ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠯᠦᠨ ᠪᠣᠶ᠋ᠢᠷ᠎ᠤᠨ ᠶᠠᠭᠰᠢ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ᠎ᠨᠢ ᠤᠨᠤᠪᠴᠢᠲᠠᠢ᠎ᠪᠠᠷ ᠶᠠᠳᠠᠭᠤ ᠵᠢ ᠲᠡᠳᠬᠦᠬᠦ᠎ᠳᠤ ᠳᠡᠮᠵᠢᠯᠭᠡ ᠦᠵᠡᠭᠦᠯᠪᠡ
ᠨᠡᠶ᠋ᠢᠲᠡᠯᠡᠭᠰᠡᠨ ᠴᠠᠭ᠄ 2018-06-06

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ 6 ᠰᠠᠷ᠎ᠠ ᠵᠢᠨ 6᠎ᠤ ᠡᠳᠦᠷ᠎ᠤᠨ ᠮᠡᠳᠡᠭᠡ
     2018 ᠣᠨ᠎ᠳᠤ᠂ ᠶᠠᠭᠰᠢ ᠬᠤᠳᠠ ᠵᠢᠨ ᠤᠢ ᠰᠢᠭᠤᠶ ᠵᠢᠨ ᠲᠣᠪᠴᠢᠶ᠎ᠠ᠎ᠨᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠬᠣ ᠪᠠ ᠪᠦᠬᠦ ᠲᠠᠯ᠎ᠠ᠎ᠪᠠᠷ ᠲᠤᠤᠱᠯᠠᠭᠤᠯᠤᠨ᠂ ᠬᠤᠳᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ ᠰᠢᠢᠳᠪᠦᠷᠢᠯᠡᠬᠦ ᠪᠠᠶ᠋ᠢᠷᠢᠯᠠᠭᠤᠯᠣᠯᠲᠠ ᠵᠢ ᠭᠦᠨᠵᠡᠭᠡᠶ ᠣᠶ᠋ᠢᠯᠠᠭ᠋ᠠᠡ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 《ᠬᠣᠶᠠᠷ ᠶᠠᠪᠤᠳᠠᠯ᠎ᠳᠤ ᠰᠠᠨᠠᠭ᠎ᠠ ᠵᠣᠪᠠᠬᠤ ᠦᠭᠡᠢ ᠪᠣᠯᠭ᠋ᠠᠬᠤ᠂ ᠭᠤᠷᠪᠠ ᠵᠢ ᠪᠠᠲᠤᠯᠠᠬᠤ》᠂ 《ᠨᠢᠭᠡ ᠥᠨᠳᠥᠷ ᠪᠠᠶ᠋ᠢᠵᠤ᠂ ᠨᠢᠭᠡ᠎ᠲᠠᠢ ᠣᠶ᠋ᠢᠷᠠᠲᠤᠭᠰᠠᠨ》 ᠶᠡᠷᠦᠩᠬᠡᠶ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠬᠦᠬᠡ ᠤᠰᠤ ᠬᠦᠬᠡᠮᠳᠦᠭ ᠠᠭᠤᠯᠠ ᠪᠣᠯ ᠠᠯᠲᠠᠨ ᠮᠥᠩᠭᠥᠨ ᠠᠭᠤᠯᠠ ᠮᠥᠨ》 ᠭᠡᠬᠦ ᠣᠶ᠋ᠢᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ ᠤᠨᠤᠪᠴᠢᠲᠠᠢ᠎ᠪᠠᠷ ᠶᠠᠳᠠᠭᠤ ᠵᠢ ᠲᠡᠳᠬᠦᠬᠦ ᠪᠠ ᠠᠮᠢ ᠠᠬᠤᠶ ᠵᠢᠨ ᠬᠠᠮᠠᠭ᠋ᠠᠯᠠᠯᠲᠠ ᠵᠢ ᠬᠠᠮᠲᠤ ᠴᠢᠬᠤᠯᠠᠴᠢᠯᠠᠨ ᠪᠠᠷᠢᠮᠲᠠᠯᠠᠵᠤ᠂ ᠨᠡᠶ᠋ᠢᠲᠡ ᠵᠢᠨ ᠴᠢᠨᠠᠷᠲᠠᠶ ᠬᠠᠮᠢᠶᠠᠷᠴᠣ ᠬᠠᠮᠠᠭ᠋ᠠᠯᠠᠬᠤ ᠠᠵᠢᠯ᠎ᠤᠨ ᠪᠠᠶ᠋ᠢᠷᠢ ᠵᠢ ᠪᠠᠢ᠌ᠭᠤᠯᠵᠤ᠂ ᠤᠢ ᠰᠢᠭᠤᠶ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠥᠳᠡᠯᠮᠦᠷᠢ ᠵᠢᠨ ᠬᠥᠯᠥᠰᠥ ᠣᠯᠭᠣᠮᠵᠢ ᠤᠯᠬᠤ ᠵᠡᠷᠭᠡ ᠬᠡᠯᠪᠡᠷᠢ᠎ᠪᠠᠷ ᠤᠨᠤᠪᠴᠢᠲᠠᠢ᠎ᠪᠠᠷ ᠶᠠᠳᠠᠭᠤ ᠵᠢ ᠲᠡᠳᠬᠦᠬᠦ᠂ ᠤᠨᠤᠪᠴᠢᠲᠠᠢ᠎ᠪᠠᠷ ᠶᠠᠳᠠᠭᠤ᠎ᠠᠴᠠ ᠠᠩᠭᠢᠵᠢᠷᠠᠭᠤᠯᠬᠤ ᠵᠢ ᠭᠣᠣᠯ ᠠᠵᠢᠯ ᠪᠣᠯᠭ᠋ᠠᠨ ᠠᠳᠬᠤᠵᠣ ᠦᠨᠡᠨ ᠬᠦ᠌ ᠨᠠᠶ᠋ᠢᠳᠠᠪᠤᠷᠢᠵᠢᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠠᠮᠢ ᠠᠬᠤᠶ ᠵᠢ ᠵᠠᠰᠠᠨ ᠰᠡᠷᠭᠦᠭᠡᠬᠦ ᠳᠤᠮᠳᠠ ᠨᠠᠩ ᠣᠯᠠᠨ ᠪᠣᠳᠠᠲᠠᠶ ᠠᠰᠢᠭ ᠲᠤᠰᠠ ᠬᠦᠷᠲᠡᠭᠡᠨ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠪᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ 《ᠬᠣᠶᠠᠷ ᠲᠠᠯ᠎ᠠ᠎ᠪᠠᠷ ᠵᠶ᠋ᠠᠨ ᠠᠰᠢᠭ ᠬᠦᠷᠳᠡᠬᠦ》 ᠵᠢ ᠴᠢᠷᠮᠠᠶ᠋ᠢᠨ ᠪᠡᠶᠡᠯᠡᠭᠦᠯᠦᠨ᠎ᠡ᠃
      ᠶᠠᠭᠰᠢ ᠬᠤᠳᠠ ᠵᠢᠨ ᠤᠢ ᠰᠢᠭᠤᠶ ᠵᠢᠨ ᠲᠣᠪᠴᠢᠶ᠎ᠠ 《ᠠᠮᠢ ᠠᠬᠤᠶ ᠵᠢ ᠬᠠᠮᠠᠭ᠋ᠠᠯᠠᠬᠣ᠎ᠪᠠᠷ ᠶᠠᠳᠠᠭᠤ ᠵᠢ ᠲᠡᠳᠬᠦᠬᠦ ᠠᠵᠢᠯ᠎ᠤᠨ ᠲᠥᠰᠦᠯ》 ᠪᠣᠯᠤᠨ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠤᠨᠢᠨ ᠳᠡᠭᠡᠷ᠎ᠡ᠎ᠨᠢ ᠶᠠᠳᠠᠭᠤ ᠵᠢ ᠲᠡᠳᠬᠦᠬᠦ ᠠᠵᠢᠯ᠎ᠤᠨ ᠲᠣᠬᠢᠷᠠᠭᠤᠯᠤᠯᠲᠠ ᠵᠢᠨ ᠪᠠᠶ᠋ᠢᠷᠢᠯᠠᠭᠤᠯᠤᠯᠲᠠ᠎ᠲᠠᠢ ᠤᠶᠠᠯᠳᠤᠭᠤᠯᠤᠨ᠂ ᠭᠤᠷᠪᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠤᠨᠤᠪᠴᠢᠲᠠᠢ᠎ᠪᠠᠷ ᠶᠠᠳᠠᠭᠤ ᠵᠢ ᠲᠡᠳᠬᠦᠬᠦ᠎ᠳᠤ ᠳᠡᠮᠵᠢᠯᠭᠡ ᠦᠵᠡᠭᠦᠯᠪᠡ᠃ ᠨᠢᠭᠡ᠎ᠳᠤ᠂ ᠪᠦᠬᠦ ᠬᠣᠲᠠ ᠵᠢᠨ ᠶᠠᠳᠠᠭᠤ ᠬᠦᠴᠢᠷᠳᠡᠯᠲᠡᠶ ᠺᠠᠷᠲ᠎ᠲᠠᠢ ᠡᠷᠦᠬᠡ ᠵᠢᠨ ᠳᠣᠮᠳᠠ᠎ᠠᠴᠠ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠤᠢ ᠰᠢᠭᠤᠶ ᠵᠢᠨ ᠬᠠᠮᠠᠭ᠋ᠠᠯᠠᠭᠴᠢ ᠵᠢ ᠤᠷᠢᠵᠤ ᠬᠡᠷᠡᠭᠯᠡᠨ᠎ᠡ᠃ ᠬᠣᠶᠠᠷ᠎ᠲᠤ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠣ᠎ᠪᠠᠷ ᠳᠠᠮᠵᠢᠨ᠂ ᠬᠥᠳᠡᠯᠮᠦᠷᠢ ᠵᠢᠨ ᠬᠥᠯᠥᠰᠥ ᠣᠯᠭᠣᠮᠵᠢ ᠣᠯᠭᠣᠨ᠎ᠠ᠃ ᠭᠤᠷᠪᠠ᠎ᠳᠤ᠂ ᠠᠮᠢ ᠠᠬᠤᠶ ᠵᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠤᠯᠠᠮ ᠨᠢᠭᠡ ᠠᠯᠬᠤᠮ ᠨᠡᠭᠡᠭᠡᠨ ᠬᠥᠭᠵᠢᠭᠦᠯᠵᠣ᠂ ᠶᠠᠳᠠᠭᠤ ᠬᠦᠴᠢᠷᠳᠡᠯᠲᠡᠶ ᠡᠷᠦᠬᠡ ᠵᠢᠨ ᠣᠷᠣᠯᠭ᠎ᠠ ᠵᠢ ᠨᠡᠮᠡᠭᠳᠡᠭᠦᠯᠦᠨ᠎ᠡ᠃  
      ᠶᠠᠭᠰᠢ ᠬᠣᠲᠠ ᠵᠢᠨ ᠤᠢ ᠰᠢᠭᠤᠶ ᠵᠢᠨ ᠲᠣᠪᠴᠢᠶ᠎ᠠ ᠵᠢᠨ᠎ᠬᠢᠨ ᠤᠯᠤᠰ ᠣᠷᠣᠨ᠎ᠤ ᠠᠮᠢ ᠠᠬᠤᠶ ᠵᠢ ᠬᠠᠮᠠᠭ᠋ᠠᠯᠠᠨ ᠶᠠᠳᠠᠭᠤ ᠵᠢ ᠲᠡᠳᠬᠦᠬᠦ ᠲᠦᠷᠦ ᠵᠢᠨ ᠪᠤᠳᠤᠯᠭ᠎ᠠ ᠪᠠ   ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠬᠦ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠰᠤᠷᠤᠯᠴᠠᠨ ᠲᠤᠤᠱᠯᠠᠭᠤᠯᠵᠤ᠂ ᠠᠮᠢ ᠠᠬᠤᠶ ᠵᠢᠨ ᠠᠵᠤ ᠦᠢ᠍ᠯᠡᠰ᠎ᠤᠨ ᠡᠵᠡᠩᠨᠡᠯᠲᠡ ᠵᠢᠨ ᠴᠢᠨᠠᠷᠲᠠᠶ ᠣᠷᠣᠯᠭ᠎ᠠ ᠪᠠ ᠡᠳ᠋᠎ᠤᠨ ᠵᠠᠰᠠᠭ᠎ᠤᠨ ᠴᠢᠨᠠᠷᠲᠠᠶ ᠣᠷᠣᠯᠭ᠎ᠠ ᠵᠢ ᠨᠡᠮᠡᠭᠳᠡᠭᠦᠯᠬᠦ ᠵᠢ ᠦᠷᠭᠦᠯᠵᠢᠯᠡᠨ ᠬᠥᠭᠵᠢᠭᠦᠯᠵᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠵᠡᠷᠭᠡ ᠰᠢᠯᠵᠢᠯᠲᠡ ᠵᠢᠨ ᠴᠢᠨᠠᠷᠲᠠᠶ ᠲᠦᠷᠦ ᠵᠢᠨ ᠪᠤᠳᠤᠯᠭ᠎ᠠ ᠵᠢᠨ ᠣᠷᠣᠯᠭ᠎ᠠ ᠵᠡᠷᠭᠡ ᠲᠠᠯ᠎ᠠ᠎ᠪᠠᠷ ᠬᠢᠭᠰᠡᠨ ᠠᠰᠢᠭᠲᠠᠶ ᠲᠤᠷᠰᠢᠯᠲᠠ᠎ᠨᠢ ᠦᠨᠡᠨᠬᠦ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠤᠨ ᠠᠵᠢᠯ᠎ᠳᠤ ᠳᠡᠮᠵᠢᠯᠭᠡ ᠦᠵᠡᠭᠦᠯᠵᠡᠶ᠃


ᠢᠷᠡᠯᠲᠡ᠄ ᠬᠦᠯᠦᠨ ᠪᠤᠢ᠌ᠷ ᠬᠣᠲᠠ ᠵᠢᠨ ᠰᠢᠭᠣᠢ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠎ᠳᠤ ᠬᠦᠷᠴᠦ ᠤᠢ ᠰᠢᠭᠤᠶ ᠵᠢᠨ ᠠᠮᠢ ᠠᠬᠤᠶ ᠵᠢᠨ ᠶᠠᠳᠠᠭᠤ ᠵᠢ ᠲᠡᠳᠬᠦᠬᠦ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠡ
ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠵᠠᠩ ᡁᠢ ᠵᠡᠷᠭᠡ ᠣᠳᠣᠷᠢᠳᠣᠯᠭ᠎ᠠ ᠴᠠᠶ ᠾᠧ ᠵᠢᠨ ᠰᠢᠭᠤᠶ᠋ᠢᠲᠤ ᠪᠠᠯᠭ᠋ᠠᠰᠣᠨ᠎ᠤ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢᠩᠬᠢᠨᠢ᠎ᠪᠠᠷ ᠠᠵᠢᠯᠯᠠᠵᠤ ᠡᠬᠢᠯᠡᠭᠰᠡᠨ ᠪᠠᠶ᠋ᠢᠨ᠎ᠠ
ᠡᠾᠸᠪᠸᠢ᠂ ᠦᠪᠦᠷ ᠮᠣᠩᠭᠣᠯ᠂ ᠯᠢᠶᠣᠣᠨᠢᠩ᠎ᠤᠨ ᠣᠯᠠᠭ᠋ᠠᠨ ᠨᠠᠷᠠᠰᠣᠨ ᠲᠤᠰᠣᠯᠢᠭ ᠬᠤᠶᠠᠭᠲᠤ ᠬᠣᠷᠣᠬᠠᠢ ᠵᠢ ᠬᠠᠮᠲᠤᠷᠠᠨ ᠰᠡᠷᠭᠡᠶ᠋ᠢᠯᠡᠬᠦ ᠬᠤᠷᠠᠯ ᠥᠪᠥᠷ ᠮᠣᠩᠭᠣᠯ᠎ᠤᠨ ᠤᠯᠠᠭ᠋ᠠᠨᠬᠠᠳᠠ᠎ᠳᠤ ᠬᠤᠷᠠᠯᠳᠤᠪᠠ
《ᠣᠳᠣᠬᠢᠴᠢᠯᠠᠭᠰᠠᠨ ᠠᠮᠢ ᠠᠬᠤᠶ ᠵᠢᠨ ᠴᠡᠴᠡᠷᠯᠢᠭ ᠬᠤᠳᠠ ᠵᠢ ᠪᠠᠢ᠌ᠭᠤᠯᠤᠨ᠂ ᠪᠤᠭᠤᠮᠲᠠ᠎ᠳᠠᠬᠢ ᠵᠢᠶᠠᠩᠨᠠᠨ᠎ᠤ ᠨᠤᠭᠤᠭ᠋ᠠᠨ ᠵᠶ᠋ᠠᠷ ᠰᠡᠭᠦᠢ᠌ᠬᠦ ᠵᠢ ᠪᠡᠶᠡᠯᠡᠬᠦᠯᠬᠦ》 ᠵᠢᠨ ᠲᠦᠯᠦᠭᠡ᠂ ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ᠎ᠠᠴᠠ ᠠᠵᠢᠯᠯᠠᠭ᠎ᠠ ᠶᠠᠪᠤᠭᠤᠯᠵᠤ ᠪᠤᠢ
 
             蒙ICP备05000248号