ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢᠩᠬᠢᠨᠢ᠎ᠪᠠᠷ ᠠᠵᠢᠯᠯᠠᠵᠤ ᠡᠬᠢᠯᠡᠭᠰᠡᠨ ᠪᠠᠶ᠋ᠢᠨ᠎ᠠ
ᠨᠡᠶ᠋ᠢᠲᠡᠯᠡᠭᠰᠡᠨ ᠴᠠᠭ᠄ 2018-06-22

     5 ᠳ᠋ᠤᠭ᠋ᠠᠷ ᠰᠠᠷ᠎ᠠ ᠵᠢᠨ 31᠎ᠤ ᠡᠳᠦᠷ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠲᠤᠬᠠᠶ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ᠃ ᠡᠨᠡ ᠪᠣᠯ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠠᠷᠠᠭ᠋ᠠᠬᠢ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠩᠬ᠎ᠠ ᠤᠳᠠᠭ᠋ᠠᠨ᠎ᠤ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠬᠤᠷᠠᠯ ᠪᠤᠯᠤᠨ᠎ᠠ᠃ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠢ ᠵᠣᠬᠢᠴᠠᠭᠤᠯᠬᠤ ᠲᠣᠭᠲᠠᠴᠠ ᠵᠢᠩᠬᠢᠨᠢ᠎ᠪᠠᠷ ᠠᠵᠢᠯᠯᠠᠵᠤ ᠡᠬᠢᠯᠡᠭᠰᠡᠨ᠎ᠢ ᠬᠠᠷᠠᠭᠤᠯᠵᠦ ᠪᠠᠢ᠌ᠭ᠎ᠠ ᠶᠤᠮ᠃
      ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠳᠡᠳ᠋ ᠳᠠᠷᠤᠭ᠎ᠠ ᠵᠠᠩ ᠶᠦᠩ ᠯᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃ ᠵᠠᠩ ᠶᠦᠩ ᠯᠢ ᠶᠠᠷᠢᠬᠤ᠎ᠳᠠᠭᠠᠨ᠂ ᠣᠶ᠋ᠢᠷ᠎ᠠ ᠵᠢᠨ ᠵᠢᠯ᠎ᠠᠴᠠ ᠨᠠᠰᠢ᠂ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠭᠡᠳᠦ ᠬᠡᠮᠵᠢᠶᠡᠨ᠎ᠤ ᠴᠢᠬᠤᠯᠴᠢᠯᠠᠭ᠎ᠠ ᠪᠠ ᠬᠦᠴᠦᠲᠡᠶ ᠳᠡᠮᠵᠢᠯᠭᠡ ᠳᠣᠣᠷ᠎ᠠ᠂ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠠᠬᠢᠴᠠ ᠤᠷᠤᠭᠰᠢᠲᠠᠶ ᠶᠠᠪᠤᠭᠳᠠᠵᠦ᠂ ᠠᠮᠵᠢᠯᠲᠠ᠎ᠨᠢ ᠮᠡᠳᠡᠭᠳᠡᠮ᠎ᠡ ᠪᠠᠢ᠌ᠨ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠤᠳᠤᠷᠢᠳᠬᠤ ᠳᠤᠭᠤᠶ᠋ᠢᠯᠠᠩ᠎ᠢ ᠵᠤᠬᠢᠶᠠᠨ ᠪᠠᠢ᠌ᠭᠤᠯᠵᠦ᠂ ᠠᠮᠢ ᠠᠬᠤᠶ ᠵᠢᠨ ᠠᠮᠤᠷ ᠲᠦᠪᠰᠢᠨ᠎ᠤ ᠰᠤᠳᠤᠯᠤᠯ᠎ᠤᠨ ᠲᠥᠪ᠎ᠢ ᠲᠤᠰᠬᠠᠶ᠋ᠢᠯᠠᠨ ᠪᠠᠶ᠋ᠢᠭᠤᠯᠵᠤ᠂ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠢ ᠵᠣᠬᠢᠴᠠᠭᠤᠯᠬᠤ ᠲᠣᠭᠲᠠᠴᠠ ᠵᠢ ᠲᠤᠭᠳᠠᠭ᠋ᠠᠵᠦ᠂ ᠭᠣᠣᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠭᠡ ᠲᠣᠭᠲᠠᠭ᠋ᠠᠵᠤ᠂ ᠰᠢᠨ᠎ᠡ ᠵᠢ ᠡᠭᠦᠳᠬᠦ ᠲᠥᠷᠥ ᠵᠢᠨ ᠪᠣᠳᠣᠯᠭ᠎ᠠ ᠵᠢ ᠲᠡᠬᠦᠯᠳᠡᠷᠵᠢᠬᠦᠯᠦᠨ᠂ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠵᠤ᠂ ᠲᠥᠪ ᠬᠤᠷᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠲᠦᠷᠦ ᠵᠢᠨ ᠪᠤᠲᠤᠯᠭ᠎ᠠ ᠪᠠ ᠠᠵᠢᠯ᠎ᠤᠨ ᠪᠠᠢ᠌ᠷᠠᠯᠠᠭᠤᠯᠤᠯᠳᠠ ᠵᠢ ᠪᠦᠲᠦᠮᠵᠢᠲᠡᠶ ᠲᠤᠤᠱᠯᠠᠭᠤᠯᠪᠠ᠃
      ᠵᠠᠩ ᠶᠦᠩ ᠯᠢ ᠴᠢᠬᠤᠯᠠᠴᠢᠯᠠᠭᠰᠠᠨ᠎ᠨᠢ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠬᠤ ᠪᠣᠯ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠨᠠᠢ᠌ᠳᠠᠪᠤᠷᠵᠢᠭᠤᠯᠬᠤ ᠮᠢᠩᠭ᠋ᠠᠨ ᠵᠢᠯ᠎ᠤᠨ ᠶᠡᠬᠡ ᠪᠤᠳᠤᠯᠭ᠎ᠠ᠂ ᠦᠨᠳᠦᠰᠦᠨ ᠪᠤᠳᠤᠯᠭ᠎ᠠ ᠵᠢᠨ ᠰᠠᠭᠤᠷᠢ ᠠᠵᠢᠯ ᠮᠥᠨ᠃ ᠶᠡᠷᠦᠩᠬᠡᠶ᠎ᠳᠤᠨᠢ ᠠᠪᠴᠤ ᠦᠵᠡᠪᠡᠯ᠂ ᠮᠠᠨ᠎ᠤ ᠤᠯᠤᠰ᠎ᠤᠨ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠤᠷᠳᠤ ᠬᠤᠭᠤᠴᠠᠭ᠋ᠠᠨ᠎ᠤ ᠲᠤᠷᠰᠢ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠠᠴᠠ ᠬᠣᠴᠣᠷᠴᠤ᠂ ᠮᠥᠨ ᠯᠡ ᠤᠢ ᠮᠣᠳᠣ᠎ᠪᠠᠷ ᠳᠤᠲᠠᠮᠠᠭ ᠤᠯᠤᠰ ᠪᠠᠢ᠌ᠵᠦ᠂ ᠣᠢ ᠰᠢᠭᠤᠢ᠂ ᠴᠢᠬᠢᠭᠯᠢᠭ ᠭᠠᠵᠠᠷ᠂ ᠨᠤᠲᠤᠭ ᠪᠡᠯᠴᠢᠭᠡᠷ ᠵᠡᠷᠭᠡ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ ᠮᠥᠨ ᠨᠡᠯᠢᠶᠡᠳ ᠪᠠᠭᠤᠷᠠᠶ ᠪᠠᠶ᠋ᠢᠨ᠎ᠠ᠃ ᠠᠮᠢ ᠠᠬᠤᠶ ᠵᠢᠨ ᠬᠠᠮᠠᠭ᠋ᠠᠯᠠᠨ ᠰᠡᠷᠬᠦᠭᠡᠯᠳᠠ᠎ᠳᠤ ᠲᠤᠯᠭ᠋ᠠᠷᠠᠵᠦ ᠪᠠᠢ᠌ᠭ᠎ᠠ ᠪᠠᠢ᠌ᠳᠠᠯ ᠮᠦᠨ ᠬᠦ᠌ ᠬᠦᠨᠳᠦ ᠨᠣᠴᠢᠲᠠᠶ ᠪᠠᠶ᠋ᠢᠵᠤ᠂ ᠰᠢᠨ᠎ᠡ ᠪᠠᠶ᠋ᠢᠳᠠᠯ᠎ᠢ ᠡᠷᠬᠡᠪᠰᠢ ᠵᠥᠪ ᠣᠨᠣᠪᠴᠢᠲᠠᠶ ᠡᠵᠡᠮᠳᠡᠵᠦ᠂ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠬᠡᠨ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ᠎ᠪᠠᠷ ᠠᠵᠢᠯ ᠬᠢᠵᠦ᠂ ᠤᠢ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠠᠮᠤᠷ ᠲᠦᠪᠰᠢᠨ᠎ᠤ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠶᠠᠰᠤ ᠴᠢᠨᠠᠷ ᠰᠠᠶ᠋ᠢᠲᠠᠶ ᠪᠡᠶᠡᠯᠡᠬᠦᠯᠵᠦ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠢᠳᠡᠭᠡᠯ ᠨᠠᠢ᠌ᠳᠠᠪᠤᠷᠢ ᠵᠢ ᠬᠥᠰᠡᠷᠳᠡᠭᠦᠯᠬᠦ ᠦᠭᠡᠢ ᠪᠠᠶ᠋ᠢᠬᠤ ᠬᠡᠷᠡᠭᠳᠡᠢ᠃
      ᠵᠠᠩ ᠶᠦᠩ ᠯᠢ ᠱᠠᠭ᠋ᠠᠷᠳᠠᠭᠰᠠᠨ᠎ᠨᠢ᠂ ᠰᠢ ᠵᠢᠨ ᠫᠢᠩ᠎ᠤᠨ ᠰᠢᠨ᠎ᠡ ᠴᠠᠭ ᠦᠶ᠎ᠠ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠬᠥᠲᠥᠯᠥᠨ ᠲᠠᠭ᠋ᠠᠭᠤᠯᠬᠤ ᠵᠢ ᠪᠠᠷᠢᠮᠲᠠᠯᠠᠵᠤ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠬᠤ ᠶᠠᠪᠤᠳᠠᠯ ᠵᠶ᠋ᠠᠷ ᠭᠣᠣᠯ ᠬᠠᠷᠠᠯᠲᠠ᠎ᠪᠠᠨ ᠪᠣᠯᠭ᠋ᠠᠵᠤ᠂ ᠣᠶ ᠰᠢᠭᠤᠶ᠂ ᠴᠢᠬᠢᠭᠯᠢᠭ ᠭᠠᠵᠠᠷ᠂ ᠬᠡᠭᠡᠷ᠎ᠡ ᠲᠠᠯ᠎ᠠ᠂ ᠲᠠᠴᠢᠷ ᠴᠦᠯ᠎ᠤᠨ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠵᠢ ᠬᠦᠴᠦᠯᠡᠨ ᠴᠢᠩᠭ᠋ᠠᠷᠠᠭᠤᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠶ᠃ ᠠᠮᠢ ᠠᠬᠤᠶ ᠵᠢᠨ ᠰᠢᠰᠲ᠋ᠧᠮ᠎ᠤᠨ ᠦᠢ᠍ᠯᠡᠴᠢᠯᠡᠭᠡᠨ᠎ᠤ ᠴᠢᠳᠠᠪᠬᠢ ᠪᠣᠯᠤᠨ ᠳᠠᠭ᠋ᠠᠭ᠋ᠠᠴᠠ ᠵᠢᠨ ᠴᠢᠳᠠᠮᠵᠢ ᠵᠢ ᠴᠢᠨᠭ᠌ᠭ᠋ᠠᠳᠬᠠᠵᠦ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠤ ᠨᠣᠭᠣᠭ᠋ᠠᠨ ᠬᠠᠯᠬᠠᠪᠴᠢ ᠵᠢ ᠬᠠᠮᠠᠭ᠋ᠠᠯᠠᠬᠤ ᠵᠢ ᠪᠠᠲᠤ ᠴᠣᠭᠴᠠᠯᠠᠬᠤ ᠬᠡᠷᠡᠭᠲᠡᠶ᠃ ᠠᠮᠢ ᠠᠬᠤᠶ ᠵᠢᠨ ᠠᠮᠤᠷ ᠲᠦᠪᠰᠢᠨ᠎ᠤ ᠴᠢᠬᠤᠯᠠ ᠶᠡᠬᠡ ᠠᠰᠠᠭᠤᠳᠠᠯ᠎ᠤᠨ ᠰᠤᠳᠤᠯᠭ᠋ᠠᠨ᠎ᠢ ᠦᠨᠡᠨ ᠬᠦ᠌ ᠴᠢᠩᠭ᠋ᠠᠳᠬᠠᠵᠤ᠂ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠪᠦᠬᠦ ᠬᠦᠴᠦ᠎ᠪᠠᠷ ᠵᠶ᠋ᠠᠨ ᠪᠡᠶᠡᠯᠡᠭᠦᠯᠬᠦ ᠬᠡᠷᠡᠭᠲᠡᠶ᠃ ᠠᠮᠢ ᠠᠬᠤᠶ ᠵᠢᠨ ᠬᠦᠷᠢᠶᠡᠨ᠎ᠤ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠵᠢ ᠰᠠᠶ᠋ᠢᠲᠤᠷ ᠬᠢᠵᠦ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠤ ᠣᠨ᠎ᠤ ᠮᠡᠳᠡᠭᠦᠯᠦᠯᠲᠡ ᠵᠢ ᠬᠢᠨᠠᠮᠠᠭ᠋ᠠᠶ ᠨᠠᠶ᠋ᠢᠷᠠᠭᠤᠯᠤᠨ ᠪᠢᠴᠢᠬᠦ ᠬᠡᠷᠡᠭᠳᠡᠢ᠃ ᠲᠥᠪ ᠬᠣᠷᠢᠶᠠᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠬᠠᠮᠤᠭ᠎ᠤᠨ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠵᠦ᠂ ᠲᠣᠭᠲᠠᠴᠠ ᠵᠢ ᠵᠣᠬᠢᠴᠠᠭᠤᠯᠬᠤ᠎ᠪᠠᠷ ᠲᠠᠪᠴᠠᠩ ᠬᠢᠭᠡᠳ ᠠᠴᠢᠶᠠᠯᠠᠪᠤᠷᠢ ᠪᠤᠯᠭ᠋ᠠᠵᠦ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃ ᠳᠣᠲᠣᠭ᠋ᠠᠳᠤ ᠭᠠᠳᠠᠭ᠋ᠠᠳᠤ ᠵᠢ ᠨᠢᠭᠡᠳᠦᠯᠲᠡᠶ ᠲᠥᠯᠥᠪᠵᠢᠭᠦᠯᠬᠦ ᠵᠢ ᠰᠠᠶ᠋ᠢᠲᠤᠷ ᠬᠢᠵᠦ᠂ ᠲᠤᠰ ᠲᠤᠰ᠎ᠤᠨ ᠵᠶ᠋ᠠᠨ ᠲᠤᠰᠢᠶᠠᠯ᠎ᠢ ᠭᠦᠢ᠍ᠴᠡᠳᠬᠡᠬᠦ᠂ ᠬᠦᠴᠦ ᠬᠠᠮᠲᠤᠷᠠᠨ ᠠᠵᠢᠯᠯᠠᠬᠤ᠂ ᠤᠢ ᠰᠢᠭᠤᠶ ᠪᠠ ᠨᠤᠲᠤᠭ ᠪᠡᠯᠴᠢᠭᠡᠷ᠎ᠤᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠬᠦᠴᠦᠷᠬᠡᠭ ᠶᠡᠬᠡ ᠨᠢᠭᠲᠠᠷᠠᠯ᠎ᠤᠨ ᠬᠦᠴᠦᠨ᠎ᠢ ᠴᠢᠷᠮᠠᠢ᠌ᠨ ᠪᠦᠷᠢᠯᠳᠦᠭᠦᠯᠵᠦ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠠᠮᠢ ᠠᠬᠤᠶ ᠵᠢᠨ ᠪᠣᠯᠪᠠᠰᠤᠨ ᠪᠠ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠬᠦᠯᠬᠦ ᠬᠡᠷᠡᠭᠳᠡᠢ᠃ (ᠪᠣᠬᠢᠷᠲᠤᠯ ᠦᠬᠡᠢ ᠴᠠᠭ ᠰᠣᠨᠢᠨ᠎ᠤ ᠰᠤᠷᠪᠤᠯᠵᠢᠯᠠᠭᠴᠢ ᠵᠢᠶᠣᠤ ᠢᠦᠢ ᠬᠠᠶ)  

ᠢᠷᠡᠯᠲᠡ᠄ ᠦᠪᠦᠷ ᠮᠤᠩᠭᠤᠯ᠎ᠤᠨ ᠣᠢ ᠰᠢᠭᠤᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠨᠠᠨ ᠮᠣ᠌ ᠣᠢ ᠰᠢᠭᠤᠢ ᠵᠢᠨ ᠲᠤᠪᠴᠢᠶᠠᠨ᠎ᠠᠴᠠ ᠦᠷᠨᠢᠭᠦᠯᠦᠭᠰᠡᠨ 2017 ᠣᠨ᠎ᠤ ᠪᠠᠢ᠌ᠭ᠋ᠠᠯᠢᠯᠢᠭ ᠣᠢ ᠵᠢ ᠬᠠᠮᠠᠭ᠋ᠠᠯᠠᠬᠤ ᠬᠣᠶᠠᠳᠤᠭ᠋ᠠᠷ ᠬᠤᠭᠤᠴᠠᠭ᠋ᠠᠨ᠎ᠤ ᠬᠠᠷᠭᠤᠭᠤᠯᠤᠨ ᠪᠠᠶ᠋ᠢᠴᠠᠭ᠋ᠠᠬᠤ ᠠᠵᠢᠯ᠎ᠳᠤ ᠭᠦᠨᠵᠡᠭᠡᠶ᠋ᠢᠷᠡᠪᠡ
ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠰᠢᠮᠳᠠᠭᠣᠯᠬᠣ ᠳᠤᠭᠤᠶ᠋ᠢᠯᠠᠩ ᠥᠪᠥᠷ ᠮᠣᠩᠭᠣᠯ᠎ᠤᠨ ᠲᠡᠮᠡᠭᠡᠴᠢ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠭᠦᠨᠵᠡᠭᠡᠢ᠌ᠷᠡᠵᠦ ᠰᠢᠮᠳᠠᠭᠣᠯᠣᠨ ᠪᠠᠶ᠋ᠢᠴᠠᠭ᠋ᠠᠬᠤ ᠵᠢ ᠦᠷᠨᠢᠬᠦᠯᠪᠠ
ᠪᠠᠶᠠᠨᠨᠠᠭᠤᠷ ᠬᠣᠲᠠ ᠵᠢᠨ ᠤᠢ ᠰᠢᠭᠤᠶ ᠵᠢᠨ ᠠᠮᠢ ᠠᠬᠤᠶ ᠵᠢᠨ ᠪᠥᠳᠥᠭᠡᠨ ᠪᠠᠶ᠋ᠢᠭᠤᠯᠤᠯᠲᠠ ᠵᠢᠨ ᠲᠠᠯᠠᠪᠠᠢ ᠵᠢ 29 ᠲᠦᠮᠡ ᠭᠠᠷᠤᠶ ᠮᠥ᠍ ᠪᠡᠶᠡᠯᠡᠭᠦᠯᠪᠡ
ᠬᠥᠯᠥᠨ ᠪᠣᠶ᠋ᠢᠷ ᠬᠣᠲᠠ ᠵᠢᠨ ᠬᠤᠩᠭᠤᠯᠵᠢ ᠤᠢ ᠰᠢᠭᠤᠶ ᠵᠢᠨ ᠲᠣᠪᠴᠢᠶᠠᠨ᠎ᠤ ᠨᠠᠮ᠎ᠤᠨ ᠬᠣᠷᠢᠶ᠎ᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ ᠵᠢ ᠴᠢᠩᠭ᠎ᠠ ᠪᠤᠲᠠᠲᠠᠢ ᠰᠠᠶ᠋ᠢᠲᠤᠷ ᠠᠳᠬᠤᠬ᠍ᠪᠠ
ᠬᠥᠯᠥᠨ ᠪᠣᠶ᠋ᠢᠷ ᠬᠣᠲᠠ ᠵᠢᠨ ᠬᠠᠭᠤᠴᠢᠨ ᠪᠠᠷᠭᠤ ᠬᠣᠰᠢᠭᠤᠨ᠎ᠤ ᠤᠢ ᠰᠢᠭᠤᠶ ᠵᠢᠨ ᠲᠣᠪᠴᠢᠶ᠎ᠠ ᠲᠠᠷᠢᠮᠠᠯ ᠲᠡᠭᠦᠬᠦ ᠬᠦᠷᠢᠶᠡᠯᠡᠩ᠎ᠤᠨ ᠶᠠᠳᠠᠭᠤ ᠵᠢ ᠲᠡᠳᠬᠦᠬᠦ ᠰᠠᠭᠤᠷᠢᠨ ᠭᠠᠵᠠᠷ᠎ᠤᠨ ᠲᠤᠷᠰᠢᠯᠲᠠ ᠵᠢᠨ ᠴᠢᠭ᠎ᠢ ᠪᠦᠲᠦᠭᠡᠨ ᠪᠠᠢ᠌ᠭᠤᠯᠪᠠ
 
             蒙ICP备05000248号