ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠡᠾᠸᠪᠸᠢ᠂ ᠦᠪᠦᠷ ᠮᠣᠩᠭᠣᠯ᠂ ᠯᠢᠶᠣᠣᠨᠢᠩ᠎ᠤᠨ ᠣᠯᠠᠭ᠋ᠠᠨ ᠨᠠᠷᠠᠰᠣᠨ ᠲᠤᠰᠣᠯᠢᠭ ᠬᠤᠶᠠᠭᠲᠤ ᠬᠣᠷᠣᠬᠠᠢ ᠵᠢ ᠬᠠᠮᠲᠤᠷᠠᠨ ᠰᠡᠷᠭᠡᠶ᠋ᠢᠯᠡᠬᠦ ᠬᠤᠷᠠᠯ ᠥᠪᠥᠷ ᠮᠣᠩᠭᠣᠯ᠎ᠤᠨ ᠤᠯᠠᠭ᠋ᠠᠨᠬᠠᠳᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2018-06-06

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ 6 ᠰᠠᠷ᠎ᠠ ᠵᠢᠨ 6᠎ᠤ ᠡᠳᠦᠷ᠎ᠤᠨ ᠮᠡᠳᠡᠭᠡ
     5 ᠰᠠᠷ᠎ᠠ ᠵᠢᠨ 29᠎ᠤ ᠡᠳᠦᠷ᠂ ᠤᠯᠤᠰ᠎ᠤᠨ ᠤᠢ ᠰᠢᠭᠤᠶ ᠵᠢᠨ ᠰᠡᠷᠭᠡᠶ᠋ᠢᠯᠡᠨ ᠵᠠᠰᠠᠬᠤ ᠶᠡᠷᠦᠩᠬᠡᠶ ᠥᠷᠲᠡᠭᠡ᠎ᠠᠴᠠ ᠭᠣᠣᠯᠯᠠᠨ ᠡᠷᠭᠢᠯᠡᠭᠰᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠰᠡᠷᠭᠡᠶ᠋ᠢᠯᠡᠨ ᠵᠠᠰᠠᠬᠤ ᠥᠷᠲᠡᠭᠡ᠎ᠠᠴᠠ ᠳᠠᠭ᠋ᠠᠭ᠋ᠠᠴᠢᠯᠠᠨ ᠡᠷᠭᠢᠯᠡᠭᠰᠡᠨ 《ᠡᠾᠸᠪᠸᠢ᠂ ᠦᠪᠦᠷ ᠮᠣᠩᠭᠣᠯ᠂ ᠯᠢᠶᠣᠣᠨᠢᠩ ᠣᠯᠠᠭ᠋ᠠᠨ ᠨᠠᠷᠠᠰᠣᠨ ᠲᠤᠰᠣᠯᠢᠭ ᠬᠤᠶᠠᠭᠲᠤ ᠬᠤᠷᠤᠬᠠᠢ ᠵᠢ ᠬᠠᠮᠲᠤᠷᠠᠨ ᠰᠡᠷᠭᠡᠶ᠋ᠢᠯᠡᠵᠦ ᠵᠠᠰᠠᠬᠤ ᠬᠤᠷᠠᠯ》᠎ᠢ ᠥᠪᠥᠷ ᠮᠣᠩᠭᠣᠯ᠎ᠤᠨ ᠤᠯᠠᠭ᠋ᠠᠨᠬᠠᠳᠠ᠎ᠳᠤ ᠬᠤᠷᠠᠯᠳᠤᠪᠠ᠃
      ᠲᠤᠰ ᠬᠤᠷᠠᠯ ᠪᠣᠯ ᠡᠨᠡ ᠬᠠᠪᠤᠷ᠎ᠤᠨ ᠡᠾᠸᠪᠸᠢ᠂ ᠦᠪᠦᠷ ᠮᠣᠩᠭᠣᠯ᠂ ᠯᠢᠶᠣᠣᠨᠢᠩ ᠭᠤᠷᠪᠠᠨ ᠮᠤᠵᠢ ᠣᠯᠠᠭ᠋ᠠᠨ ᠨᠠᠷᠠᠰᠣᠨ ᠲᠤᠰᠣᠯᠢᠭ ᠬᠤᠶᠠᠭᠲᠤ ᠬᠤᠷᠤᠬᠠᠢ ᠵᠢᠨ ᠬᠦᠷᠢᠶ᠎ᠡ ᠬᠡᠪᠴᠢᠶ᠎ᠡ᠎ᠨᠢ ᠥᠷᠭᠡᠨ᠂ ᠬᠣᠣᠷ ᠬᠥᠨᠥᠭᠡᠯ᠎ᠤᠨ ᠬᠡᠮᠵᠢᠶ᠎ᠡ᠎ᠨᠢ ᠬᠦᠨᠳᠦᠷᠡᠵᠦ ᠪᠠᠶ᠋ᠢᠭ᠎ᠠ ᠬᠡᠴᠡᠭᠦᠦ ᠪᠠᠶ᠋ᠢᠳᠠᠯ᠎ᠤᠨ ᠳᠣᠣᠷ᠎ᠠ᠂ ᠰᠡᠷᠭᠡᠶ᠋ᠢᠯᠡᠨ ᠵᠠᠰᠠᠬᠤ ᠠᠵᠢᠯ ᠪᠦᠬᠦ ᠲᠠᠯ᠎ᠠ᠎ᠪᠠᠷ ᠥᠷᠨᠢᠭᠰᠡᠨ ᠵᠠᠩᠭᠢᠯᠠᠭ᠎ᠠ ᠵᠢᠨ ᠦᠶ᠎ᠡ᠎ᠳᠤ ᠵᠣᠭᠢᠶᠠᠨ ᠪᠠᠢ᠌ᠭᠤᠯᠤᠭᠰᠠᠨ ᠴᠢᠬᠤᠯᠠ ᠬᠤᠷᠠᠯ ᠪᠣᠯᠤᠨ᠎ᠠ᠃ ᠬᠤᠷᠠᠯ ᠳᠡᠭᠡᠷ᠎ᠡ᠂ ᠡᠯ᠎ᠡ ᠮᠤᠵᠢ ᠣᠷᠣᠨ᠎ᠤ ᠣᠯᠠᠭ᠋ᠠᠨ ᠨᠠᠷᠠᠰᠣᠨ ᠲᠤᠰᠣᠯᠢᠭ ᠬᠤᠶᠠᠭᠲᠤ ᠬᠤᠷᠤᠬᠠᠢ ᠵᠢᠨ ᠬᠣᠣᠷ ᠬᠥᠨᠥᠭᠡᠯ ᠤᠴᠠᠷᠠᠭᠤᠯᠭᠰᠠᠨ ᠪᠠᠶ᠋ᠢᠳᠠᠯ᠎ᠢ ᠮᠡᠳᠡᠭᠳᠡᠵᠦ᠂ ᠰᠡᠷᠭᠡᠶ᠋ᠢᠯᠡᠨ ᠡᠵᠡᠮᠳᠡᠬᠦ ᠮᠡᠷᠭᠡᠵᠢᠯ ᠪᠠ ᠲᠤᠷᠰᠢᠯᠭ᠎ᠠ ᠵᠢ ᠰᠣᠯᠢᠯᠴᠠᠵᠤ᠂  《ᠡᠾᠸᠪᠸᠢ᠂ ᠦᠪᠦᠷ ᠮᠣᠩᠭᠣᠯ᠂ ᠯᠢᠶᠣᠣᠨᠢᠩ ᠣᠯᠠᠭ᠋ᠠᠨ ᠨᠠᠷᠠᠰᠣᠨ ᠲᠤᠰᠣᠯᠢᠭ ᠬᠤᠶᠠᠭᠲᠤ ᠬᠤᠷᠤᠬᠠᠢ ᠵᠢ ᠬᠠᠮᠲᠤᠷᠠᠨ ᠰᠡᠷᠭᠡᠶ᠋ᠢᠯᠡᠵᠦ ᠵᠠᠰᠠᠬᠤ ᠲᠤᠬᠠᠶ ᠵᠥᠪᠯᠡᠯᠴᠡᠭᠡᠷ》᠎ᠢ ᠲᠤᠭᠲᠠ᠊ ᠊ᠭ᠋ᠠᠵᠣ᠂ ᠭᠤᠷᠪᠠᠨ ᠮᠤᠵᠢ ᠣᠷᠣᠨ ᠬᠤᠯᠪᠤᠭ᠋ᠠᠯᠠᠭᠰᠠᠨ ᠰᠡᠷᠭᠡᠶ᠋ᠢᠯᠡᠨ ᠡᠵᠡᠮᠳᠡᠬᠦ ᠵᠢ ᠦᠷᠨᠢᠬᠦᠯᠬᠦ ᠵᠢᠨ ᠲᠦᠯᠦᠭᠡ᠂ ᠣᠯᠠᠭ᠋ᠠᠨ ᠨᠠᠷᠠᠰᠣᠨ ᠲᠤᠰᠣᠯᠢᠭ ᠬᠤᠶᠠᠭᠲᠤ ᠬᠤᠷᠤᠬᠠᠢ ᠵᠢᠨ ᠬᠢᠵᠢᠭ᠎ᠤᠨ ᠪᠠᠶ᠋ᠢᠳᠠᠯ᠎ᠤᠨ ᠲᠠᠷᠬᠠᠨ ᠳᠡᠯᠭᠡᠷᠡᠬᠦ ᠵᠢ ᠪᠦᠲᠦᠮᠵᠢᠲᠡᠶ᠎ᠪᠠᠷ ᠬᠣᠷᠢᠭᠯᠠᠬᠤ᠂ ᠭᠤᠷᠪᠠᠨ ᠮᠤᠵᠢ ᠣᠷᠣᠨ᠎ᠤ ᠬᠥᠷᠰᠢ ᠵᠡᠷᠭᠡᠯᠡᠳᠡᠭᠡ ᠣᠷᠣᠨ᠎ᠤ ᠤᠢ ᠰᠢᠭᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠭᠦᠭᠰᠡᠨ ᠪᠠᠶ᠋ᠢᠨ᠎ᠠ᠃
      ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ᠋ᠢᠵᠢᠭᠤᠯᠬᠤ ᠵᠤᠷᠭ᠋ᠠᠨ᠎ᠤ ᠳᠡᠳ᠋ ᠵᠤᠷᠭ᠋ᠠᠨ ᠳᠠᠷᠤᠭ᠎ᠠ ᠵᠢᠶᠠᠨ ᠪᠦᠸᠸ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃ ᠳᠡᠳ᠋ ᠳᠠᠷᠤᠭ᠎ᠠ ᠵᠢᠶᠠᠨ ᠪᠦᠸᠸ ᠬᠠᠮᠢᠶᠠᠷᠤᠯᠲᠠ ᠪᠠ ᠮᠡᠷᠭᠡᠵᠢᠯ᠎ᠤᠨ ᠳᠡᠰ᠎ᠲᠤ ᠲᠤᠰ ᠪᠦᠷᠢ ᠣᠢ ᠰᠢᠭᠤᠶ ᠵᠢᠨ ᠬᠥᠨᠥᠭᠡᠯᠲᠡᠶ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠬᠡᠷᠬᠢᠨ ᠰᠠᠶ᠋ᠢᠲᠤᠷ ᠬᠢᠬᠦ ᠲᠤᠬᠠᠶ ᠵᠢᠭ᠋ᠠᠪᠤᠷᠢ ᠦᠭᠴᠡᠢ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠴᠢᠬᠤᠯᠠᠴᠢᠯᠠᠭᠰᠠᠨ 《ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠭᠣᠣᠯ ᠵᠢᠯᠣᠭᠣᠳᠤᠮᠵᠢ ᠪᠣᠯᠬᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠬᠠᠷᠢᠭᠤᠴᠠᠯᠭ᠋ᠠᠲᠤ ᠦᠵᠡᠯ ᠤᠬᠠᠮᠰᠠᠷ᠎ᠢ ᠴᠢᠩᠭ᠋ᠠᠳᠬᠠᠵᠤ᠂ ᠣᠢ ᠰᠢᠭᠤᠶ ᠵᠢᠨ ᠬᠥᠨᠥᠭᠡᠯ᠎ᠲᠠᠢ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠵᠠᠷᠤᠳᠠᠯ᠎ᠢ ᠡᠳ᠋᠎ᠤᠨ ᠵᠠᠰᠠᠭ᠎ᠤᠨ ᠲᠥᠰᠦᠪ᠎ᠲᠡᠭᠡᠨ ᠣᠷᠣᠭᠤᠯᠵᠤ᠂ ᠣᠢ ᠰᠢᠭᠤᠶ ᠵᠢᠨ ᠬᠥᠨᠥᠭᠡᠯᠲᠦ ᠠᠮᠢᠳᠤ ᠪᠣᠳᠠᠰ᠎ᠤᠨ ᠭᠠᠮᠰᠢᠭ᠎ᠢ ᠰᠢᠢᠳᠪᠦᠷᠢᠯᠡᠵᠦ ᠴᠢᠳᠠᠭᠰᠠᠨ ᠦᠭᠡᠢ ᠪᠠ 《ᠨᠠᠮ ᠵᠠᠰᠠᠭ᠎ᠤᠨ ᠤᠳᠤᠷᠢᠳᠬᠤ ᠺᠠᠳ᠋ᠷ᠎ᠠᠴᠠ ᠠᠮᠢ ᠠᠬᠤᠶ ᠣᠷᠴᠢᠨ ᠲᠣᠭᠣᠷᠢᠨ᠎ᠢ ᠡᠪᠳᠡᠭᠰᠡᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ》 ᠵᠢ ᠬᠣᠯᠪᠣᠯᠳᠤᠭᠤᠯᠣᠨ᠎ᠠ; ᠡᠭᠦᠨ᠎ᠤ ᠬᠠᠮᠲᠤ᠂ ᠤᠢ ᠰᠢᠭᠤᠶ ᠵᠢᠨ ᠰᠠᠯᠠᠭ᠎ᠠ ᠮᠥᠴᠢᠷ ᠤᠢ ᠰᠢᠭᠤᠶ ᠵᠢᠨ ᠬᠥᠨᠥᠭᠡᠯᠲᠤ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠬᠤᠯᠠᠴᠢᠯᠠᠵᠤ᠂ ᠣᠯᠠᠭ᠋ᠠᠨ ᠨᠠᠷᠠᠰᠣᠨ ᠲᠤᠰᠣᠯᠢᠭ ᠬᠤᠶᠠᠭᠲᠤ ᠬᠤᠷᠤᠬᠠᠢ ᠵᠢᠨ ᠬᠢᠨᠠᠨ ᠰᠢᠯᠭ᠋ᠠᠵᠤ ᠪᠠᠶ᠋ᠢᠴᠠᠭ᠋ᠠᠯᠲᠠ ᠬᠢᠬᠦ ᠠᠵᠢᠯ᠎ᠢ ᠰᠠᠶ᠋ᠢᠲᠤᠷ ᠬᠢᠨ᠎ᠡ᠂ ᠲᠤᠰ ᠤᠳᠠᠭ᠋ᠠᠨ᠎ᠤ ᠬᠤᠷᠠᠯᠳᠤᠭ᠋ᠠᠨ᠎ᠳᠤ ᠲᠣᠭᠲᠠᠭᠰᠠᠨ 《ᠡᠾᠸᠪᠸᠢ᠂ ᠦᠪᠦᠷ ᠮᠣᠩᠭᠣᠯ᠂ ᠯᠢᠶᠣᠣᠨᠢᠩ ᠣᠯᠠᠭ᠋ᠠᠨ ᠨᠠᠷᠠᠰᠣᠨ ᠲᠤᠰᠣᠯᠢᠭ ᠬᠤᠶᠠᠭᠲᠤ ᠬᠤᠷᠤᠬᠠᠢ ᠵᠢ ᠬᠠᠮᠲᠤᠷᠠᠨ ᠰᠡᠷᠭᠡᠶ᠋ᠢᠯᠡᠵᠦ ᠵᠠᠰᠠᠬᠤ ᠲᠤᠬᠠᠶ ᠵᠥᠪᠯᠡᠯᠴᠡᠭᠡᠷ》᠎ᠢ ᠨᠠᠷᠢᠨ ᠨᠢᠮᠪᠠᠶ ᠨᠠᠶ᠋ᠢᠳᠠᠪᠤᠷᠢᠵᠢᠭᠤᠯᠣᠨ᠎ᠠ; ᠭᠤᠷᠪᠠᠨ ᠮᠤᠵᠢ ᠣᠷᠣᠨ ᠭᠠᠷ ᠬᠣᠯᠪᠣᠨ᠂ ᠬᠠᠮᠲᠤᠪᠠᠷ ᠴᠢᠷᠮᠠᠶ᠋ᠢᠵᠤ᠂ ᠬᠠᠮᠲᠤᠪᠠᠷ ᠰᠡᠷᠭᠡᠶ᠋ᠢᠯᠡᠨ ᠬᠠᠮᠲᠤᠪᠠᠷ ᠵᠠᠰᠠᠬᠤ᠂ ᠣᠯᠠᠭ᠋ᠠᠨ ᠨᠠᠷᠠᠰᠣᠨ ᠲᠤᠰᠣᠯᠢᠭ ᠬᠤᠶᠠᠭᠲᠤ ᠬᠤᠷᠤᠬᠠᠢ ᠵᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠰᠠᠶ᠋ᠢᠲᠤᠷ ᠬᠢᠨ᠎ᠡ᠃


ᠢᠷᠡᠯᠲᠡ᠄
          
ᠬᠠᠮᠢᠶ᠎ᠡ ᠪᠦᠬᠦᠢ ᠰᠣᠨᠢᠨ
《ᠣᠳᠣᠬᠢᠴᠢᠯᠠᠭᠰᠠᠨ ᠠᠮᠢ ᠠᠬᠤᠶ ᠵᠢᠨ ᠴᠡᠴᠡᠷᠯᠢᠭ ᠬᠤᠳᠠ ᠵᠢ ᠪᠠᠢ᠌ᠭᠤᠯᠤᠨ᠂ ᠪᠤᠭᠤᠮᠲᠠ᠎ᠳᠠᠬᠢ ᠵᠢᠶᠠᠩᠨᠠᠨ᠎ᠤ ᠨᠤᠭᠤᠭ᠋ᠠᠨ ᠵᠶ᠋ᠠᠷ ᠰᠡᠭᠦᠢ᠌ᠬᠦ ᠵᠢ ᠪᠡᠶᠡᠯᠡᠬᠦᠯᠬᠦ》 ᠵᠢᠨ ᠲᠦᠯᠦᠭᠡ᠂ ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ᠎ᠠᠴᠠ ᠠᠵᠢᠯᠯᠠᠭ᠎ᠠ ᠶᠠᠪᠤᠭᠤᠯᠵᠤ ᠪᠤᠢ
ᠨᠢᠭᠤᠴᠠ ᠵᠢ ᠬᠠᠮᠠᠭ᠋ᠠᠯᠠᠬᠤ ᠦᠵᠡᠯ ᠤᠬᠠᠮᠰᠠᠷ ᠵᠶ᠋ᠠᠨ ᠴᠢᠩᠭ᠋ᠠᠳᠬᠠᠵᠤ᠂ ᠨᠢᠭᠤᠴᠠ ᠵᠢ ᠬᠠᠮᠠᠭ᠋ᠠᠯᠠᠬᠤ ᠠᠵᠢᠯ ᠵᠶ᠋ᠠᠨ ᠰᠠᠶ᠋ᠢᠲᠤᠷ ᠬᠢᠪᠡ
ᠪᠤᠭᠤᠲᠤ ᠬᠣᠲᠠ ᠵᠢᠨ ᠤᠢ ᠰᠢᠭᠤᠶ ᠵᠢᠨ ᠲᠣᠪᠴᠢᠶ᠎ᠠ᠎ᠠᠴᠠ 《ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠰᠠᠬᠢᠨ ᠬᠠᠮᠠᠭ᠋ᠠᠯᠠᠬᠤ · 2018》 ᠭᠡᠬᠦ ᠲᠤᠰᠬᠠᠶ ᠠᠵᠢᠯᠯᠠᠭ᠎ᠠ ᠵᠢ ᠪᠦᠬᠦ ᠬᠦᠴᠦ᠎ᠪᠠᠷ ᠵᠶ᠋ᠠᠨ ᠠᠬᠢᠭᠤᠯᠪᠠ
ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ ᠨᠠᠮ᠎ᠤᠨ ᠭᠡᠰᠢᠭᠦᠨ ᠺᠠᠳ᠋ᠷ᠎ᠢ ᠲᠥᠪᠯᠡᠷᠡᠭᠦᠯᠦᠨ ᠰᠤᠷᠤᠯᠴᠠᠭᠤᠯᠬᠤ ᠪᠣᠯᠪᠠᠰᠤᠷᠠᠯ᠎ᠤᠨ ᠠᠩᠭᠢ ᠡᠷᠬᠢᠯᠪᠡ
ᠪᠠᠶᠠᠨᠨᠠᠭᠤᠷ ᠬᠣᠲᠠ ᠵᠢᠨ ᠤᠢ ᠰᠢᠭᠤᠶ ᠵᠢᠨ ᠲᠣᠪᠴᠢᠶ᠎ᠠ ᠪᠦᠬᠦ ᠬᠣᠲᠠ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠢ ᠳᠥᠯᠭᠢᠨ ᠠᠬᠢᠭᠤᠯᠬᠤ ᠬᠤᠷᠠᠯ᠎ᠢ ᠨᠡᠬᠡᠭᠡᠪᠡ
 
             蒙ICP备05000248号