨ᠎ᠳᠤ ᠳᠡᠭᠡᠭᠰᠢ ᠮᠡᠳᠡᠭᠦᠯᠦᠨ᠎ᠡ᠃ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠂ ᠬᠣᠲᠠ ᠪᠠᠯᠭ᠋ᠠᠰᠤᠨ ᠵᠢᠴᠢ ᠲᠡᠭᠦᠨ᠎ᠤ ᠡᠷᠬᠢᠨ ᠲᠣᠭᠣᠷᠢᠨ᠂ ᠰᠠᠭᠤᠭ᠋ᠠᠯᠢ ᠠᠷᠠᠳ᠎ᠤᠨ ᠪᠠᠭ᠎ᠠ ᠲᠣᠭᠣᠷᠢᠭ᠂ ᠣᠷᠣᠨ ᠲᠣᠭᠣᠷᠢᠭ᠂ ᠠᠶ᠋ᠢᠯ ᠲᠣᠰᠬᠣᠨ᠂ ᠠᠵᠤ ᠠᠬᠤᠶ᠋ᠢᠯᠠᠯ᠂ ᠪᠠᠶ᠋ᠢᠭᠤᠯᠭ᠎ᠠ ᠨᠢᠭᠡᠴᠡ ᠵᠢᠨ ᠬᠦᠷᠢᠶ᠎ᠡ ᠬᠠᠰᠢᠶ᠎ᠠ᠂ ᠵᠢᠴᠢ ᠰᠠᠭᠤᠭ᠋ᠠᠯᠢ ᠠᠷᠠᠳ᠎ᠤᠨ ᠲᠣᠭᠣᠷᠢᠭ᠎ᠢ ᠨᠣᠭᠣᠭ᠋ᠠᠷᠠᠭᠤᠯᠬᠤ᠎ᠳᠤ ᠢᠳᠡᠪᠬᠢᠲᠡᠶ ᠬᠠᠮᠵᠢᠯᠴᠠᠬᠣ ᠪᠣᠯᠤᠨ᠎ᠠ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠭᠠᠵᠠᠷ᠎ᠤᠨ ᠨᠣᠭᠣᠭ᠋ᠠᠷᠠᠭᠤᠯᠬᠤ ᠺᠣᠮᠢᠰ᠎ᠤᠨ ᠠᠯᠪᠠᠨ ᠭᠡᠷ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠬᠤ᠂ ᠱᠠᠭ᠋ᠠᠷᠳᠠᠨ ᠪᠠᠶ᠋ᠢᠴᠠᠭ᠋ᠠᠬᠤ᠂ ᠰᠢᠭᠦᠮᠵᠢᠯᠡᠨ ᠬᠦᠬᠢᠭᠦᠯᠬᠦ ᠵᠡᠷᠭᠡ ᠡᠷᠬᠡ ᠲᠤᠰᠢᠶᠠᠯ᠎ᠢ ᠦᠨᠡᠨᠬᠦ ᠡᠭᠦᠷᠭᠡᠯᠡᠵᠦ᠂ ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠲᠡᠷᠢᠬᠤ ᠠᠵᠢᠯ᠎ᠢ ᠰᠠᠶ᠋ᠢᠲᠤᠷ ᠬᠢᠨ᠎ᠡ᠃ ᠨᠣᠭᠣᠭ᠋ᠠᠷᠠᠭᠤᠯᠬᠤ ᠳᠡᠰ᠎ᠨᠢ ᠥᠨᠳᠥᠷ᠂ ᠮᠣᠳᠣᠨ᠎ᠤ ᠳᠦᠷᠰᠦ ᠣᠯᠠᠨ ᠬᠣᠲᠠ ᠪᠠᠯᠭ᠋ᠠᠰᠤ᠂ ᠠᠶ᠋ᠢᠯ ᠲᠣᠰᠬᠣᠨ᠎ᠳᠠᠬᠢ ᠲᠥᠪ ᠲᠠᠯᠠᠪᠠᠶ᠂ ᠴᠡᠴᠡᠷᠯᠢᠭ᠂ ᠵᠢᠭᠤᠯᠴᠢᠯᠠᠯ᠎ᠤᠨ ᠴᠡᠴᠡᠷᠯᠢᠭ᠂ ᠰᠣᠶᠣᠯ᠂ ᠪᠡᠶ᠎ᠡ ᠵᠢᠨ ᠲᠠᠮᠢᠷ᠎ᠤᠨ ᠲᠥᠪ ᠵᠡᠷᠭᠡ ᠬᠥᠮᠦᠰ ᠬᠤᠷᠠᠵᠤ ᠴᠤᠭᠯᠠᠷᠠᠬᠤ ᠲᠠᠯᠠᠪᠤᠷ᠎ᠲᠤ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠵᠢᠷᠤᠮᠵᠢᠯ᠎ᠤᠨ ᠫᠠᠶ᠋ᠢᠰᠠ ᠡᠯᠭᠦᠬᠦ ᠠᠵᠢᠯ᠎ᠢ ᠰᠠᠶ᠋ᠢᠲᠤᠷ ᠬᠢᠨ᠎ᠡ᠃ ᠪᠣᠯᠪᠠᠰᠤᠷᠠᠭᠤᠯᠤᠯ᠎ᠤᠨ ᠠᠵᠤ ᠠᠬᠤᠶ᠋ᠢᠯᠠᠯ᠎ᠨᠢ ᠬᠤᠳᠠ ᠪᠠᠯᠭ᠋ᠠᠰᠤᠨ᠎ᠤ ᠭᠣᠣᠯ ᠳᠡᠳ᠋ ᠭᠣᠣᠯ ᠵᠠᠮ᠎ᠤᠨ ᠨᠣᠭᠣᠭ᠋ᠠᠷᠠᠭᠤᠯᠤᠯᠲᠠ᠂ ᠤᠯᠠᠨ ᠨᠡᠢ᠌ᠲᠡ ᠵᠢᠨ ᠨᠣᠭᠣᠭ᠋ᠠᠨ ᠬᠥᠷᠥᠰᠥ ᠵᠡᠷᠭᠡ ᠬᠡᠰᠡᠭ ᠭᠠᠵᠠᠷ᠎ᠲᠤ ᠵᠠᠶ᠋ᠢᠯᠠᠬᠰᠠᠨ ᠮᠣᠳᠣ᠎ᠳᠤ ᠫᠠᠶ᠋ᠢᠰᠠ ᠡᠯᠭᠦᠬᠦ ᠠᠵᠢᠯ᠎ᠢ ᠥᠷᠨᠢᠭᠦᠯᠬᠦ ᠵᠢ ᠵᠢᠯᠣᠭᠣᠳᠣᠨ᠎ᠠ᠃ ᠡᠭᠦᠨ᠎ᠤ ᠬᠠᠮᠲᠤ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠂ ᠣᠷᠣᠨ ᠲᠣᠭᠣᠷᠢᠭ᠂ ᠵᠢᠭᠤᠯᠴᠢᠯᠠᠯ᠎ᠤᠨ ᠦᠵᠡᠮᠵᠢᠲᠦ ᠣᠷᠣᠨ᠂ ᠰᠠᠭᠤᠭ᠋ᠠᠯᠢ ᠠᠷᠠᠳ᠎ᠤᠨ ᠪᠠᠭ᠎ᠠ ᠲᠣᠭᠣᠷᠢᠭ ᠬᠢᠭᠡᠳ ᠰᠦᠮ᠎ᠡ ᠬᠡᠶ᠋ᠢᠳ ᠵᠡᠷᠭᠡ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠨᠢᠭᠡᠴᠢ ᠵᠡᠷᠭᠡ ᠨᠢᠭᠡᠴᠢ ᠵᠢᠨ ᠬᠡᠷᠡᠭᠯᠡᠭᠰᠡᠨ ᠭᠠᠵᠠᠷ᠎ᠤᠨ ᠬᠡᠪᠴᠢᠶᠡᠨ᠎ᠳᠠᠬᠢ ᠮᠣᠳᠣ᠎ᠳᠤ ᠫᠠᠶ᠋ᠢᠰᠠ ᠡᠯᠭᠦᠨ ᠠᠵᠢᠯᠯᠠᠬᠤ ᠠᠵᠢᠯ᠎ᠢ ᠰᠠᠶ᠋ᠢᠲᠤᠷ ᠬᠢᠨ᠎ᠡ᠃