ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠠᠶᠠᠨᠨᠠᠭᠤᠷ ᠬᠣᠲᠠ ᠵᠢᠨ ᠤᠢ ᠰᠢᠭᠤᠶ ᠵᠢᠨ ᠲᠣᠪᠴᠢᠶ᠎ᠠ ᠪᠦᠬᠦ ᠬᠣᠲᠠ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠢ ᠳᠥᠯᠭᠢᠨ ᠠᠬᠢᠭᠤᠯᠬᠤ ᠬᠤᠷᠠᠯ᠎ᠢ ᠨᠡᠬᠡᠭᠡᠪᠡ
ᠨᠡᠶ᠋ᠢᠲᠡᠯᠡᠭᠰᠡᠨ ᠴᠠᠭ᠄ 2018-06-20

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                                        ᠰᠦᠯᠵᠢᠶᠡᠨ᠎ᠤ 6 ᠰᠠᠷ᠎ᠠ ᠵᠢᠨ 6᠎ᠤ ᠡᠳᠦᠷ᠎ᠤᠨ ᠮᠡᠳᠡᠭᠡ

     5 ᠰᠠᠷ᠎ᠠ ᠵᠢᠨ 30᠎ᠤ ᠡᠳᠦᠷ᠎ᠲᠤ᠂ ᠪᠠᠶᠠᠨᠨᠠᠭᠤᠷ ᠬᠤᠳᠠ ᠵᠢᠨ ᠤᠢ ᠰᠢᠭᠤᠶ ᠵᠢᠨ ᠲᠣᠪᠴᠢᠶ᠎ᠠ ᠵᠢᠨ ᠪᠦᠬᠦ ᠬᠣᠲᠠ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠢ ᠳᠥᠯᠭᠢᠨ ᠠᠬᠢᠭᠤᠯᠬᠤ ᠬᠤᠷᠠᠯ᠎ᠢ ᠨᠡᠭᠡᠭᠡᠪᠡ᠃ ᠪᠠᠶᠠᠨᠨᠠᠭᠤᠷ ᠬᠣᠲᠠ ᠵᠢᠨ ᠤᠢ ᠰᠢᠭᠤᠶ ᠵᠢᠨ ᠲᠣᠪᠴᠢᠶᠠᠨ᠎ᠤ ᠳᠡᠳ᠋ ᠲᠣᠪᠴᠢᠶᠠᠨ ᠳᠠᠷᠤᠭ᠎ᠠ ᠴᠸᠨ ᠹᠸᠩ ᠤᠯᠤᠰ᠂ ᠥᠪᠡᠷᠲᠡᠭᠡᠨ ᠵᠠᠰᠠᠬᠤ ᠣᠷᠣᠨ᠂ ᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠣᠯᠪᠣᠭᠳᠠᠯ   ᠪᠦᠬᠦᠢ ᠬᠤᠷᠠᠯ᠂ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠳᠠᠮᠵᠢᠭᠤᠯᠤᠭᠰᠠᠨ᠎ᠤ ᠬᠠᠮᠲᠤ ᠠᠵᠢᠯ᠎ᠤᠨ ᠲᠣᠬᠢᠷᠠᠭᠤᠯᠤᠯᠲᠠ ᠬᠢᠪᠡ; ᠳᠡᠳ᠋ ᠪᠠᠶ᠋ᠢᠴᠠᠭ᠋ᠠᠨ ᠰᠤᠳᠤᠯᠤᠭᠴᠢ ᠲᠢᠶᠠᠨ ᠸᠸᠨ ᠪᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠮᠡᠳᠡᠭᠳᠡᠭᠰᠡᠨ ᠪᠠᠶ᠋ᠢᠨ᠎ᠠ; ᠪᠠᠶᠠᠨᠨᠠᠭᠤᠷ ᠬᠤᠳᠠ ᠵᠢᠨ ᠶᠠᠳᠠᠭᠤ ᠵᠢ ᠲᠡᠳᠬᠦᠬᠦ ᠶᠡᠷᠦᠩᠬᠡᠶ᠋ᠢᠯᠡᠭᠰᠡᠨ ᠰᠠᠯᠠᠭ᠋ᠠᠨ᠎ᠤ ᠳᠡᠳ᠋ ᠳᠠᠷᠤᠭ᠎ᠠ᠂ ᠬᠢᠨᠠᠨ ᠬᠡᠮᠵᠢᠬᠦ ᠲᠥᠪ᠎ᠤᠨ ᠳᠡᠳ᠋ ᠡᠷᠭᠢᠯᠡᠭᠴᠢ ᠬᠠᠨ ᠺᠠᠶ ᠮᠢᠩ ᠬᠤᠷᠠᠯ᠎ᠳᠤ ᠤᠷᠢᠭᠳᠠᠨ ᠵᠢᠯᠤᠭᠣᠳᠣᠯᠭ᠎ᠠ ᠬᠢᠪᠡ; ᠬᠤᠷᠠᠯ᠎ᠳᠤ ᠣᠷᠣᠯᠴᠠᠭᠰᠠᠳ᠎ᠲᠠᠢ ᠪᠠᠰᠠ ᠣᠳᠣᠬᠠᠨ᠎ᠤ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠲᠤᠬᠠᠢ ᠰᠠᠨᠠᠯ ᠵᠶ᠋ᠠᠨ ᠶᠠᠷᠢᠯᠴᠠᠵᠤ ᠰᠣᠯᠢᠯᠴᠠᠪᠠ᠃   ᠡᠯ᠎ᠡ ᠬᠣᠰᠢᠭᠤ ᠰᠢᠶᠠᠨ ᠲᠣᠭᠣᠷᠢᠭ᠎ᠤᠨ ᠣᠶ ᠰᠢᠭᠤᠶ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠶ᠋ᠢᠭ᠎ᠠ ᠤᠢ ᠰᠢᠭᠤᠶ ᠵᠢᠨ ᠠᠮᠢ ᠠᠬᠤᠶ ᠵᠢ   ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠤᠨ ᠳᠡᠳ᠋ ᠲᠣᠪᠴᠢᠶᠠᠨ ᠳᠠᠷᠤᠭ᠎ᠠ᠂ ᠬᠤᠳᠠ ᠵᠢᠨ ᠤᠢ ᠰᠢᠭᠤᠶ ᠵᠢᠨ ᠲᠣᠪᠴᠢᠶ᠎ᠠ ᠵᠢᠨ ᠬᠣᠯᠪᠣᠭ᠎ᠠ ᠳᠠᠭ᠋ᠠᠭ᠋ᠠᠴᠢᠯᠠᠭᠰᠠᠨ ᠬᠣᠰᠢᠭᠤ ᠰᠢᠶᠠᠨ᠎ᠤ ᠡᠯ᠎ᠡ ᠬᠣᠶᠠᠳᠤᠭ᠋ᠠᠷ ᠳᠡᠰ᠎ᠤᠨ ᠨᠢᠭᠡᠴᠡ ᠵᠢᠨ ᠬᠤᠪᠢᠳᠠᠨ ᠬᠠᠮᠢᠶᠠᠷᠴᠤ ᠪᠠᠶ᠋ᠢᠭ᠎ᠠ ᠲᠤᠬᠠᠶ᠋ᠢᠯᠠᠭᠰᠠᠨ ᠠᠵᠢᠯ᠎ᠤᠨ ᠤᠳᠤᠷᠢᠳᠣᠯᠭ᠎ᠠ᠂ ᠬᠤᠳᠠ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠳᠠᠭ᠋ᠠᠭ᠋ᠠᠴᠢᠯᠠᠯᠲᠠ ᠵᠢᠨ ᠬᠣᠰᠢᠭᠤ ᠰᠢᠶᠠᠨ᠎ᠢ ᠶᠠᠳᠠᠭᠤ᠎ᠠᠴᠠ᠎ᠨᠢ ᠠᠩᠭᠢᠵᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠬᠦ ᠠᠵᠢᠯ᠎ᠤᠨ ᠳᠤᠭᠤᠶ᠋ᠢᠯᠠᠩ᠎ᠤᠨ ᠬᠣᠯᠪᠣᠭᠳᠠᠯ ᠪᠦᠬᠦᠢ ᠬᠥᠮᠦᠰ; ᠬᠤᠳᠠ ᠵᠢᠨ ᠤᠢ ᠰᠢᠭᠤᠶ ᠵᠢᠨ ᠲᠣᠪᠴᠢᠶ᠎ᠠ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠬᠦ   ᠲᠤᠰᠬᠠᠶ ᠠᠵᠢᠯ᠎ᠢ ᠠᠬᠢᠭᠤᠯᠬᠤ ᠳᠤᠭᠤᠶ᠋ᠢᠯᠠᠩ᠎ᠤᠨ᠎ᠬᠢᠨ ᠬᠣᠯᠪᠣᠭᠳᠠᠯ ᠪᠦᠬᠦᠢ ᠬᠥᠮᠦᠰ; ᠬᠤᠳᠠ ᠵᠢᠨ ᠣᠢ ᠰᠢᠭᠣᠢ ᠵᠢᠨ ᠲᠤᠪᠴᠢᠶ᠎ᠠ ᠵᠢᠨ 4 ᠰᠠᠭᠤᠭ᠎ᠠ ᠲᠣᠰᠬᠣᠨ᠎ᠤ ᠨᠢᠭᠡᠳᠦᠭᠡᠷ ᠱᠦᠵᠢ ᠬᠤᠷᠠᠯ᠎ᠳᠤ ᠣᠷᠣᠯᠴᠠᠪᠠ᠃      
      ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠨᠢᠭᠡ᠎ᠳᠤ᠂ ᠤᠯᠤᠰ ᠲᠦᠷᠤ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ᠎ᠪᠠᠨ ᠴᠢᠩᠭ᠋ᠠᠳᠬᠠᠵᠤ᠂   ᠣᠶ ᠰᠢᠭᠤᠶ ᠵᠢᠨ ᠠᠮᠢ ᠠᠬᠤᠶ ᠵᠢ   ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠨᠢ ᠣᠳᠣᠬᠠᠨ᠎ᠤ ᠤᠯᠤᠰ ᠲᠦᠷᠦ ᠵᠢᠨ ᠨᠢᠭᠡᠨ ᠴᠢᠬᠤᠯᠠ ᠡᠭᠦᠷᠭᠡ ᠪᠤᠯᠤᠭᠰᠠᠨ ᠬᠣᠪᠢ᠎ᠳᠤ   ᠪᠣᠳᠠᠲᠤ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ; ᠬᠣᠶᠠᠷ᠎ᠲᠤ᠂ ᠨᠠᠷᠢᠯᠢᠭ ᠣᠨᠣᠪᠴᠢᠲᠠᠢ᠎ᠪᠠᠷ ᠠᠷᠭ᠎ᠠ ᠪᠣᠳᠣᠯᠭ᠎ᠠ ᠵᠢ ᠬᠡᠷᠡᠭᠯᠡᠨ᠂ ᠨᠡᠪᠲᠡᠷᠡᠯᠴᠡᠭᠡ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠤᠢ ᠰᠢᠭᠤᠶ ᠵᠢᠨ   ᠦᠢ᠍ᠯᠡᠰ᠎ᠤᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠷᠭ᠎ᠠ ᠬᠡᠮᠵᠢᠶ᠎ᠡ ᠵᠢ ᠶᠠᠳᠠᠭᠤ ᠬᠦᠴᠢᠷᠳᠡᠯ᠎ᠲᠠᠢ ᠡᠷᠦᠬᠡ ᠨᠢᠭᠡᠪᠦᠷᠢ᠎ᠳᠤ ᠨᠠᠷᠢᠨ ᠤᠨᠤᠪᠴᠢᠲᠠᠢ᠎ᠪᠠᠷ ᠨᠠᠶ᠋ᠢᠳᠠᠪᠤᠷᠢᠵᠢᠭᠤᠯᠣᠨ᠎ᠠ; ᠭᠤᠷᠪᠠ᠎ᠳᠤ᠂ ᠬᠠᠷᠢᠭᠤᠴᠠᠯᠭ᠎ᠠ ᠵᠢ ᠬᠤᠪᠢ ᠬᠥᠮᠦᠨ᠎ᠳᠤ ᠳᠠᠭ᠋ᠠᠭ᠋ᠠᠯᠭ᠋ᠠᠵᠤ᠂ ᠲᠡᠭᠦᠨ᠎ᠢ ᠪᠠᠶ᠋ᠢᠴᠠᠭ᠋ᠠᠵᠤ ᠬᠢᠨᠠᠯᠲᠠ ᠲᠠᠯᠪᠢᠬᠤ ᠠᠵᠢᠯ ᠵᠶ᠋ᠠᠨ ᠴᠢᠩᠭ᠋ᠠᠳᠬᠠᠵᠤ᠂ ᠣᠶ   ᠰᠢᠭᠤᠶ ᠵᠢᠨ ᠠᠮᠢ ᠠᠬᠤᠶ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠬᠠᠷᠢᠭᠤᠴᠠᠯᠭ᠎ᠠ᠎ᠲᠠᠢ ᠬᠥᠮᠦᠨ ᠨᠢᠭᠡᠪᠦᠷᠢ ᠵᠢᠨ ᠪᠡᠶ᠎ᠡ ᠳᠡᠭᠡᠷ᠎ᠡ ᠨᠠᠶ᠋ᠢᠳᠠᠪᠤᠷᠢᠵᠢᠭᠤᠯᠣᠨ᠎ᠠ; ᠲᠦᠷᠪᠡ᠎ᠳᠤ᠂ ᠳᠠᠩᠰᠠ   ᠡᠪᠬᠡᠮᠡᠯ᠎ᠢ ᠲᠡᠭᠦᠯᠳᠡᠷᠵᠢᠭᠦᠯᠵᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠋ᠠᠳᠬᠠᠵᠤ᠂ ᠤᠢ ᠰᠢᠭᠤᠶ ᠵᠢᠨ   ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ ᠨᠢᠭᠡᠪᠦᠷᠢ᠎ᠪᠠᠨ ᠴᠥᠮ ᠨᠠᠷᠢᠨ ᠨᠢᠮᠪᠠᠶ ᠦᠨᠡᠨ ᠪᠣᠳᠠᠲᠠᠶ ᠬᠢᠨ᠎ᠠ᠃      
      ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠬᠣᠰᠢᠭᠤ ᠰᠢᠶᠠᠨ ᠲᠣᠭᠣᠷᠢᠭ᠎ᠤᠨ ᠣᠶ ᠰᠢᠭᠤᠶ ᠵᠢᠨ ᠲᠣᠪᠴᠢᠶ᠎ᠠ ᠴᠡᠭᠴᠡᠯᠡᠨ ᠥᠭᠡᠷᠡᠴᠢᠯᠡᠬᠦ ᠲᠥᠰᠦᠯ᠎ᠳᠤ ᠴᠡᠭᠴᠡᠯᠡᠨ ᠰᠠᠶ᠋ᠢᠵᠢᠷᠠᠭᠤᠯᠬᠤ ᠲᠤᠬᠠᠶ ᠲᠣᠳᠣᠷᠬᠠᠶ   ᠠᠰᠠᠭᠤᠳᠠᠯ᠎ᠤᠳ᠎ᠲᠤ ᠦᠨᠳᠦᠰᠦᠯᠡᠨ᠂ ᠪᠦᠬᠦ ᠲᠠᠯ᠎ᠠ᠎ᠪᠠᠷ ᠵᠢᠬᠰᠠᠭ᠋ᠠᠨ ᠪᠠᠢ᠌ᠴᠠᠭ᠋ᠠᠵᠣ ᠴᠡᠭᠴᠡᠯᠡᠨ ᠰᠠᠢ᠌ᠵᠢᠷᠠᠭᠤᠯᠵᠣ᠂ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠤᠨ ᠲᠤᠬᠠᠶ ᠳᠡᠭᠡᠭᠰᠢ ᠮᠡᠳᠡᠭᠦᠯᠬᠦ ᠵᠢᠨ ᠬᠠᠮᠲᠤ ᠲᠤᠬᠠᠶ ᠵᠢᠨ ᠭᠠᠵᠠᠷ᠎ᠤᠨ ᠶᠠᠳᠠᠭᠤ ᠵᠢ ᠲᠡᠳᠬᠦᠬᠦ ᠠᠯᠪᠠᠨ ᠬᠡᠷ᠎ᠲᠠᠢ ᠬᠠᠷᠢᠯᠴᠠᠨ ᠣᠯᠣᠯᠴᠠᠨ ᠵᠣᠬᠢᠴᠠᠯᠳᠣᠭᠰᠠᠨ᠎ᠤ ᠳᠠᠷᠠᠭ᠎ᠠ᠂ 2017 ᠣᠨ᠎ᠤ ᠵᠢᠯ᠎ᠤᠨ ᠡᠴᠦᠰ᠎ᠲᠤ᠂ ᠬᠤᠳᠠ ᠵᠢᠨ ᠶᠠᠳᠠᠭᠤ ᠵᠢ ᠲᠡᠳᠬᠦᠬᠦ ᠠᠯᠪᠠᠨ ᠭᠡᠷ᠎ᠤᠨ ᠶᠠᠳᠠᠭᠤ ᠬᠦᠴᠢᠷᠳᠡᠯ᠎ᠲᠠᠢ ᠬᠥᠮᠦᠨ ᠠᠮᠠ ᠵᠢᠨ ᠬᠥᠳᠡᠯᠦᠩᠭᠦᠶ ᠬᠠᠮᠢᠶᠠᠷᠤᠯᠲᠠ᠎ᠠᠴᠠ ᠰᠢᠨ᠎ᠡ ᠢᠯᠭ᠋ᠠᠨ ᠲᠠᠨᠢᠬᠰᠠᠨ 3889 ᠶᠠᠳᠠᠭᠤ ᠬᠦᠴᠢᠷᠳᠡᠯ᠎ᠲᠠᠢ ᠬᠥᠮᠦᠨ ᠠᠮᠠ ᠵᠢᠨ ᠳᠣᠲᠣᠷ᠎ᠠ ᠨᠥᠬᠥᠴᠡᠯ᠎ᠳᠤ ᠨᠡᠶ᠋ᠢᠴᠡᠬᠦ ᠪᠥᠭᠡᠳ ᠡᠯ᠎ᠡ ᠳᠦᠷᠦᠯ᠎ᠤᠨ ᠤᠢ ᠰᠢᠭᠤᠶ ᠵᠢᠨ   ᠭᠣᠣᠯᠳᠠᠯᠭ᠎ᠠ᠎ᠲᠠᠢ ᠢᠨᠵᠸᠨ᠋ᠸᠷᠢᠩ᠎ᠤᠨ ᠬᠠᠷᠠᠭ᠋ᠠᠯᠵᠠᠯ᠎ᠤᠨ ᠲᠥᠷᠥ ᠵᠢᠨ ᠪᠤᠳᠤᠯᠭ᠎ᠠ ᠵᠢ ᠨᠢᠭᠡᠨᠲᠡ ᠡᠳ᠋ᠯᠡᠭᠰᠡᠨ ᠶᠠᠳᠠᠭᠤ   ᠬᠦᠴᠢᠷᠳᠡᠯᠲᠡᠶ ᠠᠵᠢᠯᠳᠠᠨ᠎ᠤ ᠪᠥᠬᠥ ᠲᠠᠯ᠎ᠠ ᠵᠢᠨ ᠪᠠᠶ᠋ᠢᠳᠠᠯ᠎ᠢ ᠣᠶ᠋ᠢᠯᠠᠭ᠋ᠠᠵᠣ᠂ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠤᠨ ᠲᠤᠬᠠᠶ   ᠪᠠᠶ᠋ᠢᠴᠠᠭ᠋ᠠᠨ ᠪᠦᠷᠢᠳᠬᠡᠯ᠎ᠢ ᠨᠠᠷᠢᠨ ᠬᠢᠨᠠᠮᠠᠭ᠋ᠠᠶ ᠰᠠᠶ᠋ᠢᠲᠤᠷ ᠬᠢᠵᠦ᠂ ᠬᠣᠰᠢᠭᠤ ᠰᠢᠶᠠᠨ ᠲᠣᠭᠣᠷᠢᠭ᠎ᠤᠨ ᠶᠠᠳᠠᠭᠤ ᠵᠢ ᠲᠡᠳᠬᠦᠬᠦ ᠠᠯᠪᠠᠨ ᠬᠡᠷ ᠪᠠ ᠤᠢ ᠰᠢᠭᠤᠶ ᠵᠢᠨ ᠲᠣᠪᠴᠢᠶ᠎ᠠ᠎ᠠᠴᠠ ᠬᠠᠮᠲᠤᠪᠠᠷ ᠬᠢᠨᠠᠨ ᠬᠠᠷᠭᠤᠭᠤᠯᠵᠤ ᠮᠠᠭ᠋ᠠᠳᠯᠠᠨ ᠲᠣᠭᠲᠠᠭ᠋ᠠᠯᠭ᠋ᠠᠭᠰᠠᠨ᠎ᠤ ᠲᠠᠷᠠᠭ᠎ᠠ᠂ ᠪᠦᠷᠢᠨ ᠲᠡᠭᠦᠯᠳᠡᠷ ᠠᠮᠢ ᠠᠬᠤᠶ ᠵᠢ ᠬᠠᠮᠠᠭ᠋ᠠᠯᠠᠨ ᠶᠠᠳᠠᠭᠤ ᠵᠢ ᠲᠡᠳᠬᠦᠬᠦ ᠳᠠᠩᠰᠠ ᠡᠪᠬᠡᠮᠡᠯ᠎ᠢ ᠪᠠᠶ᠋ᠢᠭᠤᠯᠵᠤ ᠬᠣᠲᠠ ᠵᠢᠨ ᠤᠢ ᠰᠢᠭᠤᠶ ᠵᠢᠨ ᠲᠣᠪᠴᠢᠶ᠎ᠠ᠎ᠳᠤ ᠳᠡᠭᠡᠭᠰᠢ ᠮᠡᠳᠡᠭᠦᠯᠬᠦ ᠬᠡᠷᠡᠭᠲᠡᠶ ᠭᠡᠵᠡᠢ᠃  


ᠢᠷᠡᠯᠲᠡ᠄ ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠪᠡᠷᠳᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠪᠦᠬᠦ ᠭᠡᠰᠢᠭᠦᠳ ᠳᠠᠬᠢᠨᠲᠠ ᠨᠠᠮ᠎ᠳᠤ ᠣᠷᠣᠬᠤ ᠲᠠᠩᠭ᠋ᠠᠷᠢᠭ ᠡᠷᠭᠦᠪᠡ
ᠬᠦᠬᠡᠬᠤᠳᠠ ᠵᠢᠨ ᠤᠢ ᠰᠢᠭᠤᠶ ᠵᠢᠨ ᠲᠣᠪᠴᠢᠶ᠎ᠠ 2018 ᠣᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠨᠠᠮ᠎ᠤᠨ ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠬᠤ᠎ᠳᠠᠭᠠᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠪᠠ
ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢᠩᠬᠢᠨᠢ᠎ᠪᠠᠷ ᠠᠵᠢᠯᠯᠠᠵᠤ ᠡᠬᠢᠯᠡᠭᠰᠡᠨ ᠪᠠᠶ᠋ᠢᠨ᠎ᠠ
ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠨᠠᠨ ᠮᠣ᠌ ᠣᠢ ᠰᠢᠭᠤᠢ ᠵᠢᠨ ᠲᠤᠪᠴᠢᠶᠠᠨ᠎ᠠᠴᠠ ᠦᠷᠨᠢᠭᠦᠯᠦᠭᠰᠡᠨ 2017 ᠣᠨ᠎ᠤ ᠪᠠᠢ᠌ᠭ᠋ᠠᠯᠢᠯᠢᠭ ᠣᠢ ᠵᠢ ᠬᠠᠮᠠᠭ᠋ᠠᠯᠠᠬᠤ ᠬᠣᠶᠠᠳᠤᠭ᠋ᠠᠷ ᠬᠤᠭᠤᠴᠠᠭ᠋ᠠᠨ᠎ᠤ ᠬᠠᠷᠭᠤᠭᠤᠯᠤᠨ ᠪᠠᠶ᠋ᠢᠴᠠᠭ᠋ᠠᠬᠤ ᠠᠵᠢᠯ᠎ᠳᠤ ᠭᠦᠨᠵᠡᠭᠡᠶ᠋ᠢᠷᠡᠪᠡ
 
             蒙ICP备05000248号