ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠰᠢ ᠵᠢᠨ ᠫᠢᠩ 《ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠳᠠᠭᠤᠨ》 ᠵᠶ᠋ᠠᠷ ᠠᠷᠠᠳ᠎ᠤᠨ ᠰᠡᠳᠬᠢᠯ᠎ᠢ ᠨᠡᠪᠲᠡᠷᠡᠭᠦᠯᠬᠦ 《ᠬᠥᠭᠥᠷᠭᠡ ᠲᠠᠯᠪᠢᠨ᠎ᠠ》
ᠨᠡᠶ᠋ᠢᠲᠡᠯᠡᠭᠰᠡᠨ ᠴᠠᠭ᠄ 2018-06-04

     6 ᠰᠠᠷ᠎ᠠ ᠵᠢᠨ 1᠎ᠤ ᠡᠳᠦᠷ᠂ ᠱᠠᠩᠬᠠᠶ ᠵᠢᠨ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ (ᠳᠣᠷᠣᠭᠰᠢ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠭᠡᠵᠦ ᠲᠣᠪᠴᠢᠯᠠᠨ᠎ᠠ) ᠵᠢᠨ ᠠᠩᠬᠠᠳᠤᠭ᠋ᠠᠷ ᠬᠤᠭᠤᠴᠠᠭ᠋ᠠᠨ᠎ᠤ ᠵᠠᠭᠤᠴᠢᠯᠠᠭᠤᠷ᠎ᠤᠨ ᠲᠦᠷᠦᠭᠦᠴᠦᠳ᠎ᠤᠨ ᠬᠤᠷᠠᠯ᠎ᠢ ᠪᠡᠭᠡᠵᠢᠩ᠎ᠳᠤ ᠬᠤᠷᠠᠯᠳᠤᠪᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠠᠶᠠᠷ᠎ᠤᠨ ᠵᠠᠬᠢᠳᠠᠯ ᠢᠯᠡᠭᠡᠵᠡᠶ᠃ 《ᠰᠣᠨᠢᠨ ᠮᠡᠳᠡᠭᠡᠨ᠎ᠤ ᠬᠠᠮᠲᠤᠷᠠᠭᠰᠠᠨ ᠨᠡᠪᠲᠡᠷᠡᠭᠦᠯᠭᠡ》 ᠲᠦᠷᠦᠭᠦᠦ ᠵᠤᠷᠪᠤᠰ ᠵᠶ᠋ᠠᠷ ᠪᠠᠶᠠᠷ᠎ᠤᠨ ᠵᠠᠬᠢᠳᠠᠯ᠎ᠤᠨ ᠪᠦᠬᠥ ᠠᠭᠤᠯᠭ᠎ᠠ ᠵᠢ ᠨᠡᠶ᠋ᠢᠲᠡᠯᠡᠭᠰᠡᠨ ᠪᠠᠶ᠋ᠢᠨ᠎ᠠ᠃ ᠦᠭᠡᠢ᠎ᠠᠴᠠ ᠪᠠᠶ᠋ᠢᠬᠤ ᠪᠤᠯᠤᠭᠰᠠᠨ᠎ᠨᠢ᠂ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠵᠠᠭᠤᠴᠢᠯᠠᠭᠤᠷ᠎ᠤᠨ ᠲᠦᠷᠦᠭᠦᠴᠦᠳ᠎ᠤᠨ ᠬᠤᠷᠠᠯ᠎ᠳᠤ ᠶᠡᠷᠦ ᠪᠤᠰᠤ ᠵᠢᠨ ᠠᠴᠢ ᠬᠣᠯᠪᠣᠭᠳᠠᠯ ᠣᠯᠣᠭᠣᠭᠰᠠᠨ ᠶᠤᠮ᠃ ᠡᠭᠦᠨ᠎ᠤ ᠤᠳᠬ᠎ᠠ᠎ᠨᠢ ᠱᠠᠩᠬᠠᠶ ᠵᠢᠨ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ ᠵᠢᠨ ᠰᠣᠶᠣᠯ ᠢᠷᠭᠡᠨᠰᠢᠯ᠎ᠤᠨ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ ᠪᠥᠭᠡᠳ ᠵᠣᠬᠢᠶᠠᠨ ᠪᠠᠶ᠋ᠢᠭᠤᠯᠤᠯᠲᠠ ᠵᠢᠨ ᠬᠦᠴᠦᠨ ᠵᠶ᠋ᠠᠨ ᠨᠢᠭᠲᠠᠷᠠᠭᠤᠯᠬᠤ᠎ᠳᠤ ᠢᠳᠡᠪᠬᠢᠲᠡᠶ ᠦᠢ᠍ᠯᠡᠳᠦᠯ ᠵᠶ᠋ᠠᠨ ᠪᠠᠳᠠᠷᠠᠭᠤᠯᠣᠨ᠎ᠠ᠃
      ᠤᠯᠤᠰ ᠣᠷᠣᠨ᠎ᠤ ᠬᠠᠷᠢᠴᠠᠭ᠎ᠠ᠎ᠨᠢ ᠠᠷᠠᠳ᠎ᠤᠨ ᠳᠣᠲᠣᠨᠣ ᠬᠠᠷᠢᠯᠴᠠᠭ᠎ᠠ᠎ᠳᠤ ᠪᠤᠢ᠂ ᠠᠷᠠᠳ ᠢᠷᠭᠡᠳ᠎ᠤᠨ ᠳᠣᠲᠣᠨᠣᠰᠣᠭ ᠬᠠᠷᠢᠴᠠᠭ᠎ᠠ᠎ᠨᠢ ᠰᠡᠳᠬᠢᠯ ᠵᠢᠷᠦᠬᠡᠨ᠎ᠤ ᠬᠤᠯᠪᠤᠭ᠋ᠠᠰᠣᠨ᠎ᠳᠤ ᠪᠠᠢ᠌ᠳᠠᠭ ᠶᠤᠮ᠃ ᠦᠭᠡᠢ᠎ᠠᠴᠠ ᠪᠠᠶ᠋ᠢᠬᠤ ᠪᠤᠯᠤᠭᠰᠠᠨ᠎ᠨᠢ ᠠᠩᠬᠠᠳᠠᠭᠴᠢ 《ᠠᠩᠬᠠᠳᠤᠭ᠋ᠠᠷ ᠬᠤᠭᠤᠴᠠᠭ᠎ᠠ》 ᠪᠢᠰᠢ᠃ ᠣᠳᠣ ᠪᠢᠳᠡ ᠬᠠᠮᠲᠤ᠎ᠪᠠᠷ ᠰᠢ ᠵᠢᠨ ᠫᠢᠩ᠎ᠤᠨ ᠳᠣᠷᠠᠳᠣᠭᠰᠠᠨ 《ᠱᠠᠩᠬᠠᠶ ᠵᠢᠨ ᠬᠠᠮᠲᠤᠷᠠᠯᠴᠠᠭ᠋ᠠᠨ᠎ᠤ ᠳᠠᠭᠤᠨ》᠎ᠢ ᠣᠶ᠋ᠢᠯᠠᠭ᠋ᠠᠵᠤ᠂ ᠳᠤᠮᠳᠠᠳᠤ ᠤᠯᠤᠰ ᠦᠢ᠍ᠯᠡ ᠠᠵᠢᠯᠯᠠᠭ᠎ᠠ᠎ᠪᠠᠷ ᠵᠶ᠋ᠠᠨ ᠳᠡᠯᠡᠬᠡᠶ ᠳ᠋ᠠᠬᠢᠨ᠎ᠳᠤ ᠶᠠᠮᠠᠷᠬᠠᠨ 《ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠦᠯᠢᠭᠡᠷ》 ᠶᠠᠷᠢᠬᠤ ᠵᠢ ᠣᠶ᠋ᠢᠯᠠᠭ᠋ᠠᠶ᠎ᠠ᠃

      ᠠᠷᠠᠳ᠎ᠤᠨ ᠰᠡᠳᠬᠢᠯ ᠵᠢᠷᠦᠬᠡᠨ᠎ᠤ ᠣᠶ᠋ᠢᠷᠠᠲᠤᠯᠴᠠᠭ᠎ᠠ ᠵᠢ ᠠᠬᠢᠭᠤᠯᠬᠤ᠎ᠳᠤ᠂ ᠵᠠᠭᠤᠴᠢᠯᠠᠭᠤᠷ᠎ᠤᠨ ᠣᠷᠣ ᠰᠤᠯᠠ ᠪᠤᠯᠵᠤ ᠪᠤᠯᠬᠤ ᠦᠭᠡᠢ      

      ᠳᠤᠮᠳᠠᠳᠤ ᠭᠠᠳᠠᠭ᠋ᠠᠳᠤ ᠵᠢ ᠬᠣᠯᠪᠣᠵᠣ᠂ ᠳᠡᠯᠡᠬᠡᠶ᠎ᠲᠠᠢ ᠤᠢ᠌ᠯᠠᠭ᠋ᠠᠯᠴᠠᠨ᠎ᠠ᠃ ᠣᠳᠣᠬᠠᠨ᠎ᠤ ᠳᠡᠯᠡᠬᠡᠶ ᠶᠢᠷᠲᠢᠨᠴᠦ᠎ᠳᠤ᠂ ᠨᠡᠶ᠋ᠢᠭᠡᠮ᠎ᠤᠨ ᠮᠡᠳᠡᠭᠡ ᠵᠠᠩᠭᠢᠵᠢᠯᠲᠠ ᠦᠳᠲᠡᠷ ᠲᠦᠷᠭᠡᠨ ᠬᠥᠭᠵᠢᠵᠦ᠂ ᠵᠠᠭᠤᠴᠢᠯᠠᠭᠤᠷ᠎ᠤᠳ ᠡᠯ᠎ᠡ ᠤᠯᠤᠰ᠎ᠤᠨ ᠠᠷᠠᠳ ᠲᠦᠮᠡᠨ᠎ᠤ ᠰᠡᠳᠬᠢᠯ ᠵᠢᠷᠦᠬᠡᠨ᠎ᠤ ᠣᠶ᠋ᠢᠷᠠᠲᠤᠯᠴᠠᠭ᠎ᠠ ᠵᠢ ᠠᠬᠢᠭᠤᠯᠬᠤ᠎ᠳᠤ ᠤᠯᠠᠮ᠎ᠠᠴᠠ ᠤᠯᠠᠮ ᠴᠢᠬᠤᠯᠠ ᠦᠢ᠍ᠯᠡᠳᠦᠯ ᠦᠵᠡᠭᠦᠯᠵᠦ ᠪᠠᠶ᠋ᠢᠨ᠎ᠠ᠃

     2017 ᠣᠨ᠎ᠤ 6 ᠰᠠᠷ᠎ᠠ ᠵᠢᠨ 9᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠺᠠᠽᠠᠬᠰᠲ᠋ᠠᠠ᠎ᠤ ᠨᠡᠶ᠋ᠢᠰᠯᠡᠯ ᠠᠰᠲ᠋ᠠᠨᠠ᠎ᠳᠤ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠨ ᠲᠦᠷᠦᠭᠦᠴᠦᠳ᠎ᠤᠨ ᠬᠡᠷᠡᠭ ᠡᠷᠬᠢᠯᠡᠭᠴᠢᠳ᠎ᠤᠨ ᠵᠥᠪᠯᠡᠯ᠎ᠤᠨ ᠠᠷᠪᠠᠨ ᠳᠣᠯᠣᠳᠤᠭ᠋ᠠᠷ ᠤᠳᠠᠭ᠋ᠠᠨ᠎ᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠠᠶ᠃ (ᠵᠢᠷᠤᠭ᠎ᠤᠨ ᠢᠷᠡᠯᠲᠡ᠄ ᠰᠢᠨᠬᠤᠸᠠ ᠰᠦᠯᠵᠢᠶ᠎ᠡ)
     2017 ᠣᠨ᠎ᠤ 6 ᠰᠠᠷ᠎ᠠ ᠵᠢᠨ 9᠎ᠤ ᠡᠳᠦᠷ᠂ ᠰᠢ ᠵᠢᠨ ᠫᠢᠩ ᠠᠰᠲ᠋ᠠᠨᠠ᠎ᠳᠤ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠳ᠎ᠤᠨ ᠲᠦᠷᠦᠭᠦᠴᠦᠳ᠎ᠤᠨ ᠬᠡᠷᠡᠭ ᠡᠷᠬᠢᠯᠡᠭᠴᠢᠳ᠎ᠤᠨ ᠠᠷᠪᠠᠨ ᠳᠣᠯᠣᠳᠤᠭ᠋ᠠᠷ ᠣᠳᠠᠭ᠋ᠠᠨ᠎ᠤ ᠬᠤᠷᠠᠯᠳᠤᠭ᠋ᠠᠨ ᠳᠡᠭᠡᠷ᠎ᠡ᠂ 《ᠪᠦᠯᠬᠦᠮᠳᠡᠨ ᠬᠠᠮᠵᠢᠯᠴᠠᠵᠤ᠂ ᠨᠡᠭᠡᠭᠡᠯᠲᠡᠲᠡᠶ ᠪᠠᠭᠲᠠᠭ᠋ᠠᠮᠵᠢᠲᠠᠶ ᠠᠮᠤᠷ ᠲᠦᠪᠰᠢᠨ ᠲᠣᠭᠲᠠᠭᠤᠨ ᠪᠠᠶ᠋ᠢᠯᠭ᠋ᠠᠵᠤ᠂ ᠬᠦᠭᠵᠢᠨ ᠴᠡᠴᠡᠭᠯᠡᠯᠲᠤ ᠬᠠᠮᠲᠤ ᠵᠢᠨ ᠬᠡᠷ ᠣᠷᠣᠨ᠎ᠢ ᠪᠠᠢ᠌ᠭᠤᠯᠤᠶ᠎ᠠ》 ᠭᠡᠰᠡᠨ ᠰᠡᠳᠦᠪ ᠵᠶ᠋ᠠᠷ ᠴᠢᠬᠤᠯᠠ ᠶᠠᠷᠢᠶ᠎ᠠ ᠲᠠᠯᠪᠢᠵᠤ᠂ ᠵᠠᠭᠤᠴᠢᠯᠠᠭᠤᠷ᠎ᠤᠨ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠨ᠎ᠠᠴᠠ ᠰᠠᠨᠠᠭ᠋ᠠᠴᠢᠯᠠᠨ ᠪᠠᠶ᠋ᠢᠭᠤᠯᠵᠤ᠂ 《ᠠᠷᠠᠳ᠎ᠤᠨ ᠰᠡᠳᠬᠢᠯ ᠵᠢᠷᠦᠬᠡᠨ᠎ᠤ ᠣᠶ᠋ᠢᠷᠠᠲᠤᠯᠴᠠᠭ᠎ᠠ ᠵᠢ ᠠᠬᠢᠭᠤᠯᠬᠤ᠎ᠳᠤ᠂ ᠵᠠᠭᠤᠴᠢᠯᠠᠭᠤᠷ᠎ᠤᠨ ᠣᠷᠣ ᠰᠤᠯᠠ ᠪᠤᠯᠵᠤ ᠪᠤᠯᠬᠤ ᠦᠭᠡᠢ》 ᠭᠡᠵᠤ ᠵᠢᠭ᠋ᠠᠵᠤ ᠭᠠᠷᠭ᠋ᠠᠭᠰᠠᠨ ᠶᠤᠮ᠃ ᠨᠢᠭᠡ ᠵᠢᠯ᠎ᠤᠨ ᠳᠠᠷᠠᠭ᠎ᠠ᠂ ᠰᠣᠶᠣᠯ ᠢᠷᠭᠡᠨᠰᠢᠯ᠎ᠤᠨ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ ᠵᠢᠨ ᠲᠥᠯᠥᠭᠡ᠂ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠵᠠᠭᠤᠴᠢᠯᠠᠭᠤᠷ᠎ᠤᠨ ᠲᠡᠷᠢᠭᠦᠨ ᠨᠡᠷ᠎ᠤᠨ ᠬᠤᠷᠠᠯ ᠵᠢᠩᠬᠢᠨᠢ᠎ᠪᠠᠷ ᠶᠠᠪᠤᠭᠳᠠᠪᠠ᠃
      ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠵᠠᠭᠤᠴᠢᠯᠠᠭᠤᠷ᠎ᠤᠨ ᠲᠦᠷᠦᠭᠦᠴᠦᠳ᠎ᠤᠨ ᠬᠤᠷᠠᠯ᠎ᠳᠤ᠂ ᠰᠢ ᠵᠢᠨ ᠫᠢᠩ ᠪᠠᠶᠠᠷ᠎ᠤᠨ ᠵᠠᠬᠢᠳᠠᠯ ᠢᠯᠡᠭᠡᠪᠠ᠃ ᠲᠡᠷᠡ ᠴᠢᠬᠤᠯᠠᠴᠢᠯᠠᠭᠰᠠᠨ᠎ᠨᠢ᠂ ᠳᠤᠮᠳᠠᠳᠤ ᠤᠯᠤᠰ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠬᠥᠭᠵᠢᠯᠲᠡ ᠵᠢ ᠡᠷᠡᠰ ᠳᠡᠮᠵᠢᠵᠦ᠂ ᠳᠤᠷᠠᠲᠠᠶ᠎ᠠ ᠡᠯ᠎ᠡ ᠲᠠᠯ᠎ᠠ ᠵᠢᠨ᠎ᠬᠢᠨ᠎ᠲᠠᠢ ᠭᠠᠷ ᠬᠣᠯᠪᠣᠨ ᠤᠷᠤᠭᠰᠢᠯᠠᠵᠤ᠂ ᠨᠢᠬᠲᠠ ᠴᠢᠩᠭ᠎ᠠ ᠭᠠᠵᠠᠷ ᠣᠷᠣᠨ᠎ᠳᠤ ᠬᠤᠪᠢ ᠵᠠᠶᠠᠭ᠎ᠠ ᠨᠢᠭᠡᠲᠡᠶ ᠬᠠᠮᠲᠤ ᠵᠢᠨ ᠴᠣᠭᠴᠠ ᠪᠠᠶ᠋ᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠲᠦᠯᠬᠢᠨ ᠠᠬᠢᠭᠤᠯᠤᠨ᠎ᠠ᠃
      ᠵᠠᠭᠤᠴᠢᠯᠠᠭᠤᠷ᠎ᠨᠢ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠡᠯ᠎ᠡ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠂ ᠠᠷᠠᠳ᠎ᠤᠨ ᠰᠡᠳᠬᠢᠯ ᠵᠢᠷᠦᠬᠡᠨ᠎ᠤ ᠣᠶ᠋ᠢᠷᠠᠲᠤᠯᠴᠠᠭ᠎ᠠ ᠵᠢ ᠠᠬᠢᠭᠤᠯᠬᠣ ᠴᠢᠬᠤᠯᠠ 《ᠬᠥᠭᠥᠷᠭᠡ》 ᠪᠤᠯᠤᠭᠰᠠᠨ ᠬᠣᠪᠢ᠎ᠳᠤ᠂ ᠰᠢ ᠵᠢᠨ ᠫᠢᠩ ᠭᠤᠷᠪᠠᠨ 《ᠵᠠᠩᠭᠢᠯᠠᠭ᠎ᠠ ᠵᠢᠨ ᠦᠭᠡ》᠎ᠪᠠᠷ ᠲᠡᠭᠦᠨ᠎ᠤ ᠬᠥᠭᠵᠢᠯᠲᠡ ᠵᠢᠨ ᠴᠢᠭᠯᠡᠯ᠎ᠢ ᠲᠣᠭᠲᠠᠭ᠋ᠠᠪᠠ᠂ ᠲᠤᠬᠠᠶ᠋ᠢᠯᠠᠪᠠᠯ᠄ 《ᠱᠠᠩᠬᠠᠶ ᠵᠢᠨ ᠵᠣᠷᠢᠭ ᠰᠠᠨᠠᠭ᠎ᠠ》 ᠵᠢ ᠪᠠᠳᠠᠷᠠᠭᠤᠯᠤᠨ ᠮᠠᠨᠳᠤᠭᠤᠯᠤᠭᠴᠢ᠂ ᠪᠣᠳᠠᠲᠤ ᠠᠵᠢᠯᠯᠠᠭ᠎ᠠ ᠵᠢ ᠡᠷᠬᠢᠮᠯᠡᠬᠦ ᠬᠠᠮᠲᠤᠷᠠᠯᠴᠠᠭ᠎ᠠ ᠵᠢ ᠨᠡᠭᠡᠭᠡᠭᠴᠢ᠂ ᠠᠷᠠᠳ ᠲᠦᠮᠡᠨ᠎ᠤ ᠨᠥᠬᠥᠷᠰᠡᠭ᠎ᠢ ᠳᠡᠯᠭᠡᠷᠡᠭᠦᠯᠦᠨ ᠲᠠᠷᠬᠠᠭ᠋ᠠᠭᠴᠢ ᠪᠤᠯᠬᠤ᠎ᠪᠠᠷ ᠴᠢᠷᠮᠠᠢ᠌ᠨ᠎ᠠ᠃
      ᠮᠡᠳᠡᠭᠡᠵᠢ᠎ᠪᠠᠷ᠂ ᠲᠤᠰ ᠤᠳᠠᠭ᠎ᠠ ᠵᠢᠨ ᠲᠦᠷᠦᠭᠦᠴᠦᠳ᠎ᠤᠨ ᠬᠤᠷᠠᠯ᠎ᠳᠤ ᠠᠯᠢ ᠣᠯᠠᠨ ᠵᠠᠭᠤᠴᠢᠯᠠᠭᠤᠷ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢᠨ ᠭᠡᠷ᠎ᠡ ᠪᠠ ᠰᠠᠨᠠᠭᠤᠯᠤᠮᠵᠢ ᠲᠤᠭᠲᠠᠪᠠ᠃ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ᠎ᠠᠴᠠ ᠢᠷᠡᠭᠰᠡᠨ ᠡᠯ᠎ᠡ ᠤᠯᠤᠰ᠎ᠤᠨ ᠰᠣᠨᠢᠨ ᠮᠡᠳᠡᠭᠡᠨ᠎ᠤ ᠬᠡᠷᠡᠭ ᠶᠠᠪᠤᠳᠠᠯ᠎ᠤᠨ ᠰᠠᠯᠠᠭ᠎ᠠ ᠮᠥᠴᠢᠷ ᠪᠠ ᠭᠣᠣᠯ ᠴᠢᠬᠣᠯᠠ ᠵᠠᠭᠤᠴᠢᠯᠠᠭᠤᠷ᠎ᠤᠨ ᠬᠠᠷᠢᠭᠤᠴᠠᠯᠭ᠋ᠠᠲᠠᠨ ᠵᠢᠴᠢ ᠬᠣᠯᠪᠣᠭᠳᠠᠯ ᠪᠦᠬᠦᠢ ᠲᠠᠯ᠎ᠠ ᠵᠢᠨ ᠲᠥᠯᠥᠭᠡᠯᠡᠭᠴᠢ ᠨᠡᠶ᠋ᠢᠲᠡ 260 ᠭᠠᠷᠤᠶ ᠬᠥᠮᠦᠨ ᠬᠤᠷᠠᠯ ᠡᠬᠢᠯᠡᠬᠦ ᠶᠣᠰᠣᠯᠠᠯ᠎ᠳᠤ ᠣᠷᠣᠯᠴᠠᠪᠠ᠃
     《ᠠᠷᠠᠳ ᠤᠯᠠᠨ ᠵᠶ᠋ᠠᠷ ᠵᠶ᠋ᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠪᠠᠯ ᠮᠠᠰᠢ ᠬᠦᠴᠦᠷᠬᠡᠭ ᠪᠤᠯᠤᠨ᠎ᠠ》 ᠭᠡᠬᠦ ᠠᠷᠠᠳ᠎ᠤᠨ ᠰᠡᠳᠬᠢᠯ᠎ᠢ ᠨᠡᠪᠲᠡᠷᠡᠭᠦᠯᠬᠦ 《ᠬᠥᠭᠥᠷᠭᠡ ᠲᠠᠯᠪᠢᠪᠠ》
     2001 ᠣᠨ᠎ᠤ 6 ᠰᠠᠷ᠎ᠠ ᠵᠢᠨ 15᠎ᠤ ᠡᠳᠦᠷ᠂ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠳ᠎ᠤᠨ ᠲᠡᠷᠢᠭᠦᠨ ᠨᠡᠷ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ᠎ᠢ ᠳᠤᠮᠳᠠᠳᠤ ᠤᠯᠤᠰ᠎ᠤᠨ ᠱᠠᠩᠬᠠᠶ᠎ᠳᠤ ᠬᠤᠷᠠᠯᠳᠤᠪᠠ᠃ ᠬᠤᠷᠠᠯ ᠳᠡᠭᠡᠷ᠎ᠡ᠂ ᠵᠢᠷᠭᠤᠭ᠋ᠠᠨ ᠤᠯᠤᠰ᠎ᠤᠨ ᠲᠦᠷᠦᠭᠦᠴᠦᠳ᠎ᠠᠴᠠ 《ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠭᠳᠠᠭᠰᠠᠨ ᠲᠤᠩᠬᠠᠭ》᠎ᠲᠤ ᠭᠠᠷ᠎ᠤᠨ ᠦᠰᠦᠭ ᠵᠢᠷᠤᠵᠤ᠂   ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠩᠬᠢᠨᠢ᠎ᠪᠠᠷ ᠪᠠᠶ᠋ᠢᠭᠤᠯᠤᠭᠳᠠᠬᠰᠠᠨ᠎ᠢ ᠲᠤᠩᠬᠠᠬᠯᠠᠪᠠ᠃

      ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠭᠳᠠᠭᠰᠠᠨ 17 ᠵᠢᠯ᠎ᠤᠨ ᠲᠤᠷᠰᠢ᠂ ᠶᠡᠷᠦ ᠪᠤᠰᠤ ᠵᠢᠨ ᠬᠥᠭᠵᠢᠯᠲᠡ ᠵᠢᠨ ᠥᠩᠭᠡᠷᠡᠯᠲᠡ᠎ᠲᠠᠢ ᠪᠠᠶ᠋ᠢᠨ᠎ᠠ᠂ ᠠᠭ᠋ᠠᠵᠢᠮ ᠵᠶ᠋ᠠᠷ ᠳᠡᠯᠡᠬᠡᠶ ᠳᠡᠭᠡᠷ᠎ᠡ ᠬᠥᠮᠦᠨ ᠠᠮᠠ᠎ᠪᠠᠷ ᠬᠠᠮᠤᠭ ᠤᠯᠠᠨ᠂ ᠭᠠᠵᠠᠷ ᠣᠷᠣᠨ ᠬᠠᠮᠤᠭ᠎ᠤᠨ ᠥᠷᠭᠡᠨ᠂ ᠳᠠᠯᠳᠠ ᠬᠦᠴᠦᠨ ᠯᠤᠲᠤ ᠶᠡᠬᠡ ᠶᠡᠷᠦᠩᠬᠡᠶ᠋ᠢᠯᠡᠭᠰᠡᠨ ᠴᠢᠨᠠᠷᠲᠠᠶ᠂ ᠣᠷᠣᠨ ᠪᠦᠰᠡ ᠵᠢᠨ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ ᠪᠤᠯᠤᠨ ᠬᠥᠭᠵᠢᠪᠡ᠃ ᠡᠭᠦᠨ᠎ᠤ ᠬᠠᠮᠲᠤ ᠭᠤᠷᠪᠠᠨ ᠶᠡᠬᠡ ᠲᠤᠯᠭ᠋ᠠᠭᠤᠷ ᠲᠣᠭᠲᠠᠭ᠋ᠠᠪᠠ᠂ ᠥᠭᠡᠷ᠎ᠡ᠎ᠪᠠᠷ ᠬᠡᠯᠡᠪᠡᠯ ᠠᠮᠤᠷ ᠲᠦᠪᠰᠢᠨ᠂ ᠠᠵᠤ ᠠᠬᠣᠢ᠂ ᠰᠣᠶᠣᠯ ᠢᠷᠭᠡᠨᠰᠢᠯ᠎ᠤᠨ ᠭᠤᠷᠪᠠᠨ ᠭᠣᠣᠯᠳᠠᠯᠭ᠎ᠠ᠎ᠲᠠᠢ ᠬᠠᠮᠲᠤᠷᠠᠨ ᠠᠵᠢᠯᠯᠠᠬᠤ ᠬᠦᠷᠢᠶ᠎ᠡ ᠬᠡᠪᠴᠢᠶ᠎ᠡ᠂ ᠬᠦᠴᠦᠲᠡᠶ ᠬᠠᠮᠲᠤᠷᠠᠨ ᠠᠵᠢᠯᠯᠠᠬᠤ ᠬᠡᠪ ᠵᠠᠭᠪᠤᠷ᠎ᠢ ᠪᠤᠢ ᠪᠣᠯᠭ᠋ᠠᠭᠰᠠᠨ ᠪᠠᠶ᠋ᠢᠨ᠎ᠠ᠃ ᠡᠳᠦᠭᠡ᠂ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠳ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠦᠬᠦ ᠦᠷᠲᠡᠭ᠎ᠤᠨ ᠶᠡᠷᠦᠩᠬᠡᠶ ᠨᠡᠶ᠋ᠢᠯᠡᠪᠦᠷᠢ᠎ᠨᠢ 16 ᠲᠦᠮᠡᠨ ᠳ᠋ᠣᠯᠯᠠᠷ᠎ᠠᠴᠠ ᠳᠠᠪᠠᠵᠣ᠂ ᠪᠦᠬᠦ ᠪᠥᠮᠪᠥᠷᠴᠡᠭ᠎ᠤᠨ 20%᠎ᠠᠴᠠ ᠳᠡᠭᠡᠭᠰᠢᠬᠢ ᠵᠢ ᠡᠵᠡᠯᠡᠭᠰᠡᠨ ᠪᠠᠶ᠋ᠢᠨ᠎ᠠ᠃

     2014 ᠣᠨ᠎ᠤ 9 ᠰᠠᠷ᠎ᠠ ᠵᠢᠨ 12᠎ᠤ ᠡᠳᠦᠷ᠂ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠨ   ᠲᠦᠷᠦᠭᠦᠴᠦᠳ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ ᠠᠷᠪᠠᠨ ᠳᠥᠷᠪᠡᠳᠦᠭᠡᠷ ᠣᠳᠠᠭ᠋ᠠᠨ᠎ᠤ ᠬᠤᠷᠠᠯᠳᠤᠭ᠋ᠠᠨ᠎ᠨᠢ ᠲᠠᠵᠢᠺᠰᠲ᠋ᠠᠨ᠎ᠤ ᠨᠡᠶ᠋ᠢᠰᠯᠡᠯ ᠲᠦᠱ᠌ᠠᠨᠪᠸ᠎ᠳᠤ ᠬᠤᠷᠠᠯᠳᠤᠪᠠ᠃ ᠵᠢᠷᠤᠭ ᠪᠣᠯ ᠰᠢ ᠵᠢᠨ ᠫᠢᠩ ᠬᠤᠷᠠᠯ᠎ᠳᠤ ᠣᠷᠣᠯᠴᠠᠵᠤ ᠪᠠᠶ᠋ᠢᠭ᠎ᠠ ᠮᠦᠷᠲᠡᠭᠡᠨ ᠴᠢᠬᠤᠯᠠ ᠶᠠᠷᠢᠶ᠎ᠠ ᠲᠠᠯᠪᠢᠵᠣ ᠪᠠᠢ᠌ᠭ᠎ᠠ᠎ᠨᠢ (ᠵᠢᠷᠤᠭ᠎ᠤᠨ ᠢᠷᠡᠯᠲᠡ᠄ ᠰᠢᠨᠬᠤᠸᠠ ᠰᠦᠯᠵᠢᠶ᠎ᠡ)
     《ᠠᠷᠠᠳ ᠤᠯᠠᠨ ᠵᠶ᠋ᠠᠷ ᠵᠶ᠋ᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠪᠠᠯ ᠮᠠᠰᠢ ᠬᠦᠴᠦᠷᠬᠡᠭ ᠪᠤᠯᠤᠨ᠎ᠠ》᠃ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠢᠷᠡᠭᠡᠳᠦᠶ᠎ᠨᠢ ᠡᠴᠦᠰ᠎ᠲᠡᠭᠡᠨ ᠲᠤᠰ ᠵᠣᠬᠢᠶᠠᠨ ᠪᠠᠶ᠋ᠢᠭᠤᠯᠤᠯᠲᠠ ᠵᠢᠨ ᠡᠯ᠎ᠡ ᠤᠯᠤᠰ᠎ᠤᠨ ᠠᠷᠠᠳ ᠲᠦᠮᠡᠨ᠎ᠤ ᠭᠠᠷ᠎ᠲᠤ ᠪᠤᠢ᠃ 2014 ᠣᠨ᠎ᠤ 9   ᠰᠠᠷ᠎ᠠ ᠵᠢᠨ 12᠎ᠤ ᠡᠳᠦᠷ᠂ ᠰᠢ ᠵᠢᠨ ᠫᠢᠩ ᠲᠠᠵᠢᠺᠰᠲ᠋ᠠᠨ᠎ᠤ ᠨᠡᠶ᠋ᠢᠰᠯᠡᠯ ᠲᠦᠱ᠌ᠠᠨᠪᠸ᠎ᠳᠤ ᠬᠤᠷᠠᠯᠳᠤᠬᠰᠠᠨ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠨ ᠲᠦᠷᠦᠭᠦᠴᠦᠳ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ ᠠᠷᠪᠠᠨ ᠳᠥᠷᠪᠡᠳᠦᠭᠡᠷ ᠣᠳᠠᠭ᠋ᠠᠨ᠎ᠤ ᠬᠤᠷᠠᠯᠳᠤᠭ᠋ᠠᠨ ᠳᠡᠭᠡᠷ᠎ᠡ 《ᠰᠡᠳᠬᠢᠯ ᠵᠶ᠋ᠠᠨ ᠨᠢᠭᠲᠠᠷᠠᠭᠤᠯᠤᠨ ᠬᠦᠴᠦᠨ ᠵᠶ᠋ᠠᠨ ᠲᠥᠪᠯᠡᠷᠡᠭᠦᠯᠵᠦ ᠦᠨᠡᠨᠴᠢ᠎ᠪᠠᠷ ᠬᠠᠮᠵᠢᠯᠴᠠᠬᠤ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢ ᠲᠠᠬᠢᠨ ᠰᠢᠨ᠎ᠡ ᠳᠡᠭᠲᠡᠷ᠎ᠲᠤ ᠭᠠᠷᠭ᠋ᠠᠶ᠎ᠠ》 ᠭᠡᠰᠡᠨ ᠴᠢᠬᠤᠯᠠ ᠶᠠᠷᠢᠶ᠎ᠠ ᠲᠠᠯᠪᠢᠵᠤ᠂ ᠠᠷᠠᠳ᠎ᠤᠨ ᠰᠡᠳᠬᠢᠯ ᠵᠢᠷᠦᠬᠡᠨ᠎ᠤ ᠣᠶ᠋ᠢᠷᠠᠲᠤᠯᠴᠠᠭ᠎ᠠ ᠵᠢ ᠠᠬᠢᠭᠤᠯᠬᠣ ᠵᠣᠷᠢᠯᠲᠠ ᠵᠢ ᠪᠠᠷᠢᠮᠲᠠᠯᠠᠬᠤ ᠵᠢ ᠴᠢᠬᠤᠯᠠᠴᠢᠯᠠᠪᠠ᠃
      ᠲᠡᠦᠬᠡᠴᠢᠯᠡᠨ ᠠᠵᠢᠭᠯᠠᠪᠠᠯ᠂ ᠰᠢ ᠵᠢᠨ ᠫᠢᠩ ᠲᠡᠷᠢᠭᠦᠯᠡᠭᠴᠢ ᠵᠢᠨ ᠲᠠᠪᠤᠨ ᠵᠢᠯ᠎ᠤᠨ ᠲᠤᠷᠰᠢᠬᠢ ᠱᠠᠩᠬᠠᠶ ᠵᠢᠨ ᠬᠠᠮᠲᠤᠷᠠᠯᠴᠠᠭ᠋ᠠᠨ᠎ᠤ ᠲᠦᠷᠦᠭᠦᠴᠦᠳ᠎ᠤᠨ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ᠎ᠨᠢ ᠭᠤᠷᠪᠠᠨ ᠲᠤᠮᠦ ᠲᠤᠯᠭ᠋ᠠᠭᠤᠷ᠎ᠤᠨ ᠨᠢᠭᠡ᠎ᠨᠢ ᠪᠣᠯᠤᠭᠰᠠᠨ 《ᠰᠣᠶᠣᠯ ᠢᠷᠭᠡᠨᠰᠢᠯ》᠎ᠤᠨ ᠬᠦᠷᠢᠶᠡᠨ᠎ᠳᠤ ᠵᠣᠬᠢᠶᠠᠨ ᠪᠠᠶ᠋ᠢᠭᠤᠯᠤᠯᠲᠠ ᠵᠢᠨ ᠬᠥᠭᠵᠢᠭᠦᠯᠦᠯᠲᠡ ᠵᠢᠨ 《ᠬᠥᠭᠥᠷᠭᠡ》 ᠭᠡᠵᠤ ᠨᠡᠷᠡᠯᠡᠭᠳᠡᠨ᠂ ᠠᠷᠠᠳ᠎ᠤᠨ ᠰᠡᠳᠬᠢᠯ ᠨᠡᠪᠲᠡᠷᠡᠭᠦᠯᠬᠦ 《ᠬᠥᠭᠥᠷᠭᠡ》 ᠵᠢ ᠬᠡᠷᠬᠢᠨ ᠰᠠᠶ᠋ᠢᠲᠤᠷ ᠲᠠᠯᠪᠢᠬᠣ᠎ᠨᠢ ᠪᠦᠷ ᠲᠡᠭᠦᠨ᠎ᠤ ᠵᠢᠯ ᠪᠦᠷᠢ ᠵᠢᠨ ᠵᠠᠪᠠᠯ ᠲᠦᠯᠦᠪᠵᠢᠬᠦᠯᠬᠦ ᠭᠣᠣᠯᠳᠠᠯᠭ᠎ᠠ ᠮᠥᠨ᠃ ᠳᠣᠣᠷᠠᠬᠢ ᠡᠳᠡᠭᠡᠷ ᠦᠭᠡ ᠵᠢᠨ ᠳᠤᠮᠳᠠ᠎ᠠᠴᠠ ᠮᠡᠳᠡᠵᠦ ᠪᠣᠯᠬᠤ ᠶᠤᠮ᠄
      ᠰᠣᠶᠣᠯ ᠢᠷᠭᠡᠨᠰᠢᠯ᠎ᠤᠨ ᠬᠣᠯᠪᠣᠭ᠋ᠠᠰᠤ ᠵᠢ ᠴᠢᠩᠭ᠎ᠠ ᠲᠠᠲᠠᠶ᠎ᠠ᠃ ᠪᠢᠳᠡ ᠡᠯ᠎ᠡ ᠤᠯᠤᠰ᠎ᠤᠨ ᠠᠷᠠᠳ ᠤᠯᠠᠨ᠎ᠤ ᠢᠯᠠᠩᠭᠤᠶ᠎ᠠ ᠵᠠᠯᠠᠭᠤ ᠨᠢᠭᠡ ᠦᠶ᠎ᠡ ᠵᠢᠨ᠎ᠬᠢᠨ᠎ᠤ ᠰᠡᠳᠬᠢᠯ᠎ᠤᠨ ᠨᠡᠪᠲᠡᠷᠡᠯᠴᠡᠭᠡ ᠵᠢ ᠠᠬᠢᠭᠤᠯᠵᠣ᠂ ᠬᠥᠷᠰᠢ ᠣᠯᠣᠰ᠎ᠲᠠᠢ ᠡᠶᠡᠯᠳᠡᠭ ᠨᠥᠬᠥᠷᠰᠡᠭ ᠵᠶ᠋ᠠᠷ ᠬᠠᠮᠲᠤᠷᠠᠨ ᠠᠵᠢᠯᠯᠠᠬᠤ ᠦᠢ᠍ᠯᠡᠰ᠎ᠤᠨ ᠠᠮᠢᠳᠤ ᠰᠣᠷᠭᠣᠭ ᠬᠦᠴᠦᠨ ᠴᠢᠳᠠᠯ᠎ᠢ ᠥᠨᠢ ᠡᠭᠦᠷᠢᠳᠡ ᠪᠠᠲᠤᠯᠠᠬᠤ ᠬᠡᠷᠡᠭᠲᠡᠶ᠃
     2017 ᠣᠨ᠎ᠤ 6 ᠰᠠᠷ᠎ᠠ ᠵᠢᠨ 9᠎ᠤ ᠡᠳᠦᠷ᠂ ᠰᠢ ᠵᠢᠨ ᠫᠢᠩ ᠠᠰᠲ᠋ᠠᠨᠠ᠎ᠳᠤ ᠬᠤᠷᠠᠯᠳᠣᠭᠰᠠᠨ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠨ ᠲᠦᠷᠦᠭᠦᠴᠦᠳ᠎ᠤᠨ ᠬᠡᠷᠡᠭ ᠡᠷᠬᠢᠯᠡᠭᠴᠢᠳ᠎ᠤᠨ ᠵᠥᠪᠯᠡᠯ᠎ᠤᠨ ᠠᠷᠪᠠᠨ ᠳᠣᠯᠣᠳᠤᠭ᠋ᠠᠷ ᠤᠳᠠᠭ᠋ᠠᠨ᠎ᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
      ᠰᠣᠶᠣᠯ ᠢᠷᠭᠡᠨᠰᠢᠯ᠎ᠤᠨ ᠰᠠᠭᠤᠷᠢ ᠵᠢ ᠪᠡᠬᠢᠵᠢᠭᠦᠯᠵᠤ᠂ ᠲᠤᠰ ᠵᠣᠬᠢᠶᠠᠨ ᠪᠠᠶ᠋ᠢᠭᠤᠯᠤᠯᠲᠠ ᠵᠢᠨ ᠬᠥᠭᠵᠢᠯᠲᠡ ᠵᠢᠨ ᠬᠥᠭᠥᠷᠭᠡ ᠵᠢ ᠪᠠᠢ᠌ᠭᠤᠯᠤᠨ᠎ᠠ᠃ ᠬᠥᠮᠦᠨ ᠰᠣᠶᠣᠯ᠎ᠤᠨ ᠬᠠᠮᠲᠤᠷᠠᠯᠴᠠᠭ᠎ᠠ ᠵᠢ ᠲᠠᠰᠤᠷᠠᠯᠲᠠ ᠥᠬᠡᠶ ᠬᠥᠭᠵᠢᠭᠦᠯᠵᠦ᠂ ᠡᠯ᠎ᠡ ᠤᠯᠤᠰ᠎ᠤᠨ ᠠᠷᠠᠳ ᠤᠯᠠᠨ᠎ᠤ ᠬᠣᠭᠣᠷᠣᠨᠳᠣᠬᠢ ᠣᠶ᠋ᠢᠯᠠᠭ᠋ᠠᠯᠴᠠᠭ᠎ᠠ ᠪᠠ ᠨᠥᠬᠥᠷᠯᠡᠯ᠎ᠢ ᠴᠢᠩᠭ᠋ᠠᠳᠬᠠᠬᠤ ᠴᠢᠬᠤᠯᠠ ᠬᠥᠭᠥᠷᠭᠡ ᠵᠢ ᠪᠠᠶ᠋ᠢᠭᠤᠯᠤᠨ᠎ᠠ᠃
     — 2016 ᠣᠨ᠎ᠤ 6 ᠰᠠᠷ᠎ᠠ ᠵᠢᠨ 24᠎ᠤ ᠡᠳᠦᠷ᠂ ᠰᠢ ᠵᠢᠨ ᠫᠢᠩ ᠦᠽᠸᠪᠸᠺᠰᠲ᠋ᠠᠨ᠎ᠤ ᠲᠠᠱᠺᠤᠨ᠋ᠲ᠎ᠲᠤ ᠬᠤᠷᠠᠯᠳᠤᠬᠰᠠᠨ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠨ ᠲᠦᠷᠦᠭᠦᠴᠦᠳ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ ᠠᠷᠪᠠᠨ ᠵᠢᠷᠭᠤᠳᠤᠭ᠋ᠠᠷ ᠤᠳᠠᠭ᠋ᠠᠨ᠎ᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
      ᠠᠷᠠᠳ᠎ᠤᠨ ᠰᠡᠳᠬᠢᠯ ᠵᠢᠷᠦᠬᠡᠨ᠎ᠤ ᠣᠶ᠋ᠢᠷᠠᠲᠤᠯᠴᠠᠭ᠎ᠠ ᠵᠢ ᠲᠦᠯᠬᠢᠨ ᠠᠬᠢᠭᠤᠯᠵᠤ᠂ ᠦᠶ᠎ᠡ ᠵᠢᠨ ᠦᠶ᠎ᠡ᠎ᠳᠡᠭᠡᠨ ᠡᠶᠡᠯᠳᠡᠭ ᠬᠥᠷᠰᠢ ᠵᠢᠨ ᠨᠥᠬᠥᠷᠰᠡᠭ᠎ᠢ ᠪᠡᠬᠢᠵᠢᠭᠦᠯᠦᠨ᠎ᠡ᠃ ᠳᠤᠮᠳᠠᠳᠤ ᠵᠢᠨ ᠲᠠᠯ᠎ᠠ᠎ᠠᠴᠠ ᠲᠤᠰ ᠵᠣᠬᠢᠶᠠᠨ ᠪᠠᠶ᠋ᠢᠭᠤᠯᠤᠯᠲᠠ ᠵᠢᠨ ᠡᠯ᠎ᠡ ᠤᠯᠤᠰ᠎ᠤᠨ ᠢᠷᠭᠡᠳ᠎ᠤᠨ ᠬᠣᠭᠣᠷᠣᠨᠳᠣᠬᠢ ᠪᠠ ᠨᠡᠶ᠋ᠢᠭᠡᠮ᠎ᠤᠨ ᠰᠣᠯᠢᠯᠴᠠᠭ᠋ᠠᠨ᠎ᠤ ᠠᠷᠭ᠎ᠠ ᠵᠠᠮ᠎ᠢ ᠥᠷᠭᠡᠳᠬᠡᠬᠦ ᠵᠢ ᠳᠡᠮᠵᠢᠵᠦ᠂ ᠰᠣᠶᠣᠯ᠂ ᠰᠣᠷᠭ᠋ᠠᠨ ᠬᠦᠮᠦᠵᠢᠯ᠂ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠪᠡᠶ᠎ᠡ ᠵᠢᠨ ᠲᠠᠮᠢᠷ᠂ ᠵᠠᠭᠤᠴᠢᠯᠠᠭᠤᠷ ᠵᠡᠷᠭᠡ ᠡᠯ᠎ᠡ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠎ᠡ᠃
     — 2015 ᠣᠨ᠎ᠤ 7 ᠰᠠᠷ᠎ᠠ ᠵᠢᠨ 10᠎ᠤ ᠡᠳᠦᠷ᠂ ᠰᠢ ᠵᠢᠨ ᠫᠢᠩ ᠣᠷᠣᠰ᠎ᠤᠨ ᠦᠹᠠ᠎ᠳᠤ ᠬᠤᠷᠠᠯᠳᠤᠬᠰᠠᠨ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠨ ᠲᠦᠷᠦᠭᠦᠴᠦᠳ᠎ᠤᠨ ᠬᠡᠷᠡᠭ ᠡᠷᠬᠢᠯᠡᠭᠴᠢᠳ᠎ᠤᠨ ᠵᠥᠪᠯᠡᠯ᠎ᠤᠨ ᠠᠷᠪᠠᠨ ᠲᠠᠪᠤᠳᠤᠭ᠋ᠠᠷ ᠤᠳᠠᠭ᠋ᠠᠨ᠎ᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
      ᠪᠢᠳᠡ ᠬᠥᠮᠦᠨ ᠰᠣᠶᠣᠯ᠎ᠤᠨ ᠬᠠᠮᠲᠤᠷᠠᠯᠴᠠᠭ᠋ᠠᠨ᠎ᠤ ᠰᠢᠨ᠎ᠡ ᠠᠷᠭ᠎ᠠ ᠵᠠᠮ᠎ᠢ ᠢᠳᠡᠪᠬᠢᠲᠡᠶ᠎ᠪᠠᠷ ᠨᠡᠭᠡᠭᠡᠵᠦ᠂ ᠱᠠᠩᠬᠠᠶ ᠵᠢᠨ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ ᠵᠢᠨ ᠤᠯᠠᠨ ᠤᠯᠤᠰ᠎ᠤᠨ ᠤᠯᠠᠮᠵᠢᠯᠠᠨ ᠳᠡᠯᠭᠡᠷᠡᠭᠦᠯᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠱᠠᠩᠬᠠᠶ ᠵᠢᠨ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ ᠵᠢᠨ ᠭᠣᠣᠯ ᠠᠶᠠᠰ᠎ᠢ ᠪᠠᠳᠠᠷᠠᠭᠤᠯᠵᠤ᠂ ᠨᠡᠩ ᠤᠯᠠᠨ 《ᠱᠠᠩᠬᠠᠶ ᠵᠢᠨ ᠬᠠᠮᠲᠤᠷᠠᠯᠴᠠᠭ᠋ᠠᠨ᠎ᠤ ᠦᠯᠢᠭᠡᠷ》᠎ᠢ ᠳᠡᠯᠡᠬᠡᠶ ᠳ᠋ᠠᠬᠢᠨ᠎ᠳᠤ ᠬᠡᠯᠡᠵᠦ ᠥᠭᠭᠦᠨ᠂  《ᠱᠠᠩᠬᠠᠶ ᠵᠢᠨ ᠬᠠᠮᠲᠤᠷᠠᠯᠴᠠᠭ᠋ᠠᠨ᠎ᠤ ᠲᠠᠭᠤᠨ》᠎ᠢ ᠨᠡᠩ ᠦᠨᠳᠦᠷ ᠴᠤᠤᠷᠢᠶᠠᠲᠤᠭᠤᠯᠣᠶ ᠎ᠡ᠃
     — 2014 ᠣᠨ᠎ᠤ 9 ᠰᠠᠷ᠎ᠠ ᠵᠢᠨ 12᠎ᠤ ᠡᠳᠦᠷ᠂ ᠰᠢ ᠵᠢᠨ ᠫᠢᠩ ᠲᠠᠵᠢᠺᠰᠲ᠋ᠠᠨ᠎ᠤ ᠨᠡᠶ᠋ᠢᠰᠯᠡᠯ ᠲᠦᠱ᠌ᠠᠨᠪᠸ᠎ᠳᠤ ᠬᠤᠷᠠᠯᠳᠤᠬᠰᠠᠨ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠨ ᠲᠦᠷᠦᠭᠦᠴᠦᠳ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ ᠠᠷᠪᠠᠨ ᠳᠥᠷᠪᠡᠳᠦᠭᠡᠷ ᠣᠳᠠᠭ᠋ᠠᠨ᠎ᠤ ᠬᠤᠷᠠᠯᠳᠤᠭ᠋ᠠᠨ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
      ᠬᠥᠮᠦᠨ ᠰᠣᠶᠣᠯ᠎ᠤᠨ ᠰᠣᠯᠢᠯᠴᠠᠭ᠎ᠠ ᠪᠠ ᠠᠷᠠᠳ᠎ᠤᠨ ᠶᠠᠪᠤᠯᠴᠠᠭ᠎ᠠ ᠵᠢ ᠴᠢᠩᠭ᠋ᠠᠳᠬᠠᠵᠤ᠂ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠬᠥᠭᠵᠢᠯᠲᠡ ᠵᠢᠨ ᠠᠷᠠᠳ᠎ᠤᠨ ᠰᠠᠨᠠᠭ᠋ᠠᠨ᠎ᠤ ᠰᠠᠭᠤᠷᠢ ᠪᠠ ᠨᠡᠶ᠋ᠢᠭᠡᠮ᠎ᠤᠨ ᠰᠠᠭᠤᠷᠢ ᠵᠢ ᠪᠠᠲᠤ ᠲᠠᠯᠪᠢᠬᠤ ᠬᠡᠷᠡᠭᠲᠡᠶ᠃ ᠪᠢᠳᠡ ᠰᠣᠶᠣᠯ᠂ ᠰᠤᠷᠭ᠋ᠠᠨ ᠬᠥᠮᠦᠵᠢᠯ᠂ ᠺᠢᠨᠣ᠋ ᠲᠧᠯᠸᠢᠰ᠂ ᠡᠷᠡᠭᠦᠯ ᠬᠠᠮᠠᠭ᠋ᠠᠯᠠᠯ᠂ ᠪᠡᠶ᠎ᠡ ᠵᠢᠨ ᠲᠠᠮᠢᠷ᠂ ᠵᠢᠭᠤᠯᠴᠢᠯᠠᠯ ᠵᠡᠷᠭᠡ ᠬᠦᠷᠢᠶᠡᠨ᠎ᠳᠤ ᠥᠷᠭᠡᠨ ᠵᠶ᠋ᠠᠷ ᠬᠠᠮᠲᠤᠷᠠᠨ ᠠᠵᠢᠯᠯᠠᠬᠤ ᠬᠡᠷᠡᠭᠲᠡᠶ᠃
     — 2013 ᠣᠨ᠎ᠤ 9 ᠰᠠᠷ᠎ᠠ ᠵᠢᠨ 13᠎ᠤ ᠡᠳᠦᠷ᠂ ᠰᠢ ᠵᠢᠨ ᠫᠢᠩ᠎ᠠᠴᠠ ᠪᠢᠱᠺᠧᠺ᠎ᠲᠤ ᠬᠤᠷᠠᠯᠳᠤᠬᠰᠠᠨ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠨ ᠲᠦᠷᠦᠭᠦᠴᠦᠳ᠎ᠤᠨ ᠬᠡᠷᠡᠭ ᠡᠷᠬᠢᠯᠡᠭᠴᠢᠳ᠎ᠤᠨ ᠬᠤᠷᠠᠯ᠎ᠤᠨ ᠠᠷᠪᠠᠨ ᠭᠤᠷᠪᠠᠳᠤᠭ᠋ᠠᠷ ᠤᠳᠠᠭ᠋ᠠᠨ᠎ᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠠᠶ᠃
      ᠦᠭᠡᠢ᠎ᠠᠴᠠ ᠪᠠᠶ᠋ᠢᠬᠤ ᠪᠤᠯᠤᠭᠰᠠᠨ᠂ ᠳᠤᠮᠳᠠᠳᠤ ᠤᠯᠤᠰ᠎ᠤᠨ ᠠᠵᠢᠯᠯᠠᠭ᠎ᠠ᠎ᠨᠢ ᠳᠡᠯᠡᠬᠡᠶ ᠳ᠋ᠠᠬᠢᠨ᠎ᠳᠤ 《ᠱᠠᠩᠬᠠᠶ ᠵᠢᠨ ᠬᠠᠮᠲᠤᠷᠠᠯᠴᠠᠭ᠋ᠠᠨ᠎ᠤ ᠦᠯᠢᠭᠡᠷ》᠎ᠢ ᠬᠡᠯᠡᠵᠦ ᠥᠭᠭᠦᠭᠰᠡᠨ ᠶᠤᠮ
     2013 ᠣᠨ᠎ᠳᠤ ᠰᠢ ᠵᠢᠨ ᠫᠢᠩ ᠳᠤᠷᠠᠳᠴᠤ ᠭᠠᠷᠭ᠋ᠠᠭᠰᠠᠨ᠎ᠨᠢ᠂ ᠳᠤᠮᠳᠠᠳᠤ ᠵᠢᠨ ᠲᠠᠯ᠎ᠠ᠎ᠠᠴᠠ ᠱᠠᠩᠬᠠᠶ ᠵᠢᠨ ᠤᠯᠤᠰ ᠲᠦᠷᠦ ᠬᠠᠤᠯᠢ ᠴᠠᠭ᠋ᠠᠵᠠ ᠵᠢᠨ ᠳᠡᠭᠡᠳᠦ ᠰᠤᠷᠭ᠋ᠠᠭᠤᠯᠢ᠎ᠳᠤ 《ᠳᠤᠮᠳᠠᠳᠤ ᠤᠯᠤᠰ — ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠤᠯᠠᠨ ᠤᠯᠤᠰ᠎ᠤᠨ ᠬᠠᠤᠯᠢ ᠪᠠᠷᠢᠬᠤ ᠰᠣᠯᠢᠯᠴᠠᠭ᠎ᠠ ᠬᠠᠮᠲᠤᠷᠠᠯᠴᠠᠭ᠋ᠠᠨ᠎ᠤ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ》᠎ᠢ ᠪᠠᠢ᠌ᠭᠤᠯᠵᠤ᠂ ᠡᠨᠡ ᠬᠦ᠌ ᠲᠠᠪᠴᠠᠩ᠎ᠢ ᠠᠰᠢᠭᠯᠠᠨ ᠪᠤᠰᠤᠳ ᠪᠦᠷᠢᠯᠳᠦᠬᠦᠨ ᠤᠯᠤᠰ᠎ᠤᠳ᠎ᠲᠤ ᠬᠠᠤᠯᠢ ᠪᠠᠷᠢᠬᠤ ᠴᠢᠳᠠᠪᠤᠷᠢᠲᠠᠨ᠎ᠢ ᠬᠥᠮᠦᠵᠢᠭᠦᠯᠵᠦ ᠥᠭᠬᠦ ᠳᠤᠷᠠᠲᠠᠶ ᠪᠠᠶ᠋ᠢᠨ᠎ᠠ᠃ 2014 ᠣᠨ᠎ᠳᠤ᠂ ᠱᠠᠩᠬᠠᠶ ᠵᠢᠨ ᠠᠩᠬᠠᠳᠠᠭᠴᠢ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ᠎ᠨᠢ 《ᠤᠯᠠᠨ ᠤᠯᠤᠰ᠎ᠤᠨ ᠬᠠᠤᠯᠢ ᠪᠠᠷᠢᠬᠤ ᠰᠣᠯᠢᠯᠴᠠᠭ᠎ᠠ ᠬᠠᠮᠲᠤᠷᠠᠯᠴᠠᠭ᠋ᠠᠨ᠎ᠤ ᠪᠣᠯᠪᠠᠰᠤᠷᠠᠭᠤᠯᠤᠯ᠎ᠤᠨ ᠰᠠᠭᠤᠷᠢᠨ》᠎ᠳᠠᠬᠢ ᠲᠡᠭᠦᠨ᠎ᠤ ᠮᠡᠨᠳᠦᠯᠡᠭᠰᠡᠨ ᠭᠠᠵᠠᠷ᠎ᠲᠤ ᠫᠠᠶ᠋ᠢᠰᠠ᠎ᠪᠠᠨ ᠵᠢᠩᠬᠢᠨᠢ᠎ᠪᠠᠷ ᠡᠯᠭᠦᠪᠡ᠃ ᠬᠠᠤᠯᠢ ᠴᠠᠭ᠋ᠠᠵᠠ ᠵᠢᠨ ᠬᠠᠮᠲᠤᠷᠠᠯᠴᠠᠭ᠎ᠠ ᠪᠣᠯ 《ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠨ ᠤᠷᠳᠦ ᠬᠤᠭᠤᠴᠠᠭ᠎ᠠ᠎ᠪᠠᠷ ᠡᠶᠡᠯᠰᠡᠭ ᠨᠥᠬᠥᠷᠰᠡᠭ ᠵᠶ᠋ᠠᠷ ᠬᠠᠮᠲᠤᠷᠠᠯᠴᠠᠬᠣ ᠭᠡᠷ᠎ᠡ》 ᠵᠢ ᠲᠣᠭᠲᠠᠭ᠋ᠠᠭᠰᠠᠨ ᠭᠣᠣᠯᠳᠠᠯᠭ᠎ᠠ᠎ᠲᠠᠢ ᠬᠠᠮᠲᠤᠷᠠᠨ ᠠᠵᠢᠯᠯᠠᠬᠤ ᠬᠦᠷᠢᠶ᠎ᠡ ᠪᠠᠢ᠌ᠵᠣ᠂ ᠬᠣᠯᠪᠣᠭᠳᠠᠯ ᠪᠦᠬᠦᠢ ᠬᠠᠮᠲᠤᠷᠠᠯᠴᠠᠭ᠎ᠠ ᠵᠢᠨ ᠡᠷᠴᠢᠮ᠎ᠢ ᠴᠢᠩᠭ᠋ᠠᠷᠠᠭᠤᠯᠵᠤ᠂ 《ᠭᠤᠷᠪᠠᠨ ᠪᠦᠯᠦᠭ ᠬᠦᠴᠦᠨ》 ᠪᠠ ᠤᠯᠤᠰ ᠠᠯᠤᠰᠯᠠᠭᠰᠠᠨ ᠶᠠᠯᠠᠲᠤ ᠬᠡᠷᠡᠭ᠎ᠲᠤ ᠴᠣᠬᠢᠯᠲᠠ ᠥᠭᠬᠦ᠂ ᠤᠯᠤᠰ᠎ᠤᠨ ᠠᠮᠤᠷ ᠲᠦᠪᠰᠢᠨ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃


      ᠮᠠᠲ᠋ᠧᠷᠢᠶᠠᠯ ᠵᠢᠷᠤᠭ᠄ 2017 ᠣᠨ᠎ᠤ 8 ᠰᠠᠷ᠎ᠠ ᠵᠢᠨ 23᠎ᠤ ᠡᠳᠦᠷ᠎ᠲᠤ᠂ ᠬᠣᠶᠠᠳᠤᠭ᠋ᠠᠷ ᠬᠤᠭᠤᠴᠠᠭ᠋ᠠᠨ᠎ᠤ ᠱᠠᠩᠬᠠᠶ ᠵᠢᠨ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ ᠵᠢᠨ ᠵᠠᠯᠠᠭᠤᠴᠤᠳ᠎ᠤᠨ ᠰᠣᠯᠢᠯᠴᠠᠭ᠋ᠠᠨ᠎ᠤ ᠪᠠᠭᠤᠴᠠ ᠨᠡᠭᠡᠭᠡᠬᠦ ᠶᠣᠰᠣᠯᠠᠯ᠎ᠤᠨ ᠲᠤᠬᠠᠢ ᠵᠢᠨ ᠲᠡᠯᠡᠪᠤᠷ (ᠵᠢᠷᠤᠭ᠎ᠤᠨ ᠢᠷᠡᠯᠲᠡ᠄ ᠳᠤᠮᠳᠠᠳᠤ ᠤᠯᠤᠰ᠎ᠤᠨ ᠵᠠᠯᠠᠭᠤᠴᠤᠳ᠎ᠤᠨ ᠰᠣᠨᠢᠨ)
     2015 ᠣᠨ᠎ᠳᠤ᠂ ᠰᠢ ᠵᠢᠨ ᠫᠢᠩ᠎ᠠᠴᠠ ᠣᠷᠣᠰ᠎ᠤᠨ ᠦᠹᠠ᠎ᠳᠤ ᠬᠤᠷᠠᠯᠳᠤᠭᠰᠠᠨ ᠱᠠᠩᠬᠠᠶ ᠵᠢᠨ ᠬᠠᠮᠲᠤᠷᠠᠯᠴᠠᠭ᠋ᠠᠨ᠎ᠤ ᠲᠦᠷᠦᠭᠦᠴᠦᠳ᠎ᠤᠨ ᠬᠤᠷᠠᠯ ᠳᠡᠭᠡᠷ᠎ᠡ ᠵᠠᠯᠠᠭᠤᠴᠤᠳ᠎ᠤᠨ ᠶᠠᠪᠤᠯᠴᠠᠭ᠎ᠠ ᠵᠢ ᠴᠢᠩᠭ᠋ᠠᠳᠬᠠᠬᠤ ᠵᠢᠨ ᠲᠥᠯᠥᠭᠡ᠂ ᠳᠤᠮᠳᠠᠳᠤ ᠤᠯᠤᠰ᠎ᠤᠨ ᠲᠠᠯ᠎ᠠ ᠵᠢᠨ᠎ᠬᠢᠨ ᠱᠠᠩᠬᠠᠶ ᠵᠢᠨ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ ᠤᠯᠤᠰ᠎ᠤᠨ ᠵᠠᠯᠠᠭᠤᠴᠤᠳ᠎ᠤᠨ ᠤᠳᠤᠷᠢᠳᠬᠤ ᠬᠥᠮᠦᠰ᠎ᠢ ᠤᠷᠢᠵᠤ᠂ ᠳᠤᠮᠳᠠᠳᠤ ᠤᠯᠤᠰ᠎ᠲᠤ ᠠᠶ᠋ᠢᠯᠴᠢᠯᠠᠨ ᠰᠤᠳᠤᠯᠤᠨ ᠰᠤᠷᠤᠯᠴᠠᠬᠤ ᠲᠥᠯᠥᠪᠯᠡᠭᠡ ᠵᠢᠨ ᠰᠠᠭᠤᠷᠢᠨ ᠳᠡᠭᠡᠷ᠎ᠡ᠂ 2016 ᠣᠨ᠎ᠠᠴᠠ ᠡᠬᠢᠯᠡᠨ 5 ᠵᠢᠯ ᠳᠠᠷᠠᠭ᠋ᠠᠯᠠᠨ ᠳᠤᠮᠳᠠᠳᠤ ᠤᠯᠤᠰ᠎ᠲᠤ 《ᠱᠠᠩᠬᠠᠶ ᠵᠢᠨ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ ᠵᠠᠯᠠᠭᠤᠴᠤᠳ᠎ᠤᠨ ᠰᠣᠯᠢᠯᠴᠠᠭ᠋ᠠᠨ᠎ᠤ ᠪᠠᠭᠤᠴᠠ》 ᠪᠠᠢ᠌ᠭᠤᠯᠪᠠ᠃ ᠡᠳᠦᠭᠡ᠂ 《ᠱᠠᠩᠬᠠᠶ ᠵᠢᠨ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ ᠵᠠᠯᠠᠭᠤᠴᠤᠳ᠎ᠤᠨ ᠰᠣᠯᠢᠯᠴᠠᠭ᠋ᠠᠨ᠎ᠤ ᠪᠠᠭᠤᠴᠠ》 ᠵᠢ ᠬᠣᠶᠠᠷ ᠬᠤᠭᠤᠴᠠᠭ᠎ᠠ ᠠᠮᠵᠢᠯᠲᠠ᠎ᠲᠠᠢ᠎ᠪᠠᠷ ᠨᠡᠭᠡᠭᠡᠪᠡ᠃ ᠨᠢᠳᠤᠨᠤᠨ᠂ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ ᠪᠠ ᠠᠵᠢᠭᠯᠠᠭᠴᠢ ᠤᠯᠤᠰ᠎ᠤᠨ ᠳᠤᠮᠳᠠᠳᠤ ᠭᠠᠳᠠᠭ᠋ᠠᠳᠤ ᠵᠢᠨ ᠵᠠᠯᠠᠭᠤᠴᠤᠳ᠎ᠤᠨ ᠲᠥᠯᠥᠭᠡᠯᠡᠭᠴᠢᠳ 200 ᠰᠢᠬᠠᠮ ᠬᠥᠮᠦᠨ ᠡᠨᠡ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠭᠰᠠᠨ ᠶᠤᠮ᠃ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠦᠷᠢᠯᠳᠦᠬᠦᠨ ᠤᠯᠤᠰ᠎ᠤᠳ᠎ᠤᠨ ᠵᠠᠯᠠᠭᠤᠴᠤᠳ᠎ᠠᠴᠠ ᠳᠤᠮᠳᠠᠳᠤ ᠤᠯᠤᠰ᠎ᠢ ᠣᠶ᠋ᠢᠯᠠᠭ᠋ᠠᠬᠤ᠂ ᠡᠯ᠎ᠡ ᠤᠯᠤᠰ᠎ᠤᠨ ᠵᠠᠯᠠᠭᠤᠴᠣᠳ᠎ᠠᠴᠠ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠶ᠋ᠢᠭᠤᠯᠤᠯᠲᠠ ᠵᠡᠷᠭᠡ ᠣᠷᠣᠨ ᠪᠦᠰᠡ ᠵᠢᠨ ᠬᠠᠮᠲᠤᠷᠠᠯᠴᠠᠭ᠋ᠠᠨ᠎ᠳᠤ ᠣᠷᠣᠯᠴᠠᠬᠤ ᠵᠢ ᠠᠬᠢᠭᠤᠯᠬᠤ᠎ᠪᠠᠷ ᠵᠣᠷᠢᠯᠲᠠ ᠪᠣᠯᠭ᠋ᠠᠭᠰᠠᠨ ᠶᠤᠮ᠃
     2016 ᠣᠨ᠎ᠤ ᠰᠢ ᠵᠢᠨ ᠫᠢᠩ ᠦᠽᠸᠪᠸᠺᠰᠲ᠋ᠠᠨ᠎ᠤ ᠲᠠᠱᠺᠸᠨᠲ᠎ᠲᠤ ᠬᠤᠷᠠᠯᠳᠣᠭᠰᠠᠨ ᠱᠠᠩᠬᠠᠶ ᠵᠢᠨ ᠬᠠᠮᠲᠤᠷᠠᠯᠴᠠᠭ᠋ᠠᠨ᠎ᠤ ᠲᠦᠷᠦᠭᠦᠴᠦᠳ᠎ᠤᠨ ᠬᠤᠷᠠᠯ ᠳᠡᠭᠡᠷ᠎ᠡ᠂ 《ᠱᠠᠩᠬᠠᠶ ᠵᠢᠨ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠨᠢᠲᠠᠨ᠎ᠤ ᠲᠥᠯᠥᠪᠯᠡᠭᠡ》 ᠵᠢ ᠰᠠᠨᠠᠭ᠋ᠠᠴᠢᠯᠠᠨ ᠡᠬᠢᠯᠡᠭᠦᠯᠵᠦ᠂ ᠪᠦᠷᠢᠯᠳᠦᠬᠦᠨ ᠤᠯᠤᠰ᠎ᠤᠳ᠎ᠤᠨ ᠬᠣᠭᠣᠷᠣᠨᠳᠣᠬᠢ ᠪᠣᠳᠠᠲᠤ ᠠᠵᠢᠯᠯᠠᠭ᠎ᠠ ᠵᠢ ᠡᠷᠬᠢᠮᠯᠡᠭᠰᠡᠨ ᠥᠨᠳᠥᠷ ᠪᠦᠲᠦᠮᠵᠢᠲᠡᠶ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠰᠢᠨ᠎ᠡ ᠮᠠᠶᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠨᠢᠲᠠᠨ᠎ᠤ ᠬᠠᠷᠢᠴᠠᠭ᠎ᠠ ᠵᠢ ᠪᠠᠶ᠋ᠢᠭᠤᠯᠬᠤ᠎ᠪᠠᠷ ᠵᠣᠷᠢᠯᠭ᠎ᠠ᠎ᠪᠠᠨ ᠪᠤᠯᠭ᠋ᠠᠪᠠ᠃ 2015 ᠣᠨ᠎ᠤ 9 ᠰᠠᠷ᠎ᠠ᠎ᠳᠤ᠂ ᠰᠢᠨᠵᠢᠶᠠᠩ᠎ᠠᠴᠠ 《ᠱᠠᠩᠬᠠᠶ ᠵᠢᠨ ᠬᠠᠮᠲᠤᠷᠠᠨ ᠠᠵᠢᠯᠯᠠᠬᠤ ᠵᠣᠬᠢᠶᠠᠨ ᠪᠠᠶ᠋ᠢᠭᠤᠯᠤᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠨᠢᠲᠠᠨ᠎ᠤ ᠲᠥᠯᠥᠪᠯᠡᠭᠡ》 ᠵᠢ ᠤᠷᠢᠳᠠᠪᠠᠷ ᠡᠬᠢᠯᠡᠭᠦᠯᠦᠨ ᠲᠤᠭᠲᠠᠵᠣ᠂ 3 ᠵᠢᠯ᠎ᠤᠨ ᠬᠣᠭᠣᠷᠣᠨᠳᠣ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠵᠦᠢ᠍ᠯᠡᠰ᠎ᠢ ᠨᠡᠢ᠌ᠲᠡ 62 ᠲᠣᠬᠢᠷᠠᠭᠤᠯᠪᠠ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠠᠴᠠ ᠨᠡᠢ᠌ᠲᠡ 4000 ᠲᠦᠮᠡᠨ ᠲᠥᠭᠥᠷᠢᠭ᠎ᠤᠨ ᠮᠦᠩᠭᠦ ᠭᠠᠷᠭ᠋ᠠᠨ ᠦᠭᠴᠤ᠂ ᠨᠡᠶ᠋ᠢᠭᠡᠮ᠎ᠤᠨ ᠬᠦᠷᠦᠩᠬᠡ ᠵᠢᠨ ᠪᠡᠯᠡ ᠣᠷᠣᠭᠣᠯᠣᠯᠲᠠ ᠵᠢ 16681 ᠲᠦᠮᠡᠨ ᠲᠥᠭᠥᠷᠢᠭ ᠳᠠᠢ᠌ᠴᠢᠯᠠᠪᠠ᠃
      ᠠᠩᠬᠠᠳᠤᠭ᠋ᠠᠷ ᠬᠤᠭᠤᠴᠠᠭ᠋ᠠᠨ᠎ᠤ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠡᠮᠡᠭᠲᠡᠶ᠋ᠢᠴᠦᠳ᠎ᠤᠨ ᠶᠠᠷᠢᠶᠠᠨ᠎ᠤ ᠲᠠᠪᠴᠠᠩ᠂ ᠠᠩᠬᠠᠳᠤᠭ᠋ᠠᠷ ᠬᠤᠭᠤᠴᠠᠭ᠋ᠠᠨ᠎ᠤ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠰᠣᠶᠣᠯ ᠤᠷᠠᠯᠢᠭ᠎ᠤᠨ ᠳᠡᠭᠡᠳᠦ ᠲᠠᠰ᠎ᠤᠨ ᠶᠠᠷᠢᠶᠠᠨ᠎ᠤ ᠲᠠᠪᠴᠠᠩ᠎ᠤᠨ ᠬᠤᠷᠠᠯ᠂ ᠠᠩᠬᠠᠳᠤᠭ᠋ᠠᠷ ᠬᠤᠭᠤᠴᠠᠭ᠋ᠠᠨ᠎ᠤ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠡᠮᠨᠡᠯᠭᠡ ᠵᠢᠨ ᠬᠣᠷᠢᠶᠠᠨ᠎ᠤ ᠬᠠᠮᠲᠤᠷᠠᠯᠴᠠᠭ᠋ᠠᠨ᠎ᠤ ᠶᠠᠷᠢᠯᠴᠠᠭ᠋ᠠᠨ᠎ᠤ ᠲᠠᠪᠴᠠᠩ ᠁ ᠵᠢᠴᠢ ᠡᠨᠡ ᠤᠳᠠᠭ᠎ᠠ ᠵᠢᠨ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠠᠩᠬᠠᠳᠤᠭ᠋ᠠᠷ ᠬᠤᠭᠤᠴᠠᠭ᠋ᠠᠨ᠎ᠤ ᠵᠠᠭᠤᠴᠢᠯᠠᠭᠤᠷ᠎ᠤᠨ ᠲᠦᠷᠦᠭᠦᠴᠦᠳ᠎ᠤᠨ ᠬᠤᠷᠠᠯ᠎ᠤᠨ ᠣᠯᠠᠨ 《ᠠᠩᠬᠠᠳᠤᠭ᠋ᠠᠷ ᠬᠤᠭᠤᠴᠠᠭ᠎ᠠ》᠎ᠨᠢ ᠳᠤᠮᠳᠠᠳᠤ ᠤᠯᠤᠰ ᠳᠡᠯᠡᠬᠡᠶ ᠳ᠋ᠠᠬᠢᠨ᠎ᠳᠤ 《ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠦᠯᠢᠭᠡᠷ》᠎ᠢ ᠬᠡᠯᠡᠵᠦ ᠥᠭᠭᠦᠭᠰᠡᠨ ᠠᠵᠢᠯᠯᠠᠭ᠎ᠠ ᠵᠢᠨ ᠡᠷᠴᠢᠮ᠎ᠢ ᠢᠯᠡᠷᠡᠭᠦᠯᠪᠡ᠃

      ᠣᠳᠣᠬᠠᠨ ᠪᠣᠯᠲᠠᠯ᠎ᠠ᠂ ᠳᠤᠮᠳᠠᠳᠤ ᠵᠢᠨ ᠲᠠᠯ᠎ᠠ ᠵᠢᠨ ᠲᠡᠷᠢᠭᠦᠯᠡᠭᠴᠢ ᠤᠯᠤᠰ᠎ᠤᠨ ᠠᠵᠢᠯ᠎ᠤᠨ ᠪᠣᠷᠣ ᠲᠥᠯᠥᠪ᠎ᠤᠨ ᠳᠣᠲᠣᠷ᠎ᠠ 160 ᠭᠠᠷᠤᠶ ᠵᠦᠢ᠍ᠯ᠎ᠤᠨ ᠠᠵᠢᠯᠯᠠᠭ᠎ᠠ ᠵᠢ ᠠᠮᠵᠢᠯᠲᠠ᠎ᠲᠠᠢ᠎ᠪᠠᠷ ᠨᠡᠭᠡᠭᠡᠵᠦ᠂ ᠤᠯᠤᠰ ᠲᠦᠷᠦ᠂ ᠠᠮᠤᠷ ᠲᠦᠪᠰᠢᠨ᠂ ᠠᠵᠤ ᠠᠬᠤᠢ᠂ ᠬᠦᠮᠦᠨ ᠰᠣᠶᠣᠯ᠂ ᠭᠠᠳᠠᠭ᠋ᠠᠳᠤ᠎ᠲᠠᠢ ᠶᠠᠪᠤᠯᠴᠠᠬᠤ ᠪᠠ ᠲᠣᠭᠲᠠᠴᠠ ᠵᠢᠨ ᠪᠠᠶ᠋ᠢᠭᠤᠯᠤᠯᠲᠠ ᠵᠡᠷᠭᠡ ᠡᠯ᠎ᠡ ᠲᠠᠯ᠎ᠠ᠎ᠳᠤ ᠬᠡᠷᠡᠭᠯᠡᠭᠳᠡᠬᠦ ᠠᠭᠤᠯᠭ᠎ᠠ ᠵᠢ ᠪᠠᠭᠲᠠᠭ᠋ᠠᠵᠤ᠂ ᠬᠠᠮᠲᠤᠷᠠᠯᠴᠠᠬᠤ ᠬᠦᠷᠢᠶ᠎ᠡ ᠬᠡᠪᠴᠢᠶᠡᠨ᠎ᠤ ᠪᠦᠬᠦ ᠬᠠᠮᠣᠷᠣᠯᠲᠠ ᠵᠢ ᠪᠡᠶᠡᠯᠡᠭᠦᠯᠵᠡᠢ᠃ ᠠᠷᠠᠳ᠎ᠤᠨ ᠳᠤᠮᠳᠠᠬᠢ ᠵᠣᠬᠢᠶᠠᠨ ᠪᠠᠶ᠋ᠢᠭᠤᠯᠤᠯᠲᠠ ᠵᠢᠨ ᠥᠭᠦᠯᠡᠯ᠎ᠤᠨ ᠲᠠᠪᠴᠠᠩ᠂ ᠠᠵᠢᠯ ᠮᠡᠷᠭᠡᠵᠢᠯ᠎ᠤᠨ ᠠᠵᠢᠯᠴᠢᠨ᠎ᠤ ᠤᠷ᠎ᠠ ᠴᠢᠳᠠᠪᠤᠷᠢ ᠵᠢᠨ ᠤᠷᠤᠯᠳᠤᠭ᠋ᠠᠨ᠂ ᠱᠠᠩᠬᠠᠶ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠺᠦᠨᠮᠢᠩ᠎ᠤᠨ ᠮᠠᠷᠠᠽᠣᠨ ᠤᠷᠤᠯᠳᠤᠭ᠋ᠠᠨ᠂ ᠵᠠᠯᠠᠭᠤᠴᠤᠳ᠎ᠤᠨ ᠰᠣᠯᠢᠯᠴᠠᠭ᠋ᠠᠨ᠎ᠤ ᠪᠠᠭᠤᠴᠠ ᠵᠡᠷᠭᠡ ᠦᠯᠡᠮᠵᠢ ᠤᠯᠠᠨ ᠥᠪᠡᠷᠮᠢᠴᠡ ᠪᠦᠲᠦᠭᠡᠯᠴᠢ ᠠᠵᠢᠯᠯᠠᠭ᠎ᠠ ᠵᠢ ᠤᠷᠢᠳ ᠬᠣᠵᠢᠳ ᠨᠡᠶ᠋ᠢᠲᠡᠯᠡᠵᠦ᠂ ᠡᠯ᠎ᠡ ᠤᠯᠤᠰ᠎ᠤᠨ ᠠᠷᠠᠳ ᠤᠯᠠᠨ᠎ᠤ ᠬᠣᠭᠣᠷᠣᠨᠳᠣᠬᠢ ᠵᠠᠶ ᠵᠢ ᠤᠯᠠᠮ ᠣᠢ᠍ᠷᠠᠳᠣᠭᠣᠯᠵᠣ᠂ ᠲᠡᠳᠡᠭᠡᠷ᠎ᠤᠨ ᠬᠣᠭᠣᠷᠣᠨᠳᠣᠬᠢ ᠣᠶ᠋ᠢᠯᠠᠭ᠋ᠠᠯᠴᠠᠭ᠎ᠠ ᠪᠠ ᠨᠥᠬᠥᠷᠯᠡᠯ᠎ᠢ ᠨᠡᠮᠡᠭᠳᠡᠭᠦᠯᠦᠨ ᠴᠢᠩᠭ᠋ᠠᠳᠬᠠᠪᠠ᠃







ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠎ᠤᠨ ᠤᠯᠠᠭ᠋ᠠᠨᠬᠣᠲᠠ (ᠡᠦ ᠴᠠ ᠭᠧᠤ) ᠠᠭ᠋ᠠᠷ ᠠᠶᠠᠯᠠᠯ᠎ᠤᠨ ᠤᠢ ᠰᠢᠭᠤᠶ ᠬᠠᠮᠠᠭ᠋ᠠᠯᠠᠬᠤ ᠦᠷᠲᠡᠭᠡ ᠶᠡᠬᠡ ᠬᠢᠩᠭ᠋ᠠᠨ ᠳᠠᠪᠠᠭ᠎ᠠ ᠵᠢᠨ ᠲᠦᠢ᠍ᠮᠡᠷ᠎ᠢ ᠣᠨᠲᠠᠷᠭ᠋ᠠᠬᠣ᠎ᠳᠤ ᠲᠤᠰᠠᠯᠠᠪᠠ
ᠬᠦᠯᠦᠨ ᠪᠣᠶ᠋ᠢᠷ᠎ᠤᠨ ᠶᠠᠭᠰᠢ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ᠎ᠨᠢ ᠤᠨᠤᠪᠴᠢᠲᠠᠢ᠎ᠪᠠᠷ ᠶᠠᠳᠠᠭᠤ ᠵᠢ ᠲᠡᠳᠬᠦᠬᠦ᠎ᠳᠤ ᠳᠡᠮᠵᠢᠯᠭᠡ ᠦᠵᠡᠭᠦᠯᠪᠡ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠎ᠳᠤ ᠬᠦᠷᠴᠦ ᠤᠢ ᠰᠢᠭᠤᠶ ᠵᠢᠨ ᠠᠮᠢ ᠠᠬᠤᠶ ᠵᠢᠨ ᠶᠠᠳᠠᠭᠤ ᠵᠢ ᠲᠡᠳᠬᠦᠬᠦ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠡ
ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠠᠩ ᡁᠢ ᠵᠡᠷᠭᠡ ᠣᠳᠣᠷᠢᠳᠣᠯᠭ᠎ᠠ ᠴᠠᠶ ᠾᠧ ᠵᠢᠨ ᠰᠢᠭᠤᠶ᠋ᠢᠲᠤ ᠪᠠᠯᠭ᠋ᠠᠰᠣᠨ᠎ᠤ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢᠩᠬᠢᠨᠢ᠎ᠪᠠᠷ ᠠᠵᠢᠯᠯᠠᠵᠤ ᠡᠬᠢᠯᠡᠭᠰᠡᠨ ᠪᠠᠶ᠋ᠢᠨ᠎ᠠ
 
             蒙ICP备05000248号