ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠤᠭᠤᠲᠤ ᠬᠣᠲᠠ ᠵᠢᠨ ᠤᠢ ᠰᠢᠭᠤᠶ ᠵᠢᠨ ᠲᠣᠪᠴᠢᠶ᠎ᠠ᠎ᠠᠴᠠ 《ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠰᠠᠬᠢᠨ ᠬᠠᠮᠠᠭ᠋ᠠᠯᠠᠬᠤ · 2018》 ᠭᠡᠬᠦ ᠲᠤᠰᠬᠠᠶ ᠠᠵᠢᠯᠯᠠᠭ᠎ᠠ ᠵᠢ ᠪᠦᠬᠦ ᠬᠦᠴᠦ᠎ᠪᠠᠷ ᠵᠶ᠋ᠠᠨ ᠠᠬᠢᠭᠤᠯᠪᠠ
ᠨᠡᠶ᠋ᠢᠲᠡᠯᠡᠭᠰᠡᠨ ᠴᠠᠭ᠄ 2018-06-20

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                                      ᠰᠦᠯᠵᠢᠶᠡᠨ᠎ᠤ 6 ᠰᠠᠷ᠎ᠠ ᠵᠢᠨ 6᠎ᠤ ᠡᠳᠦᠷ᠎ᠤᠨ ᠮᠡᠳᠡᠭᠡ
     5 ᠰᠠᠷ᠎ᠠ ᠵᠢᠨ 28᠎ᠤ ᠡᠳᠦᠷ᠂ 《ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠰᠠᠬᠢᠨ ᠬᠠᠮᠠᠭ᠋ᠠᠯᠠᠬᠤ · 2018》 ᠭᠡᠬᠦ ᠲᠤᠰᠬᠠᠶ ᠠᠵᠢᠯᠯᠠᠭ᠎ᠠ ᠵᠢ ᠥᠷᠨᠢᠭᠦᠯᠵᠦ ᠡᠬᠢᠯᠡᠭᠰᠡᠨ᠎ᠠᠴᠠ ᠨᠠᠰᠢ᠂ ᠪᠤᠭᠤᠲᠤ ᠬᠣᠲᠠ ᠵᠢᠨ   ᠬᠣᠶᠠᠷ ᠱᠠᠲᠤᠨ᠎ᠤ ᠤᠢ ᠰᠢᠭᠤᠶ ᠵᠢᠨ ᠰᠠᠯᠠᠭ᠎ᠠ ᠮᠥᠴᠢᠷ ᠪᠣᠯᠤᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ   ᠪᠠᠶ᠋ᠢᠭᠤᠯᠭ᠎ᠠ᠎ᠨᠤᠭᠤᠳ ᠲᠤᠰᠬᠠᠶ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ   ᠵᠦᠢ᠍ᠯ᠎ᠤᠨ ᠡᠭᠦᠷᠭᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠮᠢ ᠠᠬᠤᠶ ᠵᠢᠨ ᠣᠷᠴᠢᠨ ᠲᠣᠭᠣᠷᠢᠨ᠎ᠢ ᠡᠪᠳᠡᠵᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠪᠦᠬᠦ ᠬᠦᠴᠦᠨ ᠵᠶ᠋ᠠᠷ ᠵᠶ᠋ᠠᠨ ᠢᠯᠭ᠋ᠠᠷᠠᠭᠤᠯᠵᠤ ᠴᠡᠭᠴᠡᠯᠡᠪᠡ᠃ 6 ᠰᠠᠷ᠎ᠠ ᠵᠢᠨ 1᠎ᠤ ᠡᠳᠦᠷ᠎ᠤᠨ ᠦᠳᠡ ᠵᠢᠨ ᠬᠣᠶ᠋ᠢᠨ᠎ᠠ᠂ ᠪᠤᠭᠤᠲᠤ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ 《ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠰᠠᠬᠢᠨ ᠬᠠᠮᠠᠭ᠋ᠠᠯᠠᠬᠤ · 2018》 ᠭᠡᠬᠦ ᠲᠤᠰᠬᠠᠶ ᠠᠵᠢᠯᠯᠠᠭ᠋ᠠᠨ᠎ᠤ ᠠᠵᠢᠯᠲᠠᠳ᠎ᠢ ᠳᠠᠢ᠌ᠴᠢᠯᠠᠨ ᠸᠢᠳᠢᠤ᠋ ᠳᠠᠪᠲᠠᠮᠵᠢ ᠵᠢᠨ ᠬᠤᠷᠠᠯ᠎ᠢ ᠪᠠᠢ᠌ᠷᠢᠯᠠᠭᠤᠯᠵᠤ᠂ ᠲᠤᠰᠬᠠᠶ ᠠᠵᠢᠯᠯᠠᠭ᠎ᠠ ᠥᠷᠨᠢᠭᠦᠯᠦᠭᠰᠡᠨ 4 ᠡᠳᠦᠷ ᠎ᠤᠨ ᠲᠤᠷᠰᠢ᠂ ᠬᠢᠨᠠᠨ ᠵᠢᠯᠣᠭᠣᠳᠴᠤ ᠪᠠᠶ᠋ᠢᠴᠠᠭ᠋ᠠᠬᠤ ᠳᠤᠮᠳᠠ ᠣᠯᠵᠤ ᠮᠡᠳᠡᠭᠰᠡᠨ ᠠᠰᠠᠭᠤᠳᠠᠯ᠎ᠳᠤ ᠴᠢᠭᠯᠡᠭᠦᠯᠦᠨ᠂ ᠳᠠᠬᠢᠨᠲᠠ ᠪᠠᠶ᠋ᠢᠷᠢᠯᠠᠭᠤᠯᠤᠯᠲᠠ ᠬᠢᠵᠦ᠂ ᠳᠠᠬᠢᠨᠲᠠ ᠴᠢᠩᠭ᠋ᠠᠳᠬᠠᠪᠡ᠃ ᠪᠤᠭᠤᠲᠤ ᠬᠣᠲᠠ ᠵᠢᠨ ᠣᠶ ᠰᠢᠭᠤᠶ ᠵᠢᠨ ᠲᠣᠪᠴᠢᠶ᠎ᠠ ᠮᠡᠲᠦ ᠵᠢᠨ ᠪᠠᠶ᠋ᠢᠭᠤᠯᠭ᠎ᠠ ᠵᠢᠨ ᠲᠠᠰᠤᠭ᠂ ᠨᠢᠭᠡᠴᠡ ᠵᠢᠨ ᠬᠠᠷᠢᠭᠤᠴᠠᠯᠭ᠋ᠠᠲᠠᠨ᠂ ᠪᠤᠭᠤᠲᠤ ᠬᠣᠲᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ   ᠲᠣᠪᠴᠢᠶ᠎ᠠ (ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ) ᠵᠢᠨ ᠪᠦᠬᠦ ᠠᠷᠠᠳ᠎ᠤᠨ ᠴᠠᠭᠳᠠᠭ᠎ᠠ᠂ ᠡᠯ᠎ᠡ   ᠬᠣᠰᠢᠭᠤ ᠰᠢᠶᠠᠨ ᠲᠣᠭᠣᠷᠢᠭ᠎ᠤᠨ ᠤᠢ ᠰᠢᠭᠤᠶ (ᠲᠠᠷᠢᠶᠠᠯᠠᠩ ᠮᠠᠯ ᠠᠵᠤ ᠠᠬᠤᠶ ᠤᠢ ᠰᠢᠭᠣᠢ ᠤᠰᠣᠨ ᠠᠰᠢᠬᠯᠠᠯᠲᠠ) ᠵᠢᠨ ᠲᠣᠪᠴᠢᠶ᠎ᠠ᠂ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠳᠠᠷᠬᠠᠯᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠤᠢ ᠰᠢᠭᠤᠢ ᠵᠢᠨ ᠴᠡᠴᠡᠷᠯᠢᠭ᠂ ᠠᠮᠢ ᠠᠬᠤᠶ ᠵᠢᠨ ᠴᠡᠴᠡᠷᠯᠢᠭ᠂ ᠨᠤᠭᠤ ᠭᠠᠵᠠᠷ᠎ᠤᠨ ᠴᠡᠴᠡᠷᠯᠢᠭ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠬᠰᠠᠨ ᠪᠥᠭᠡᠳ ᠴᠢᠩᠱ᠌ᠠᠨ ᠠᠭᠤᠯᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠪᠤᠭᠤᠲᠤ ᠬᠤᠲᠠ ᠵᠢᠨ ᠬᠤᠪᠢᠶᠠᠷᠢ ᠲᠣᠪᠴᠢᠶ᠎ᠠ ᠵᠢᠨ ᠤᠳᠤᠷᠢᠳᠤᠯᠭ᠎ᠠ ᠨᠠᠷ ᠬᠤᠷᠠᠯ᠎ᠳᠤ ᠣᠷᠣᠯᠴᠠᠪᠠ᠃      
      ᠬᠤᠷᠠᠯ᠎ᠠᠴᠠ ᠱᠠᠭ᠋ᠠᠷᠳᠠᠭᠰᠠᠨ᠎ᠨᠢ᠂ ᠡᠯ᠎ᠡ ᠱᠠᠲᠤᠨ᠎ᠤ ᠤᠢ ᠰᠢᠭᠤᠶ ᠵᠢᠨ ᠰᠠᠯᠠᠭ᠎ᠠ ᠮᠥᠴᠢᠷ ᠪᠣᠯᠤᠨ ᠤᠢ   ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠤᠯᠤᠰ ᠲᠦᠷᠤ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠮᠢ ᠠᠬᠤᠶ ᠣᠷᠴᠢᠨ ᠠᠬᠤᠶ ᠵᠢ ᠬᠠᠮᠠᠭ᠋ᠠᠯᠠᠬᠤ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠨ᠎ᠠ;   ᠬᠠᠷᠢᠭᠤᠴᠠᠯᠭ᠎ᠠ ᠡᠭᠦᠷᠭᠡᠯᠡᠬᠦ᠎ᠪᠠᠨ ᠴᠢᠩᠭ᠋ᠠᠳᠬᠠᠵᠤ᠂ ᠠᠮᠢ ᠠᠬᠤᠶ ᠣᠷᠴᠢᠨ ᠠᠬᠤᠶ ᠵᠢ ᠬᠠᠮᠠᠭ᠋ᠠᠯᠠᠬᠤ ᠴᠢᠬᠤᠯᠠ ᠶᠡᠬᠡ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠰᠠᠶ᠋ᠢᠲᠤᠷ ᠭᠦᠢ᠍ᠴᠡᠳᠬᠡᠨ᠎ᠡ; ᠠᠰᠠᠭᠤᠳᠠᠯ ᠵᠶ᠋ᠠᠷ ᠤᠳᠤᠷᠢᠳᠤᠮᠵᠢ   ᠪᠣᠯᠭ᠋ᠠᠬᠤ ᠵᠢ ᠪᠠᠷᠢᠮᠲᠠᠯᠠᠵᠤ᠂ ᠲᠤᠰ ᠤᠳᠠᠭ᠋ᠠᠨ᠎ᠤ ᠲᠤᠰᠬᠠᠶ ᠠᠵᠢᠯᠯᠠᠭ᠎ᠠ ᠵᠢ ᠴᠢᠩᠭ᠎ᠠ ᠨᠢᠮᠪᠠᠶ ᠰᠠᠶ᠋ᠢᠲᠤᠷ ᠵᠣᠬᠢᠶᠠᠨ   ᠪᠠᠶ᠋ᠢᠭᠤᠯᠤᠨ᠎ᠠ᠃ ᠬᠤᠷᠠᠯ᠎ᠠᠴᠠ ᠪᠠᠰᠠ ᠠᠮᠢ ᠠᠬᠤᠶ ᠣᠷᠴᠢᠨ ᠠᠬᠤᠶ ᠵᠢᠨ ᠶᠠᠮᠤᠨ᠎ᠤ 《ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠰᠢᠮᠳᠠᠭᠣᠯᠣᠨ ᠪᠠᠶ᠋ᠢᠴᠠᠭ᠋ᠠᠬᠤ ᠵᠢ 〈ᠡᠷᠭᠢᠵᠦ ᠬᠠᠷᠠᠬᠤ〉 ᠠᠵᠢᠯ᠎ᠢ ᠥᠷᠨᠢᠭᠦᠯᠬᠦ ᠲᠤᠬᠠᠶ ᠮᠡᠳᠡᠭᠳᠡᠯ》᠎ᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠪᠤᠭᠤᠲᠤ ᠬᠤᠳᠠ ᠵᠢᠨ ᠬᠤᠲᠠ ᠵᠢᠨ   ᠵᠥᠪᠯᠡᠯ᠂ ᠬᠤᠲᠠ ᠵᠢᠨ ᠵᠠᠰᠠᠭ᠎ᠤᠨ ᠣᠷᠳᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠤᠬᠠᠶ ᠬᠣᠯᠪᠣᠭᠳᠠᠯ ᠪᠦᠬᠦᠢ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠣᠨ᠎ᠠ᠃    
      ᠬᠤᠷᠠᠯ᠎ᠤᠨ ᠳᠠᠷᠠᠭ᠎ᠠ᠂ ᠪᠤᠭᠤᠲᠤ ᠬᠣᠲᠠ ᠵᠢᠨ ᠤᠢ ᠰᠢᠭᠤᠶ ᠵᠢᠨ ᠰᠠᠯᠠᠭ᠎ᠠ ᠮᠥᠴᠢᠷ᠎ᠠᠴᠠ ᠪᠠᠴᠢᠮ ᠪᠠᠶ᠋ᠢᠳᠠᠯ᠎ᠢ ᠠᠷᠭ᠋ᠠᠴᠠᠬᠤ ᠵᠢᠵᠢᠭᠦᠷᠯᠡᠨ ᠰᠠᠬᠢᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠡᠯ᠎ᠡ ᠭᠠᠵᠠᠷ ᠣᠷᠣᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠺᠠᠳ᠋ᠷ ᠴᠠᠭᠳᠠᠭ᠎ᠠ ᠵᠢᠨ ᠠᠮᠠᠷᠠᠯᠲᠠ ᠵᠢᠨ ᠡᠳᠦᠷ᠎ᠲᠤ ᠠᠮᠠᠷᠠᠬᠤ᠎ᠪᠠᠨ ᠪᠠᠢ᠌ᠵᠤ᠂ ᠪᠦᠭᠦᠳᠡᠭᠡᠷ ᠡᠮᠦᠨ᠎ᠡ ᠹᠷᠣᠨᠲ᠎ᠲᠤ ᠬᠦᠷᠴᠦ᠂ ᠲᠣᠭᠣᠷᠢᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠭᠦᠨᠵᠡᠭᠡᠶ ᠥᠷᠨᠢᠭᠦᠯᠵᠦ᠂ ᠬᠠᠷᠢᠶ᠎ᠠ ᠣᠷᠣᠨ᠎ᠤ ᠳᠣᠲᠣᠷ᠎ᠠ ᠠᠮᠢ ᠠᠬᠤᠶ ᠣᠷᠴᠢᠨ ᠲᠣᠭᠣᠷᠢᠨ᠎ᠢ ᠡᠪᠳᠡᠬᠦ ᠵᠡᠷᠭᠡ ᠬᠠᠤᠯᠢ᠎ᠠᠴᠠ   ᠵᠥᠷᠢᠴᠡᠭᠰᠡᠨ ᠥᠢ᠍ᠯᠡ ᠠᠵᠢᠯᠯᠠᠭ᠎ᠠ ᠵᠢ ᠪᠦᠬᠦ ᠲᠠᠯ᠎ᠠ᠎ᠪᠠᠷ ᠵᠠᠬ᠎ᠠ ᠳᠠᠷᠠᠭ᠋ᠠᠯᠠᠨ ᠪᠦᠲᠦᠮᠵᠢᠲᠡᠶ ᠪᠠᠶ᠋ᠢᠴᠠᠭ᠋ᠠᠪᠠ᠃      
     6 ᠰᠠᠷ᠎ᠠ ᠵᠢᠨ 3᠎ᠤ ᠡᠳᠦᠷ᠎ᠤᠨ 12 ᠴᠠᠭ ᠪᠣᠯᠲᠠᠯ᠎ᠠ᠂ ᠪᠤᠭᠤᠲᠤ ᠬᠣᠲᠠ ᠵᠢᠨ ᠤᠢ ᠰᠢᠭᠤᠶ ᠵᠢᠨ ᠰᠠᠯᠠᠭ᠎ᠠ ᠮᠥᠴᠢᠷ᠎ᠤᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠴᠠᠭᠳᠠᠭ᠎ᠠ ᠵᠢ ᠨᠡᠢ᠌ᠲᠡ 347 ᠬᠥᠮᠦᠨ ᠬᠦᠳᠡᠯᠭᠡᠵᠦ᠂ 139 ᠲᠡᠷᠭᠡ ᠬᠦᠳᠡᠯᠭᠡᠪᠡ᠃ ᠲᠣᠭᠣᠷᠢᠨ ᠪᠠᠶ᠋ᠢᠴᠠᠭ᠋ᠠᠵᠤ ᠪᠠᠶ᠋ᠢᠬᠤ   ᠬᠤᠭᠤᠴᠠᠭ᠋ᠠᠨ᠎ᠳᠠᠭᠠᠨ᠂ 5 ᠶᠠᠯ᠎ᠠ ᠬᠢᠭᠰᠡᠨ ᠰᠡᠵᠢᠭᠳᠡᠨ᠎ᠢ ᠪᠠᠷᠢᠵᠤ᠂ 5 ᠰᠠᠣᠷᠢ ᠲᠣᠮᠣ ᠠᠴᠢᠶᠠᠨ᠎ᠤ ᠮᠠᠰᠢᠨ ᠲᠡᠷᠭᠡ᠂ 1 ᠰᠠᠣᠷᠢ ᠠᠴᠢᠶᠯᠠᠭᠤᠷ ᠮᠠᠰᠢᠨ᠂ 1 ᠰᠠᠣᠷᠢ ᠬᠠᠶᠠᠭᠳᠠᠮᠠᠯ ᠴᠢᠯᠠᠭᠤ ᠲᠡᠭᠡᠭᠡᠪᠦᠷᠢᠯᠡᠬᠦ ᠮᠠᠰᠢᠨ᠎ᠢ ᠪᠠᠷᠢᠴᠠᠭ᠋ᠠᠯᠠᠵᠤ ᠠᠪᠤᠭᠰᠠᠨ ᠶᠤᠮ᠂ ᠪᠦᠬᠦ ᠬᠡᠷᠡᠭ᠎ᠲᠤ ᠬᠣᠯᠪᠣᠭᠳᠠᠭᠰᠠᠨ ᠬᠥᠮᠦᠨ᠂ ᠲᠡᠷᠭᠡ ᠬᠥᠰᠬᠡ ᠵᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠢᠳᠪᠦᠷᠢᠯᠡᠭᠦᠯᠬᠦ᠎ᠪᠠᠷ ᠨᠢᠭᠡᠨᠲᠡ ᠰᠢᠯᠵᠢᠭᠦᠯᠦᠨ ᠲᠤᠰᠢᠶᠠᠪᠠ᠃


ᠢᠷᠡᠯᠲᠡ᠄ ᠪᠤᠭᠤᠲᠤ ᠬᠣᠲᠠ ᠵᠢᠨ ᠤᠢ ᠰᠢᠭᠤᠶ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ ᠨᠠᠮ᠎ᠤᠨ ᠭᠡᠰᠢᠭᠦᠨ ᠺᠠᠳ᠋ᠷ᠎ᠢ ᠲᠥᠪᠯᠡᠷᠡᠭᠦᠯᠦᠨ ᠰᠤᠷᠤᠯᠴᠠᠭᠤᠯᠬᠤ ᠪᠣᠯᠪᠠᠰᠤᠷᠠᠯ᠎ᠤᠨ ᠠᠩᠭᠢ ᠡᠷᠬᠢᠯᠪᠡ
ᠪᠠᠶᠠᠨᠨᠠᠭᠤᠷ ᠬᠣᠲᠠ ᠵᠢᠨ ᠤᠢ ᠰᠢᠭᠤᠶ ᠵᠢᠨ ᠲᠣᠪᠴᠢᠶ᠎ᠠ ᠪᠦᠬᠦ ᠬᠣᠲᠠ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠢ ᠳᠥᠯᠭᠢᠨ ᠠᠬᠢᠭᠤᠯᠬᠤ ᠬᠤᠷᠠᠯ᠎ᠢ ᠨᠡᠬᠡᠭᠡᠪᠡ
ᠦᠪᠡᠷᠳᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠪᠦᠬᠦ ᠭᠡᠰᠢᠭᠦᠳ ᠳᠠᠬᠢᠨᠲᠠ ᠨᠠᠮ᠎ᠳᠤ ᠣᠷᠣᠬᠤ ᠲᠠᠩᠭ᠋ᠠᠷᠢᠭ ᠡᠷᠭᠦᠪᠡ
ᠬᠦᠬᠡᠬᠤᠳᠠ ᠵᠢᠨ ᠤᠢ ᠰᠢᠭᠤᠶ ᠵᠢᠨ ᠲᠣᠪᠴᠢᠶ᠎ᠠ 2018 ᠣᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠨᠠᠮ᠎ᠤᠨ ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠬᠤ᠎ᠳᠠᠭᠠᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠪᠠ
 
             蒙ICP备05000248号