ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢᠩᠬᠢᠨᠢ᠎ᠪᠠᠷ ᠠᠵᠢᠯᠯᠠᠵᠤ ᠡᠬᠢᠯᠡᠭᠰᠡᠨ ᠪᠠᠶ᠋ᠢᠨ᠎ᠠ
ᠨᠡᠶ᠋ᠢᠲᠡᠯᠡᠭᠰᠡᠨ ᠴᠠᠭ᠄ 2018-06-20

     5 ᠰᠠᠷ᠎ᠠ ᠵᠢᠨ 31᠎ᠤ ᠡᠳᠦᠷ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠲᠤᠬᠠᠶ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ᠃ ᠡᠨᠡ ᠪᠣᠯ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠠᠷᠠᠭ᠋ᠠᠬᠢ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠩᠬ᠎ᠠ ᠤᠳᠠᠭ᠋ᠠᠨ᠎ᠤ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠬᠤᠷᠠᠯ ᠪᠤᠯᠤᠨ᠎ᠠ᠂ ᠮᠦᠨ ᠴᠤ᠌ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠢ ᠵᠣᠬᠢᠴᠠᠭᠤᠯᠬᠤ ᠲᠣᠭᠲᠠᠴᠠ ᠵᠢᠩᠬᠢᠨᠢ᠎ᠪᠠᠷ ᠠᠵᠢᠯᠯᠠᠵᠤ ᠡᠬᠢᠯᠡᠭᠰᠡᠨ᠎ᠢ ᠬᠠᠷᠠᠭᠤᠯᠵᠦ ᠪᠠᠢ᠌ᠭ᠎ᠠ ᠶᠤᠮ᠃
      ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠳᠡᠳ᠋ ᠳᠠᠷᠤᠭ᠎ᠠ ᠵᠠᠩ ᠶᠦᠩ ᠯᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃ ᠵᠠᠩ ᠶᠦᠩ ᠯᠢ ᠶᠠᠷᠢᠬᠤ᠎ᠳᠠᠭᠠᠨ᠂ ᠣᠶ᠋ᠢᠷ᠎ᠠ ᠵᠢᠨ ᠵᠢᠯ᠎ᠠᠴᠠ ᠨᠠᠰᠢ᠂ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠭᠡᠳᠦ ᠬᠡᠮᠵᠢᠶᠡᠨ᠎ᠤ ᠴᠢᠬᠤᠯᠴᠢᠯᠠᠭ᠎ᠠ ᠪᠠ ᠬᠦᠴᠦᠲᠡᠶ ᠳᠡᠮᠵᠢᠯᠭᠡ ᠳᠣᠣᠷ᠎ᠠ᠂ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠠᠬᠢᠴᠠ ᠤᠷᠤᠭᠰᠢᠲᠠᠶ ᠶᠠᠪᠤᠭᠳᠠᠵᠦ᠂ ᠠᠮᠵᠢᠯᠲᠠ᠎ᠨᠢ ᠮᠡᠳᠡᠭᠳᠡᠮ᠎ᠡ ᠪᠠᠢ᠌ᠨ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠤᠳᠤᠷᠢᠳᠬᠤ ᠳᠤᠭᠤᠶ᠋ᠢᠯᠠᠩ᠎ᠢ ᠵᠤᠬᠢᠶᠠᠨ ᠪᠠᠢ᠌ᠭᠤᠯᠵᠦ᠂ ᠠᠮᠢ ᠠᠬᠤᠶ ᠵᠢᠨ ᠠᠮᠤᠷ ᠲᠦᠪᠰᠢᠨ᠎ᠤ ᠰᠤᠳᠤᠯᠤᠯ᠎ᠤᠨ ᠲᠥᠪ᠎ᠢ ᠲᠤᠰᠬᠠᠶ᠋ᠢᠯᠠᠨ ᠪᠠᠶ᠋ᠢᠭᠤᠯᠵᠤ᠂ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠢ ᠵᠣᠬᠢᠴᠠᠭᠤᠯᠬᠤ ᠲᠣᠭᠲᠠᠴᠠ ᠵᠢ ᠲᠤᠭᠳᠠᠭ᠋ᠠᠵᠦ᠂ ᠭᠣᠣᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠭᠡ ᠲᠣᠭᠲᠠᠭ᠋ᠠᠵᠤ᠂ ᠰᠢᠨ᠎ᠡ ᠵᠢ ᠡᠭᠦᠳᠬᠦ ᠲᠥᠷᠥ ᠵᠢᠨ ᠪᠣᠳᠣᠯᠭ᠎ᠠ ᠵᠢ ᠲᠡᠬᠦᠯᠳᠡᠷᠵᠢᠬᠦᠯᠦᠨ᠂ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠵᠤ᠂ ᠲᠥᠪ ᠬᠤᠷᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠲᠦᠷᠦ ᠵᠢᠨ ᠪᠤᠲᠤᠯᠭ᠎ᠠ ᠪᠠ ᠠᠵᠢᠯ᠎ᠤᠨ ᠪᠠᠢ᠌ᠷᠠᠯᠠᠭᠤᠯᠤᠯᠳᠠ ᠵᠢ ᠪᠦᠲᠦᠮᠵᠢᠲᠡᠶ ᠲᠤᠤᠱᠯᠠᠭᠤᠯᠪᠠ᠃
      ᠵᠠᠩ ᠶᠦᠩ ᠯᠢ ᠴᠢᠬᠤᠯᠠᠴᠢᠯᠠᠭᠰᠠᠨ᠎ᠨᠢ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠬᠤ ᠪᠣᠯ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠨᠠᠢ᠌ᠳᠠᠪᠤᠷᠵᠢᠭᠤᠯᠬᠤ ᠮᠢᠩᠭ᠋ᠠᠨ ᠵᠢᠯ᠎ᠤᠨ ᠶᠡᠬᠡ ᠪᠤᠳᠤᠯᠭ᠎ᠠ᠂ ᠦᠨᠳᠦᠰᠦᠨ ᠪᠤᠳᠤᠯᠭ᠎ᠠ ᠵᠢᠨ ᠰᠠᠭᠤᠷᠢ ᠠᠵᠢᠯ ᠮᠥᠨ᠃ ᠶᠡᠷᠦᠩᠬᠡᠶ᠎ᠳᠤᠨᠢ ᠠᠪᠴᠤ ᠦᠵᠡᠪᠡᠯ᠂ ᠮᠠᠨ᠎ᠤ ᠤᠯᠤᠰ᠎ᠤᠨ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠤᠷᠳᠤ ᠬᠤᠭᠤᠴᠠᠭ᠋ᠠᠨ᠎ᠤ ᠲᠤᠷᠰᠢ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠠᠴᠠ ᠬᠣᠴᠣᠷᠴᠤ᠂ ᠮᠥᠨ ᠯᠡ ᠤᠢ ᠮᠣᠳᠣ᠎ᠪᠠᠷ ᠳᠤᠲᠠᠮᠠᠭ ᠤᠯᠤᠰ ᠪᠠᠢ᠌ᠵᠦ᠂ ᠣᠢ ᠰᠢᠭᠤᠢ᠂ ᠴᠢᠬᠢᠭᠯᠢᠭ ᠭᠠᠵᠠᠷ᠂ ᠨᠤᠲᠤᠭ ᠪᠡᠯᠴᠢᠭᠡᠷ ᠵᠡᠷᠭᠡ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ ᠮᠥᠨ ᠨᠡᠯᠢᠶᠡᠳ ᠪᠠᠭᠤᠷᠠᠶ ᠪᠠᠶ᠋ᠢᠨ᠎ᠠ᠃ ᠠᠮᠢ ᠠᠬᠤᠶ ᠵᠢᠨ ᠬᠠᠮᠠᠭ᠋ᠠᠯᠠᠨ ᠰᠡᠷᠬᠦᠭᠡᠯᠳᠠ᠎ᠳᠤ ᠲᠤᠯᠭ᠋ᠠᠷᠠᠵᠦ ᠪᠠᠢ᠌ᠭ᠎ᠠ ᠪᠠᠢ᠌ᠳᠠᠯ ᠮᠦᠨ ᠬᠦ᠌ ᠬᠦᠨᠳᠦ ᠨᠣᠴᠢᠲᠠᠶ ᠪᠠᠶ᠋ᠢᠵᠤ᠂ ᠰᠢᠨ᠎ᠡ ᠪᠠᠶ᠋ᠢᠳᠠᠯ᠎ᠢ ᠡᠷᠬᠡᠪᠰᠢ ᠵᠥᠪ ᠣᠨᠣᠪᠴᠢᠲᠠᠶ ᠡᠵᠡᠮᠳᠡᠵᠦ᠂ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠬᠡᠨ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ᠎ᠪᠠᠷ ᠠᠵᠢᠯ ᠬᠢᠵᠦ᠂ ᠤᠢ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠠᠮᠤᠷ ᠲᠦᠪᠰᠢᠨ᠎ᠤ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠶᠠᠰᠤ ᠴᠢᠨᠠᠷ ᠰᠠᠶ᠋ᠢᠲᠠᠶ ᠪᠡᠶᠡᠯᠡᠬᠦᠯᠵᠦ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠢᠳᠡᠭᠡᠯ ᠨᠠᠢ᠌ᠳᠠᠪᠤᠷᠢ ᠵᠢ ᠬᠥᠰᠡᠷᠳᠡᠭᠦᠯᠬᠦ ᠦᠭᠡᠢ ᠪᠠᠶ᠋ᠢᠬᠤ ᠬᠡᠷᠡᠭᠳᠡᠢ᠃
    ᠵᠠᠩ ᠶᠦᠩ ᠯᠢ ᠱᠠᠭ᠋ᠠᠷᠳᠠᠭᠰᠠᠨ᠎ᠨᠢ᠂ ᠰᠢ ᠵᠢᠨ ᠫᠢᠩ᠎ᠤᠨ ᠰᠢᠨ᠎ᠡ ᠴᠠᠭ ᠦᠶ᠎ᠠ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠬᠥᠲᠥᠯᠥᠨ ᠲᠠᠭ᠋ᠠᠭᠤᠯᠬᠤ ᠵᠢ ᠪᠠᠷᠢᠮᠲᠠᠯᠠᠵᠤ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠬᠤ ᠶᠠᠪᠤᠳᠠᠯ ᠵᠶ᠋ᠠᠷ ᠭᠣᠣᠯ ᠬᠠᠷᠠᠯᠲᠠ᠎ᠪᠠᠨ ᠪᠣᠯᠭ᠋ᠠᠵᠤ᠂ ᠣᠶ ᠰᠢᠭᠤᠶ᠂ ᠴᠢᠬᠢᠭᠯᠢᠭ ᠭᠠᠵᠠᠷ᠂ ᠬᠡᠭᠡᠷ᠎ᠡ ᠲᠠᠯ᠎ᠠ᠂ ᠲᠠᠴᠢᠷ ᠴᠦᠯ᠎ᠤᠨ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠵᠢ ᠬᠦᠴᠦᠯᠡᠨ ᠴᠢᠩᠭ᠋ᠠᠷᠠᠭᠤᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠶ᠃ ᠠᠮᠢ ᠠᠬᠤᠶ ᠵᠢᠨ ᠰᠢᠰᠲ᠋ᠧᠮ᠎ᠤᠨ ᠦᠢ᠍ᠯᠡᠴᠢᠯᠡᠭᠡᠨ᠎ᠤ ᠴᠢᠳᠠᠪᠬᠢ ᠪᠣᠯᠤᠨ ᠳᠠᠭ᠋ᠠᠭ᠋ᠠᠴᠠ ᠵᠢᠨ ᠴᠢᠳᠠᠮᠵᠢ ᠵᠢ ᠴᠢᠨᠭ᠌ᠭ᠋ᠠᠳᠬᠠᠵᠦ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠤ ᠨᠣᠭᠣᠭ᠋ᠠᠨ ᠬᠠᠯᠬᠠᠪᠴᠢ ᠵᠢ ᠬᠠᠮᠠᠭ᠋ᠠᠯᠠᠬᠤ ᠵᠢ ᠪᠠᠲᠤ ᠴᠣᠭᠴᠠᠯᠠᠬᠤ ᠬᠡᠷᠡᠭᠲᠡᠶ᠃ ᠠᠮᠢ ᠠᠬᠤᠶ ᠵᠢᠨ ᠠᠮᠤᠷ ᠲᠦᠪᠰᠢᠨ᠎ᠤ ᠴᠢᠬᠤᠯᠠ ᠶᠡᠬᠡ ᠠᠰᠠᠭᠤᠳᠠᠯ᠎ᠤᠨ ᠰᠤᠳᠤᠯᠭ᠋ᠠᠨ᠎ᠢ ᠦᠨᠡᠨ ᠬᠦ᠌ ᠴᠢᠩᠭ᠋ᠠᠳᠬᠠᠵᠤ᠂ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠪᠦᠬᠦ ᠬᠦᠴᠦ᠎ᠪᠠᠷ ᠵᠶ᠋ᠠᠨ ᠪᠡᠶᠡᠯᠡᠭᠦᠯᠬᠦ ᠬᠡᠷᠡᠭᠲᠡᠶ᠂ ᠠᠮᠢ ᠠᠬᠤᠶ ᠵᠢᠨ ᠬᠦᠷᠢᠶᠡᠨ᠎ᠤ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠵᠢ ᠰᠠᠶ᠋ᠢᠲᠤᠷ ᠬᠢᠵᠦ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠤ ᠣᠨ᠎ᠤ ᠮᠡᠳᠡᠭᠦᠯᠦᠯᠲᠡ ᠵᠢ ᠬᠢᠨᠠᠮᠠᠭ᠋ᠠᠶ ᠨᠠᠶ᠋ᠢᠷᠠᠭᠤᠯᠤᠨ ᠪᠢᠴᠢᠬᠦ ᠬᠡᠷᠡᠭᠳᠡᠢ᠃ ᠲᠥᠪ ᠬᠣᠷᠢᠶᠠᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠬᠠᠮᠤᠭ᠎ᠤᠨ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠵᠦ᠂ ᠲᠣᠭᠲᠠᠴᠠ ᠵᠢ ᠵᠣᠬᠢᠴᠠᠭᠤᠯᠬᠤ᠎ᠪᠠᠷ ᠲᠠᠪᠴᠠᠩ ᠬᠢᠭᠡᠳ ᠠᠴᠢᠶᠠᠯᠠᠪᠤᠷᠢ ᠪᠤᠯᠭ᠋ᠠᠵᠦ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃ ᠳᠣᠲᠣᠭ᠋ᠠᠳᠤ ᠭᠠᠳᠠᠭ᠋ᠠᠳᠤ ᠵᠢ ᠨᠢᠭᠡᠳᠦᠯᠲᠡᠶ ᠲᠥᠯᠥᠪᠵᠢᠭᠦᠯᠬᠦ ᠵᠢ ᠰᠠᠶ᠋ᠢᠲᠤᠷ ᠬᠢᠵᠦ᠂ ᠲᠤᠰ ᠲᠤᠰ᠎ᠤᠨ ᠵᠶ᠋ᠠᠨ ᠲᠤᠰᠢᠶᠠᠯ᠎ᠢ ᠭᠦᠢ᠍ᠴᠡᠳᠬᠡᠬᠦ᠂ ᠬᠦᠴᠦ ᠬᠠᠮᠲᠤᠷᠠᠨ ᠠᠵᠢᠯᠯᠠᠬᠤ᠂ ᠤᠢ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠬᠦᠴᠦᠷᠬᠡᠭ ᠶᠡᠬᠡ ᠨᠢᠭᠲᠠᠷᠠᠯ᠎ᠤᠨ ᠬᠦᠴᠦᠨ᠎ᠢ ᠴᠢᠷᠮᠠᠢ᠌ᠨ ᠪᠦᠷᠢᠯᠳᠦᠭᠦᠯᠵᠦ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠠᠮᠢ ᠠᠬᠤᠶ ᠵᠢᠨ ᠪᠣᠯᠪᠠᠰᠤᠨ ᠪᠠ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠬᠦᠯᠬᠦ ᠬᠡᠷᠡᠭᠳᠡᠢ᠃


ᠢᠷᠡᠯᠲᠡ᠄ ᠲᠤᠮᠳᠠᠳᠤ ᠤᠯᠤᠰ᠎ᠤᠨ ᠤᠢ ᠰᠢᠭᠤᠢ ᠵᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
ᠡᠾᠸᠪᠸᠢ᠂ ᠦᠪᠦᠷ ᠮᠣᠩᠭᠣᠯ᠂ ᠯᠢᠶᠣᠣᠨᠢᠩ᠎ᠤᠨ ᠣᠯᠠᠭ᠋ᠠᠨ ᠨᠠᠷᠠᠰᠣᠨ ᠲᠤᠰᠣᠯᠢᠭ ᠬᠤᠶᠠᠭᠲᠤ ᠬᠣᠷᠣᠬᠠᠢ ᠵᠢ ᠬᠠᠮᠲᠤᠷᠠᠨ ᠰᠡᠷᠭᠡᠶ᠋ᠢᠯᠡᠬᠦ ᠬᠤᠷᠠᠯ ᠥᠪᠥᠷ ᠮᠣᠩᠭᠣᠯ᠎ᠤᠨ ᠤᠯᠠᠭ᠋ᠠᠨᠬᠠᠳᠠ᠎ᠳᠤ ᠬᠤᠷᠠᠯᠳᠤᠪᠠ
《ᠣᠳᠣᠬᠢᠴᠢᠯᠠᠭᠰᠠᠨ ᠠᠮᠢ ᠠᠬᠤᠶ ᠵᠢᠨ ᠴᠡᠴᠡᠷᠯᠢᠭ ᠬᠤᠳᠠ ᠵᠢ ᠪᠠᠢ᠌ᠭᠤᠯᠤᠨ᠂ ᠪᠤᠭᠤᠮᠲᠠ᠎ᠳᠠᠬᠢ ᠵᠢᠶᠠᠩᠨᠠᠨ᠎ᠤ ᠨᠤᠭᠤᠭ᠋ᠠᠨ ᠵᠶ᠋ᠠᠷ ᠰᠡᠭᠦᠢ᠌ᠬᠦ ᠵᠢ ᠪᠡᠶᠡᠯᠡᠬᠦᠯᠬᠦ》 ᠵᠢᠨ ᠲᠦᠯᠦᠭᠡ᠂ ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ᠎ᠠᠴᠠ ᠠᠵᠢᠯᠯᠠᠭ᠎ᠠ ᠶᠠᠪᠤᠭᠤᠯᠵᠤ ᠪᠤᠢ
ᠨᠢᠭᠤᠴᠠ ᠵᠢ ᠬᠠᠮᠠᠭ᠋ᠠᠯᠠᠬᠤ ᠦᠵᠡᠯ ᠤᠬᠠᠮᠰᠠᠷ ᠵᠶ᠋ᠠᠨ ᠴᠢᠩᠭ᠋ᠠᠳᠬᠠᠵᠤ᠂ ᠨᠢᠭᠤᠴᠠ ᠵᠢ ᠬᠠᠮᠠᠭ᠋ᠠᠯᠠᠬᠤ ᠠᠵᠢᠯ ᠵᠶ᠋ᠠᠨ ᠰᠠᠶ᠋ᠢᠲᠤᠷ ᠬᠢᠪᠡ
ᠪᠤᠭᠤᠲᠤ ᠬᠣᠲᠠ ᠵᠢᠨ ᠤᠢ ᠰᠢᠭᠤᠶ ᠵᠢᠨ ᠲᠣᠪᠴᠢᠶ᠎ᠠ᠎ᠠᠴᠠ 《ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠰᠠᠬᠢᠨ ᠬᠠᠮᠠᠭ᠋ᠠᠯᠠᠬᠤ · 2018》 ᠭᠡᠬᠦ ᠲᠤᠰᠬᠠᠶ ᠠᠵᠢᠯᠯᠠᠭ᠎ᠠ ᠵᠢ ᠪᠦᠬᠦ ᠬᠦᠴᠦ᠎ᠪᠠᠷ ᠵᠶ᠋ᠠᠨ ᠠᠬᠢᠭᠤᠯᠪᠠ
ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ ᠨᠠᠮ᠎ᠤᠨ ᠭᠡᠰᠢᠭᠦᠨ ᠺᠠᠳ᠋ᠷ᠎ᠢ ᠲᠥᠪᠯᠡᠷᠡᠭᠦᠯᠦᠨ ᠰᠤᠷᠤᠯᠴᠠᠭᠤᠯᠬᠤ ᠪᠣᠯᠪᠠᠰᠤᠷᠠᠯ᠎ᠤᠨ ᠠᠩᠭᠢ ᠡᠷᠬᠢᠯᠪᠡ
 
             蒙ICP备05000248号