ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ
ᠰᠦᠯᠵᠢᠶ᠎ᠡ ᠵᠢᠨ 6 ᠰᠠᠷ᠎ᠠ ᠵᠢᠨ 12᠎ᠤᠨ ᠡᠳᠦᠷ᠎ᠤᠨ ᠮᠡᠳᠡᠭᠡ
2018 ᠣᠨ᠎ᠤ 6 ᠳ᠋ᠣᠭ᠋ᠠᠷ ᠰᠠᠷ᠎ᠠ ᠵᠢᠨ 5᠎ᠤ ᠡᠳᠦᠷ᠎ᠲᠤ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠶᠠᠩ ᠳᠡᠳ᠋ ᠲᠢᠩᠬᠢᠮ᠎ᠤᠨ ᠳᠠᠷᠤᠭ᠎ᠠ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠲᠣᠪᠴᠢᠶ᠎ᠠ ᠯᠢᠦ ᠳᠡᠳ᠋ ᠲᠣᠪᠴᠢᠶᠠᠨ ᠳᠠᠷᠤᠭ᠎ᠠ᠂ ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠳᠡᠳ᠋ ᠲᠤᠪᠴᠢᠶᠠᠨ ᠳᠠᠷᠣᠭ᠎ᠠ ᠵᠸᠤ ᠢᠦᠢ ᠯᠢᠨ ᠪᠠ ᠮᠣᠳᠣ ᠲᠠᠷᠢᠬᠤ ᠰᠠᠯᠠᠭ᠎ᠠ ᠵᠢᠨ ᠰᠠᠯᠠᠭ᠋ᠠᠨ ᠳᠠᠷᠤᠭ᠎ᠠ ᠵᠸᠣ ᠵᠸᠨ ᠢᠦᠢ ᠪᠠᠷ᠎ᠠ ᠪᠣᠯᠵᠤ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠎ᠳᠤ ᠢᠷᠡᠵᠦ ᠤᠢ ᠰᠢᠭᠤᠶ ᠵᠢᠨ ᠠᠮᠢ ᠠᠬᠤᠶ ᠵᠢᠨ ᠶᠠᠳᠠᠭᠤ ᠵᠢ ᠲᠡᠳᠬᠦᠬᠦ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠡ᠂ ᠪᠠᠶ᠋ᠢᠴᠠᠭ᠋ᠠᠨ ᠰᠤᠳᠤᠯᠤᠯᠲᠠ ᠵᠢᠨ ᠠᠷᠭ᠎ᠠ ᠮᠠᠶᠢᠭ᠎ᠨᠢ ᠲᠤᠬᠠᠶ ᠵᠢᠨ ᠲᠠᠯᠠᠪᠤᠷ᠎ᠲᠤ ᠲᠤᠬᠠᠶ ᠵᠢᠨ ᠭᠠᠵᠠᠷ᠎ᠤᠨ ᠪᠠᠶ᠋ᠢᠴᠠᠭ᠋ᠠᠯᠲᠠ ᠬᠢᠵᠦ᠂ ᠬᠡᠷ ᠡᠷᠦᠭᠡ᠎ᠳᠤ ᠣᠷᠣᠵᠤ ᠰᠣᠷᠪᠣᠯᠵᠢᠯᠠᠨ ᠪᠠᠢ᠌ᠴᠠᠭ᠋ᠠᠯᠲᠠ ᠬᠢᠵᠦ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠳᠠᠩᠰᠠᠯᠠᠭᠤᠯᠤᠭᠰᠠᠨ ᠦᠨᠡᠮᠯᠡᠯ ᠺᠠᠷᠲ᠎ᠲᠠᠢ ᠶᠠᠳᠠᠭᠤ ᠬᠦᠴᠢᠷᠳᠡᠯ᠎ᠲᠠᠢ ᠡᠷᠦᠬᠡ ᠵᠢᠨ ᠠᠮᠢ ᠠᠬᠤᠶ ᠵᠢᠨ ᠤᠢ ᠰᠢᠭᠤᠶ ᠬᠠᠮᠠᠭ᠋ᠠᠯᠠᠭᠴᠢ ᠠᠵᠢᠯ᠎ᠤᠨ ᠪᠠᠶ᠋ᠢᠷᠢᠨ᠎ᠳᠤ ᠭᠠᠷᠬᠤ᠂ ᠠᠮᠢᠳᠤᠷᠠᠯ ᠦᠢ᠍ᠯᠡᠳᠪᠦᠷᠢᠯᠡᠯ᠎ᠤᠨ ᠪᠠᠶ᠋ᠢᠳᠠᠯ᠂ ᠶᠠᠳᠠᠭᠤ ᠬᠦᠴᠢᠷᠳᠡᠯᠲᠡᠶ ᠡᠷᠦᠬᠡ ᠵᠢᠨ ᠬᠦᠷᠢᠶᠡᠨ᠎ᠤ ᠵᠢᠮᠢᠰ᠎ᠤᠨ ᠮᠣᠳᠣ ᠲᠠᠷᠢᠵᠤ ᠪᠣᠶ᠋ᠢᠵᠢᠭᠤᠯᠣᠭᠰᠠᠨ ᠪᠠᠶ᠋ᠢᠳᠠᠯ᠎ᠢ ᠣᠶ᠋ᠢᠯᠠᠭ᠋ᠠᠪᠠ᠃
ᠦᠳᠡ ᠵᠢᠨ ᠡᠮᠦᠨ᠎ᠡ᠂ ᠶᠠᠩ ᠳᠠᠷᠤᠭ᠎ᠠ ᠬᠠᠮᠲᠤ᠎ᠳᠠᠭᠠᠨ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠡᠮᠲᠦ ᠵᠢᠨ ᠭᠣᠣᠯ ᠰᠤᠮᠤ ᠵᠢᠨ ᠬᠢᠩᠭ᠋ᠠᠨ ᠭᠠᠴᠠᠭ᠎ᠠ ᠵᠢᠨ ᠬᠢᠩᠭ᠋ᠠᠨ ᠤᠢ ᠵᠢᠮᠢᠰ᠎ᠤᠨ ᠦᠢ᠍ᠯᠡᠰ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠶᠠᠳᠠᠭᠤ ᠬᠦᠴᠢᠷᠳᠡᠯ᠎ᠲᠠᠢ ᠡᠷᠤᠬᠡ᠎ᠳᠤ ᠣᠷᠢᠳ ᠬᠣᠵᠢᠳ ᠪᠠᠢ᠌ᠴᠠᠭ᠋ᠠᠨ ᠰᠣᠳᠣᠯᠣᠯᠲᠠ ᠬᠢᠵᠦ᠂ ᠬᠥᠳᠡᠯᠮᠦᠷᠢ ᠦᠢ᠍ᠯᠡᠴᠢᠯᠡᠭᠡ ᠵᠢᠨ ᠭᠠᠷᠭ᠋ᠠᠯᠲᠠ ᠵᠢᠨ ᠪᠠᠶ᠋ᠢᠳᠠᠯ ᠪᠠ ᠪᠠᠶᠠᠨ ᠣᠪᠣᠭ᠎ᠠ ᠭᠠᠴᠠᠭ᠎ᠠ ᠵᠢᠨ ᠶᠠᠳᠠᠭᠤ ᠬᠦᠴᠢᠷᠳᠡᠯᠲᠡᠶ ᠡᠷᠦᠬᠡ ᠵᠢᠨ ᠬᠠᠰᠢᠶᠠᠨ᠎ᠳᠠᠬᠢ ᠵᠢᠮᠢᠰ᠎ᠤᠨ ᠮᠣᠳᠣ ᠲᠠᠷᠢᠵᠦ ᠪᠣᠶ᠋ᠢᠵᠢᠭᠤᠯᠬᠤ ᠬᠦᠷᠢᠶ᠎ᠡ ᠵᠢᠴᠢ ᠠᠮᠢ ᠠᠬᠤᠶ ᠵᠢᠨ ᠤᠢ ᠰᠢᠭᠤᠶ ᠵᠢ ᠬᠠᠮᠠᠭ᠋ᠠᠯᠠᠬᠤ ᠪᠠᠶ᠋ᠢᠳᠠᠯ᠎ᠢ ᠳᠠᠢ᠌ᠴᠢᠯᠠᠬᠰᠠᠨ ᠪᠦᠭᠡᠳ ᠵᠢᠯᠣᠭᠣᠳᠣᠯᠭ᠎ᠠ ᠵᠢᠨ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶ᠋ᠢᠨ᠎ᠠ᠃
ᠦᠳᠡ ᠵᠢᠨ ᠬᠣᠢ᠍ᠨ᠎ᠠ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠶᠠᠩ ᠳᠡᠳ᠋ ᠲᠢᠩᠬᠢᠮ᠎ᠤᠨ ᠳᠠᠷᠤᠭ᠎ᠠ ᠬᠠᠮᠲᠤ᠎ᠪᠠᠷ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠶᠡᠬᠡ ᠲᠠᠯ᠎ᠠ ᠵᠢᠨ ᠠᠷᠢᠭᠤᠨ ᠵᠢᠮᠢᠰ᠎ᠤᠨ ᠬᠦᠷᠢᠶᠡᠯᠡᠩ᠎ᠳᠤ ᠬᠦᠷᠴᠦ ᠵᠢᠮᠢᠰ᠎ᠤᠨ ᠮᠣᠳᠤᠨ᠎ᠤ ᠠᠵᠤ ᠠᠬᠤᠶ ᠵᠢᠨ ᠤᠢ ᠵᠢᠨ ᠬᠥᠭᠵᠢᠯᠲᠡ ᠵᠢᠨ ᠪᠠᠢ᠌ᠳᠠᠯ᠎ᠳᠤ ᠪᠠᠶ᠋ᠢᠴᠠᠭ᠋ᠠᠨ ᠰᠤᠳᠤᠯᠤᠯᠲᠠ ᠬᠢᠪᠡ᠂ ᠠᠷᠢᠭᠤᠨ ᠵᠢᠮᠢᠰ᠎ᠤᠨ ᠬᠦᠷᠢᠶᠡᠯᠡᠩ ᠪᠣᠯ ᠶᠡᠬᠡ ᠲᠠᠯ᠎ᠠ ᠣᠢ ᠵᠢᠨ ᠲᠠᠯᠠᠪᠠᠢ ᠵᠢᠨ 2016 ᠣᠨ᠎ᠤ 9 ᠰᠠᠷ᠎ᠠ᠎ᠳᠤ᠂ ᠬᠣᠰᠢᠭᠤᠨ᠎ᠤ ᠪᠠᠶ᠋ᠢᠭ᠎ᠠ ᠭᠠᠵᠠᠷ ᠪᠠᠶᠠᠨᠬᠤᠰᠢᠭᠤ ᠪᠠᠯᠭ᠋ᠠᠰᠤ᠎ᠠᠴᠠ ᠡᠮᠦᠨᠡᠰᠢ 20 ᠺᠢᠯᠣᠮᠧᠲᠷ ᠵᠠᠶ᠋ᠢᠲᠠᠶ ᠭᠠᠵᠠᠷ᠎ᠲᠤ ᠪᠠᠶ᠋ᠢᠷᠢᠯᠠᠵᠤ᠂ ᠤᠳᠤ 42 ᠡᠵᠡᠩᠨᠡᠨ ᠬᠠᠮᠢᠶᠠᠷᠬᠤ ᠠᠵᠢᠯᠳᠠᠨ᠎ᠲᠠᠢ᠂ 300 ᠲᠦᠮᠡᠨ ᠲᠥᠭᠥᠷᠢᠭ ᠪᠡᠯᠡ ᠣᠷᠣᠭᠤᠯᠵᠤ ᠰᠢᠨ᠎ᠡ᠎ᠪᠠᠷ ᠪᠠᠶ᠋ᠢᠭᠤᠯᠤᠭᠰᠠᠨ ᠴᠣᠯ ᠪᠤᠬᠢᠷᠳᠣᠯ ᠦᠭᠡᠢ ᠵᠢᠮᠢᠰ᠎ᠤᠨ ᠬᠦᠷᠢᠶᠡᠯᠡᠩ᠎ᠲᠠᠢ᠂ ᠬᠡᠪᠴᠢᠶ᠎ᠡ᠎ᠨᠢ 500 ᠲᠦᠮᠡᠨ ᠮᠦ᠍ ᠪᠠᠢ᠌ᠨ᠎ᠠ᠂ ᠰᠢᠨ᠎ᠡ ᠡᠭᠦᠯᠳᠡᠷ᠎ᠤᠨ ᠴᠢᠬᠢ ᠰᠠᠭᠤᠯᠭ᠋ᠠᠬᠰᠠᠨ ᠶᠤᠮ᠄ 4 ᠵᠦᠢ᠍ᠯ᠎ᠤᠨ ᠠᠯᠮᠤᠷᠠᠳ᠂ (K9᠂123᠂ ᠰᠢᠨ᠎ᠡ ᠠᠯᠮᠣᠷᠠᠳ 4 ᠳ᠋ᠣᠭᠡᠷ ᠪᠠ ᠬᠠᠨ ᠹᠦ᠋ ᠱ᠌ᠢ ᠠᠯᠮᠣᠷᠠᠳ)᠂ ᠬᠠᠶ᠋ᠢᠲᠠᠩ ᠵᠢᠮᠢᠰ᠂ ᠰᠠᠶ᠋ᠢᠵᠢᠷᠠᠭᠤᠯᠣᠭᠰᠠᠨ ᠠᠭ᠋ᠠᠯᠢᠭ ᠠᠯᠢᠮ᠎ᠠ᠂ ᠤᠯᠠᠭ᠋ᠠᠨ ᠮᠦᠬᠦᠯ᠎ᠵᠢ᠂ ᠤᠯᠠᠭ᠋ᠠᠨ ᠬᠦᠢ᠍ᠯᠡᠰᠦ᠂ ᠬᠦᠱ᠌ᠦ ᠵᠡᠷᠭᠡ᠃ ᠠᠷᠢᠭᠤᠨ ᠵᠢᠮᠢᠰ᠎ᠤᠨ ᠬᠦᠷᠢᠶᠡᠯᠡᠩ ᠬᠢᠩᠭ᠋ᠠᠨ ᠠᠶ᠋ᠢᠮᠠᠭ᠎ᠤᠨ ᠤᠯᠤᠰ᠎ᠤᠨ ᠥᠮᠴᠢᠯᠡᠯ᠎ᠤᠨ ᠣᠶ ᠰᠢᠭᠤᠶ ᠵᠢᠨ ᠲᠠᠯᠠᠪᠠᠶ ᠵᠢᠨ ᠥᠭᠡᠷᠡᠴᠢᠯᠡᠯᠲᠡ ᠵᠢᠨ ᠲᠥᠰᠦᠯ᠎ᠢ ᠦᠨᠳᠦᠰᠦᠯᠡᠨ᠂ ᠶᠡᠬᠡ ᠲᠠᠯ᠎ᠠ ᠵᠢᠨ ᠣᠢ ᠵᠢᠨ ᠲᠠᠯᠠᠪᠤᠷ᠎ᠤᠨ ᠪᠣᠳᠠᠲᠠᠶ᠎ᠲᠠᠢ ᠤᠶᠠᠯᠳᠤᠭᠤᠯᠵᠤ᠂ ᠲᠥᠰᠦᠯ᠎ᠳᠤ ᠳᠤᠷᠠᠳᠤᠭᠰᠠᠨ 《ᠳᠣᠲᠣᠷ᠎ᠠ᠎ᠪᠠᠨ ᠰᠢᠩᠭᠡᠭᠡᠬᠦ᠎ᠪᠠᠷ ᠭᠣᠣᠯ ᠪᠣᠯᠭ᠋ᠠᠵᠤ᠂ ᠤᠯᠡᠠ ᠱᠤᠭᠤᠮ ᠵᠶ᠋ᠠᠷ ᠠᠵᠢᠯ ᠣᠯᠭᠣᠬᠤ ᠵᠢ ᠰᠢᠢ᠍ᠳᠪᠦᠷᠢᠯᠡᠬᠦ》 ᠪᠠ 《ᠬᠥᠮᠦᠨ ᠵᠶ᠋ᠠᠷ ᠦᠨᠳᠦᠰᠦ ᠪᠣᠯᠭ᠋ᠠᠬᠤ᠂ ᠲᠣᠭᠲᠠᠭᠤᠨ ᠪᠠᠶ᠋ᠢᠳᠠᠯ᠎ᠢ ᠦᠨᠡᠨ ᠬᠦ᠌ ᠪᠠᠲᠤᠯᠠᠬᠤ᠂ ᠦᠯᠡᠭᠦᠳᠡᠯ ᠠᠵᠢᠯᠳᠠᠨ ᠠᠵᠢᠯᠴᠢᠨ᠎ᠢ ᠲᠣᠬᠢᠲᠠᠶ ᠲᠥᠪᠬᠢᠨᠡᠭᠦᠯᠬᠦ》 ᠵᠣᠷᠢᠭ ᠰᠠᠨᠠᠭ᠎ᠠ ᠵᠢ ᠢᠳᠡᠪᠬᠢᠲᠡᠶ ᠴᠤᠤᠷᠢᠶᠠᠲᠤᠨ᠂ ᠠᠮᠢ ᠠᠬᠤᠶ ᠵᠢ ᠬᠠᠮᠠᠭ᠋ᠠᠯᠠᠬᠤ᠎ᠲᠠᠢ ᠨᠢᠭᠲᠠ ᠤᠶᠠᠯᠳᠤᠭᠤᠯᠤᠨ᠂ ᠠᠵᠢᠯᠳᠠᠨ ᠠᠵᠢᠯᠴᠢᠨ᠎ᠤ ᠠᠮᠢᠳᠤᠷᠠᠯ᠎ᠤᠨ ᠬᠣᠶᠠᠷ ᠶᠡᠬᠡ ᠬᠠᠷᠠᠯᠲᠠ ᠵᠢ ᠪᠠᠲᠤᠯᠠᠨ᠂ ᠴᠤᠯᠤ ᠨᠣᠭᠣᠭ᠋ᠠᠨ ᠵᠢᠮᠢᠰ᠎ᠤᠨ ᠬᠦᠷᠢᠶᠡᠯᠡᠩ ᠪᠠᠶ᠋ᠢᠭᠤᠯᠣᠭᠳᠠᠵᠣ᠂ ᠲᠤᠰ ᠵᠢᠮᠢᠰ᠎ᠤᠨ ᠬᠦᠷᠢᠶᠡᠯᠡᠩ᠎ᠤᠨ ᠡᠵᠡᠩᠨᠡᠨ ᠬᠠᠮᠢᠶᠠᠷᠬᠤ ᠡᠷᠬᠡ ᠵᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠠᠷᠢᠭᠤᠨ ᠨᠣᠭᠣᠭ᠋ᠠᠨ ᠪᠤᠷᠴᠠᠭ᠎ᠤᠨ ᠵᠦᠢ᠍ᠯ᠎ᠤᠨ ᠬᠢᠵᠠᠭ᠋ᠠᠷᠲᠤ ᠺᠣᠮᠫᠠᠨᠢ᠎ᠳᠤ ᠬᠠᠷᠢᠶᠠᠯᠠᠭᠤᠯᠪᠠ᠃
ᠵᠢᠮᠢᠰ᠎ᠤᠨ ᠮᠣᠳᠣᠨ᠎ᠤ ᠦᠰᠦᠯᠲᠡ ᠪᠠ ᠦᠷᠡᠯᠡᠬᠦ ᠭᠠᠷᠤᠯᠲᠠ ᠵᠢᠨ ᠵᠢᠮ᠎ᠡ ᠶᠣᠰᠣ ᠵᠢ ᠦᠨᠳᠦᠰᠦᠯᠡᠪᠡᠯ᠂ ᠡᠨᠡ ᠵᠢᠯ᠎ᠤᠨ ᠠᠵᠤ ᠠᠬᠤᠶ ᠵᠢᠨ ᠦᠷ᠎ᠡ ᠠᠰᠢᠭ᠎ᠨᠢ ᠨᠡᠯᠢᠶᠡᠳ ᠰᠠᠢ᠌ᠨ᠂ ᠤᠢ ᠰᠢᠭᠤᠶ ᠵᠢᠨ ᠲᠠᠯᠠᠪᠠᠢ ᠵᠢᠨ ᠠᠵᠤ ᠠᠬᠤᠶ ᠵᠢᠨ ᠬᠥᠭᠵᠢᠯᠲᠡ ᠵᠢ ᠲᠦᠷᠭᠡᠳᠬᠡᠵᠦ ᠴᠢᠳᠠᠬᠤ ᠵᠢᠨ ᠬᠠᠮᠲᠤ ᠪᠠᠰᠠ ᠠᠵᠢᠯᠳᠡᠨ ᠠᠵᠢᠯᠴᠢᠳ᠎ᠤᠨ ᠵᠶ᠋ᠠᠨ ᠣᠷᠣᠯᠭ᠎ᠠ ᠵᠢ ᠨᠡᠮᠡᠭᠳᠡᠭᠦᠯᠵᠤ ᠳᠡᠢ᠌ᠯᠦᠨ᠎ᠡ᠃ ᠪᠣᠷᠣᠯᠠᠭᠤᠯᠬᠤ ᠠᠷᠭ᠎ᠠ ᠮᠠᠶᠢᠭ᠎ᠨᠢ ᠵᠢᠭᠤᠯᠴᠢᠯᠠᠭᠴᠢᠳ ᠲᠤᠬᠠᠶ ᠵᠢᠨ ᠭᠠᠵᠠᠷ᠎ᠲᠤᠨᠢ ᠲᠡᠭᠦᠬᠦ ᠪᠠ ᠪᠣᠭᠣᠳᠠᠯᠯᠠᠨ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠤᠶᠠᠯᠳᠤᠭᠤᠯᠤᠨ᠎ᠠ᠃ ᠵᠢᠮᠢᠰ᠎ᠤᠨ ᠦᠢ᠍ᠯᠡᠰ᠎ᠢ ᠬᠥᠭᠵᠢᠭᠦᠯᠬᠦ᠎ᠨᠢ ᠠᠵᠤ ᠠᠬᠤᠶ ᠵᠢᠨ ᠦᠷ᠎ᠡ ᠠᠰᠢᠭ᠎ᠢ ᠡᠭᠦᠳᠴᠦ ᠴᠢᠳᠠᠨ᠎ᠠ᠂ ᠪᠠᠰᠠ ᠨᠣᠭᠣᠭ᠋ᠠᠷᠠᠭᠤᠯᠣᠯᠲᠠ᠂ ᠭᠣᠶᠣᠯᠤᠯᠲᠠ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠮᠠᠰᠢ ᠶᠡᠬᠡ ᠠᠬᠢᠭᠤᠯᠬᠤ ᠦᠢ᠍ᠯᠡᠳᠦᠯ ᠦᠵᠡᠭᠦᠯᠪᠡ᠂ ᠠᠵᠢᠯᠲᠠᠨ ᠠᠵᠢᠯᠴᠢᠨ ᠬᠤᠪᠢ ᠬᠥᠮᠦᠨ ᠵᠢᠮᠢᠰ᠎ᠤᠨ ᠦᠢ᠍ᠯᠡᠰ᠎ᠢ ᠬᠥᠭᠵᠢᠭᠦᠯᠬᠦ ᠢᠳᠡᠪᠬᠢᠵᠢᠯ᠎ᠢ ᠳᠠᠶ᠋ᠢᠴᠢᠯᠠᠵᠤ ᠳᠡᠢ᠌ᠯᠦᠨ᠎ᠡ᠃ ᠢᠯᠠᠩᠭᠤᠶ᠎ᠠ ᠪᠦᠭᠦ ᠬᠣᠰᠢᠭᠤᠨ᠎ᠤ ᠴᠢᠨᠠᠭᠰᠢᠯᠠᠪᠠᠯ ᠪᠦᠬᠦ ᠠᠢ᠌ᠮᠠᠭ᠎ᠤᠨ ᠤᠯᠤᠰ᠎ᠤᠨ ᠦᠮᠴᠢᠯᠡᠯ᠎ᠤᠨ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠳᠤᠮᠳᠠ ᠤᠳᠤ ᠪᠠᠶ᠋ᠢᠭ᠎ᠠ ᠠᠵᠢᠯᠲᠠᠨ ᠠᠵᠢᠯᠴᠢᠨ᠎ᠢ ᠲᠥᠪᠬᠢᠨᠡᠭᠦᠯᠬᠦ᠂ ᠭᠠᠵᠠᠷ ᠰᠢᠷᠣᠶ ᠵᠢᠨ ᠡᠬᠢ ᠪᠠᠶᠠᠯᠢᠭ᠎ᠢ ᠭᠦᠢ᠍ᠴᠡᠳ ᠠᠰᠢᠭᠯᠠᠬᠤ᠂ ᠵᠢᠱ᠌ᠢᠶ᠎ᠡ ᠦᠵᠡᠭᠦᠯᠵᠦ ᠳᠠᠢ᠌ᠴᠢᠯᠠᠨ ᠳᠠᠭ᠋ᠠᠭᠤᠯᠬᠤ ᠦᠢ᠍ᠯᠡᠳᠦᠯ ᠭᠠᠷᠭ᠋ᠠᠵᠠᠶ᠃
