ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ ᠨᠠᠮ᠎ᠤᠨ ᠭᠡᠰᠢᠭᠦᠨ ᠺᠠᠳ᠋ᠷ᠎ᠢ ᠲᠥᠪᠯᠡᠷᠡᠭᠦᠯᠦᠨ ᠰᠤᠷᠤᠯᠴᠠᠭᠤᠯᠬᠤ ᠪᠣᠯᠪᠠᠰᠤᠷᠠᠯ᠎ᠤᠨ ᠠᠩᠭᠢ ᠡᠷᠬᠢᠯᠪᠡ
ᠨᠡᠶ᠋ᠢᠲᠡᠯᠡᠭᠰᠡᠨ ᠴᠠᠭ᠄ 2018-06-20

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                                          ᠰᠦᠯᠵᠢᠶᠡᠨ᠎ᠤ 6 ᠰᠠᠷ᠎ᠠ ᠵᠢᠨ 6᠎ᠤ ᠡᠳᠦᠷ᠎ᠤᠨ ᠮᠡᠳᠡᠭᠡ  
     

      ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ   ᠲᠤᠤᠱᠯᠠᠭᠤᠯᠬᠤ ᠵᠢᠨ ᠲᠦᠯᠦᠭᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠪᠦᠬᠦ ᠨᠠᠮ᠎ᠢ ᠵᠡᠪᠰᠡᠭᠯᠡᠵᠦ᠂ ᠨᠠᠮ᠎ᠤᠨ ᠭᠡᠰᠢᠭᠦᠨ ᠺᠠᠳ᠋ᠷ᠎ᠢ   ᠬᠥᠮᠦᠵᠢᠭᠦᠯᠦᠨ ᠬᠥᠲᠥᠯᠥᠨ ᠵᠢᠯᠣᠭᠣᠳᠴᠤ ᠪᠠᠶ᠋ᠢᠭ᠋ᠠᠳ 《ᠲᠦᠷᠪᠡᠨ ᠤᠬᠠᠮᠰᠠᠷ》᠎ᠢ ᠪᠡᠬᠢᠵᠢᠭᠦᠯᠵᠦ᠂ 《ᠳᠥᠷᠪᠡᠨ ᠢᠲᠡᠭᠡᠯ》᠎ᠢ ᠨᠡᠮᠡᠭᠳᠡᠭᠦᠯᠬᠦ ᠵᠢᠨ ᠬᠠᠮᠲᠤ ᠲᠣᠪᠴᠢᠶᠠᠨ᠎ᠤ ᠬᠠᠷᠢᠶ᠎ᠠ ᠡᠯ᠎ᠡ ᠨᠠᠮ᠎ᠤᠨ ᠵᠣᠬᠢᠶᠠᠨ   ᠪᠠᠶ᠋ᠢᠭᠤᠯᠤᠯᠲᠠ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠤ ᠡᠯ᠎ᠡ ᠵᠦᠢ᠍ᠯ᠎ᠤᠨ ᠠᠵᠢᠯ᠎ᠢ ᠵᠢᠯᠣᠭᠣᠳᠴᠣ᠂ ᠪᠠᠶ᠋ᠢᠩᠭᠤ ᠵᠢᠨ ᠴᠢᠨᠠᠷᠲᠠᠶ ᠬᠥᠮᠦᠵᠢᠯ ᠪᠣᠯᠤᠨ ᠲᠥᠪᠯᠡᠷᠡᠭᠦᠯᠦᠨ ᠪᠣᠯᠪᠠᠰᠤᠷᠠᠭᠤᠯᠤᠯᠲᠠ ᠵᠢ ᠤᠶᠠᠯᠳᠤᠭᠤᠯᠬᠤ ᠵᠢ ᠴᠢᠩᠭ᠋ᠠᠳᠬᠠᠪᠠ᠃ 5 ᠰᠠᠷ᠎ᠠ ᠵᠢᠨ 30᠎ᠤ ᠡᠳᠦᠷ᠎ᠲᠤ᠂ ᠪᠠᠶᠠᠨᠨᠠᠭᠤᠷ ᠬᠣᠲᠠ ᠵᠢᠨ ᠣᠶ ᠰᠢᠭᠤᠶ ᠵᠢᠨ   ᠲᠣᠪᠴᠢᠶ᠎ᠠ᠎ᠠᠴᠠ ᠨᠠᠮ᠎ᠤᠨ ᠭᠡᠰᠢᠭᠦᠨ ᠺᠠᠳ᠋ᠷ᠎ᠢ ᠲᠥᠪᠯᠡᠷᠡᠭᠦᠯᠦᠨ᠂ ᠰᠤᠷᠤᠯᠴᠠᠬᠤ ᠪᠣᠯᠪᠠᠰᠤᠷᠠᠯ᠎ᠤᠨ ᠠᠩᠭᠢ ᠵᠢ ᠡᠷᠬᠢᠯᠡᠨ ᠨᠡᠭᠡᠭᠡᠪᠡ᠃      
      ᠲᠤᠰ ᠤᠳᠠᠭ᠋ᠠᠨ᠎ᠤ ᠪᠣᠯᠪᠠᠰᠤᠷᠠᠯ᠎ᠳᠤ ᠬᠤᠳᠠ ᠵᠢᠨ ᠨᠠᠮ᠎ᠤᠨ ᠬᠣᠷᠢᠶᠠᠨ᠎ᠤ ᠨᠠᠮ᠎ᠤᠨ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠵᠠᠬᠢᠷᠤᠯ ᠵᠢᠶᠠ ᠬᠦᠢ ᠪᠠᠬᠰᠢ ᠪᠤᠯᠤᠨ ᠳᠡᠳ᠋ ᠰᠤᠷᠭ᠋ᠠᠨ ᠬᠥᠮᠦᠵᠢᠯ᠎ᠤᠨ ᠳᠠᠷᠤᠭ᠎ᠠ᠂ ᠳᠡᠳ᠋ ᠫᠷᠣᠹᠧᠰᠰᠣᠷ ᠴᠢᠦ ᠶᠠᠨ ᠪᠠᠭᠰᠢ 《ᠲᠤᠭ ᠲᠡᠮᠳᠡᠭ ᠲᠣᠳᠣᠷᠬᠠᠶ ᠦᠵᠡᠯ ᠤᠬᠠᠮᠰᠠᠷ᠎ᠤᠨ ᠬᠡᠯᠪᠡᠷᠢ ᠵᠢᠨ   ᠠᠵᠢᠯ᠎ᠢ ᠴᠢᠩᠭ᠋ᠠᠳᠬᠠᠵᠤ》᠂ 《ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠣᠶ᠋ᠢᠯᠠᠭ᠋ᠠᠬᠤ》 ᠭᠡᠬᠦ ᠲᠤᠰᠬᠠᠶ ᠰᠡᠳᠦᠪ ᠵᠶ᠋ᠡᠷ ᠬᠠᠪᠰᠤᠷᠤᠨ ᠵᠢᠯᠣᠭᠤᠳᠣᠯᠭ᠎ᠠ ᠬᠢᠯᠭᠡᠪᠡ᠃ ᠬᠤᠳᠠ ᠵᠢᠨ ᠤᠢ ᠰᠢᠭᠤᠶ ᠵᠢᠨ ᠲᠣᠪᠴᠢᠶ᠎ᠠ ᠵᠢᠨ ᠲᠣᠪᠴᠢᠶ᠎ᠠ ᠵᠢᠨ ᠬᠠᠷᠢᠶ᠎ᠠ ᠡᠯ᠎ᠡ   ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠪᠦᠬᠦ ᠨᠠᠮ᠎ᠤᠨ ᠭᠡᠰᠢᠭᠦᠨ ᠺᠠᠳ᠋ᠷ   ᠨᠡᠶ᠋ᠢᠲᠡ 150 ᠭᠠᠷᠤᠶ ᠬᠥᠮᠦᠨ ᠰᠣᠷᠣᠯᠴᠠᠯᠭ᠎ᠠ ᠪᠣᠯᠪᠠᠰᠤᠷᠠᠯ᠎ᠳᠤ ᠣᠷᠣᠯᠴᠠᠪᠠ᠃      
      ᠰᠤᠷᠤᠯᠴᠠᠯᠭ᠎ᠠ ᠬᠥᠮᠦᠵᠢᠯ ᠵᠶ᠋ᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ ᠰᠢᠨ᠎ᠡ ᠪᠠᠶ᠋ᠢᠳᠠᠯ᠎ᠤᠨ ᠳᠣᠣᠷ᠎ᠠ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠤᠨᠴᠠ ᠴᠢᠬᠤᠯᠠ ᠴᠢᠨᠠᠷ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠯᠭ᠋ᠠᠷᠠᠵᠤ ᠪᠠᠶ᠋ᠢᠭ᠎ᠠ ᠥᠷᠢᠰᠥᠯᠳᠦᠭᠡᠨ᠎ᠢ ᠭᠦᠨ ᠭᠦᠨᠵᠡᠭᠡᠶ ᠣᠶ᠋ᠢᠯᠠᠭ᠋ᠠᠬᠤ ᠪᠠ ᠲᠠᠨᠢᠬᠤ᠂   ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠭᠣᠣᠯ ᠰᠡᠳᠬᠢᠴᠡ᠎ᠲᠠᠢ ᠪᠠᠶ᠋ᠢᠬᠤ ᠵᠢ ᠤᠯᠠᠮ ᠨᠢᠭᠡ ᠠᠯᠬᠤᠮ   ᠲᠣᠳᠣᠷᠬᠠᠶ᠋ᠢᠯᠠᠪᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠡᠬᠢ ᠰᠤᠷᠪᠤᠯᠵᠢ ᠬᠥᠭᠵᠢᠯᠲᠡ ᠵᠢᠨ ᠰᠤᠳᠠᠰᠤ᠂ ᠴᠠᠭ ᠦᠶ᠎ᠡ ᠵᠢᠨ ᠲᠦᠰᠢᠭ   ᠪᠠᠶ᠋ᠢᠳᠠᠯ᠂ ᠭᠣᠣᠯ ᠠᠭᠤᠯᠭ᠎ᠠ ᠪᠠ ᠲᠡᠦᠬᠡᠲᠦ ᠬᠤᠪᠢ ᠨᠡᠮᠡᠷᠢ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠰᠤᠷᠤᠯᠴᠠᠬᠤ ᠰᠡᠳᠬᠢᠴᠡ᠎ᠪᠠᠨ ᠥᠷᠭᠡᠳᠬᠡᠵᠦ᠂ ᠰᠤᠷᠤᠯᠴᠠᠬᠤ ᠠᠭᠤᠯᠭ᠎ᠠ᠎ᠪᠠᠨ ᠪᠠᠶᠠᠯᠢᠭᠵᠢᠭᠤᠯᠤᠭ᠋ᠠᠳ᠂ ᠰᠤᠷᠤᠯᠴᠠᠬᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ ᠵᠶ᠋ᠠᠨ ᠨᠡᠮᠡᠭᠳᠡᠭᠦᠯᠦᠭᠰᠡᠨ ᠪᠠᠶ᠋ᠢᠨ᠎ᠠ᠃  



ᠢᠷᠡᠯᠲᠡ᠄ ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠠᠶᠠᠨᠨᠠᠭᠤᠷ ᠬᠣᠲᠠ ᠵᠢᠨ ᠤᠢ ᠰᠢᠭᠤᠶ ᠵᠢᠨ ᠲᠣᠪᠴᠢᠶ᠎ᠠ ᠪᠦᠬᠦ ᠬᠣᠲᠠ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠢ ᠳᠥᠯᠭᠢᠨ ᠠᠬᠢᠭᠤᠯᠬᠤ ᠬᠤᠷᠠᠯ᠎ᠢ ᠨᠡᠬᠡᠭᠡᠪᠡ
ᠦᠪᠡᠷᠳᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠪᠦᠬᠦ ᠭᠡᠰᠢᠭᠦᠳ ᠳᠠᠬᠢᠨᠲᠠ ᠨᠠᠮ᠎ᠳᠤ ᠣᠷᠣᠬᠤ ᠲᠠᠩᠭ᠋ᠠᠷᠢᠭ ᠡᠷᠭᠦᠪᠡ
ᠬᠦᠬᠡᠬᠤᠳᠠ ᠵᠢᠨ ᠤᠢ ᠰᠢᠭᠤᠶ ᠵᠢᠨ ᠲᠣᠪᠴᠢᠶ᠎ᠠ 2018 ᠣᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠨᠠᠮ᠎ᠤᠨ ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠬᠤ᠎ᠳᠠᠭᠠᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠪᠠ
ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢᠩᠬᠢᠨᠢ᠎ᠪᠠᠷ ᠠᠵᠢᠯᠯᠠᠵᠤ ᠡᠬᠢᠯᠡᠭᠰᠡᠨ ᠪᠠᠶ᠋ᠢᠨ᠎ᠠ
 
             蒙ICP备05000248号