ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠬᠡᠬᠤᠳᠠ ᠵᠢᠨ ᠤᠢ ᠰᠢᠭᠤᠶ ᠵᠢᠨ ᠲᠣᠪᠴᠢᠶ᠎ᠠ 2018 ᠣᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2018-06-22

     2018 ᠤᠨ᠎ᠤ 4 ᠰᠠᠷ᠎ᠠ ᠵᠢᠨ 27᠎ᠤ ᠡᠳᠦᠷ᠎ᠤᠨ ᠦᠳᠡ ᠵᠢᠨ ᠬᠣᠶ᠋ᠢᠨ᠎ᠠ᠂ ᠬᠥᠬᠡᠬᠣᠲᠠ ᠵᠢᠨ ᠤᠢ ᠰᠢᠭᠤᠶ ᠵᠢᠨ ᠲᠣᠪᠴᠢᠶ᠎ᠠ 2018 ᠣᠨ᠎ᠤ ᠰᠢᠰᠲᠸᠮᠲᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ 2018 ᠣᠨ᠎ᠤ ᠨᠠᠮ᠎ᠤᠨ ᠪᠠᠶ᠋ᠢᠭᠤᠯᠤᠯᠲᠠ ᠵᠢᠨ ᠡᠭᠦᠷᠭᠡ ᠵᠢ ᠪᠠᠢ᠌ᠷᠢᠯᠠᠭᠤᠯᠵᠠᠢ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠸᠢ ᠬᠤᠨᠭ᠌ ᠵᠢᠶᠦ᠋ᠨ᠂ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠴᠧᠨ ᠬᠤᠨᠭ᠌ ᠹᠸᠨ᠂ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠬᠣᠲᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠲᠣᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠸᠠᠩ ᠴᠢᠨ ᠶᠠᠨ ᠵᠢᠴᠢ ᠲᠤᠪᠴᠢᠶ᠎ᠠ ᠵᠢᠨ ᠪᠠᠢ᠌ᠭᠤᠯᠭ᠎ᠠ ᠵᠢᠨ ᠪᠦᠬᠦ ᠺᠠᠳ᠋ᠷ᠂ ᠲᠤᠪᠴᠢᠶ᠎ᠠ ᠵᠢᠨ ᠬᠠᠷᠢᠶ᠎ᠠ ᠡᠯ᠎ᠡ ᠬᠣᠶᠠᠳᠤᠭ᠋ᠠᠷ ᠱᠠᠲᠤᠨ᠎ᠤ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠡᠭᠦᠷ᠎ᠤᠨ ᠱᠦᠵᠢ᠂ ᠭᠡᠰᠢᠭᠦᠳ 62 ᠬᠥᠮᠦᠨ ᠬᠤᠷᠠᠯ᠎ᠳᠤ ᠣᠷᠣᠯᠴᠠᠵᠠᠶ᠃ ᠬᠤᠷᠠᠯ᠎ᠢ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠸᠠᠩ ᠠᠨ ᠶᠤᠸᠠᠨ ᠨᠥᠬᠥᠷ ᠡᠷᠬᠢᠯᠡᠪᠡ᠃
      ᠬᠤᠷᠠᠯ ᠳᠡᠭᠡᠷ᠎ᠡ᠂ 2018 ᠣᠨ᠎ᠤ ᠬᠤᠲᠠ ᠵᠢᠨ ᠡᠯ᠎ᠡ ᠬᠠᠷᠢᠶ᠎ᠠ ᠪᠠᠶ᠋ᠢᠭᠤᠯᠭ᠎ᠠ ᠵᠢᠨ ᠨᠠᠮ᠎ᠤᠨ ᠠᠵᠢᠯᠯᠠᠬᠤ ᠬᠤᠷᠢᠶ᠎ᠠ ᠵᠢᠨ ᠨᠠᠮ᠎ᠤᠨ ᠪᠠᠶ᠋ᠢᠭᠤᠯᠤᠯᠲᠠ ᠵᠢᠴᠢ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠦ᠂ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠴᠧᠨ ᠬᠤᠨᠭ᠌ ᠹᠸᠨ ᠨᠥᠬᠥᠷ ᠲᠤᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠪᠣᠯᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢ ᠲᠦᠯᠦᠭᠡᠯᠡᠨ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮᠲᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠬᠤ ᠪᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠣᠶ ᠰᠢᠭᠤᠶ ᠵᠢᠨ ᠲᠤᠪᠴᠢᠶᠠᠨ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ ᠵᠢ ᠲᠠᠬᠢᠨ ᠰᠢᠨ᠎ᠡ ᠳᠡᠭᠲᠡᠷ᠎ᠲᠤ ᠭᠠᠷᠭ᠋ᠠᠬᠤ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠭᠰᠠᠨ ᠠᠵᠢᠯ᠎ᠤᠨ ᠢᠯᠡᠳᠬᠡᠯ ᠬᠢᠵᠦ᠂ 2017 ᠣᠨ᠎ᠤ ᠠᠵᠢᠯ᠎ᠢ ᠳ᠋ᠦᠩᠨᠡᠨ ᠡᠷᠭᠢᠴᠡᠭᠦᠯᠵᠦ᠂ ᠲᠣᠪᠴᠢᠶᠠᠨ ᠰᠢᠰᠲ᠋ᠧᠮ᠎ᠤᠨ 2018 ᠣᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠡᠭᠦᠷᠭᠡ ᠵᠢ ᠪᠠᠶ᠋ᠢᠷᠢᠯᠠᠭᠤᠯᠪᠠ᠃
      ᠬᠤᠷᠠᠯ ᠲᠡᠭᠦᠰᠬᠦ ᠦᠶ᠎ᠡ᠎ᠳᠤ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠸᠢ ᠬᠤᠨᠭ᠌ ᠵᠢᠶᠦ᠋ᠨ ᠨᠥᠬᠥᠷ ᠲᠤᠪᠴᠢᠶᠠᠨ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠭᠣᠣᠯᠳᠠᠯᠭ᠎ᠠ ᠵᠢ ᠬᠡᠷᠬᠢᠨ ᠰᠠᠶ᠋ᠢᠲᠤᠷ ᠠᠳᠬᠤᠬᠤ ᠲᠤᠬᠠᠶ ᠴᠢᠬᠤᠯᠠᠴᠢᠯᠠᠪᠠ᠄ ᠨᠢᠭᠡ᠎ᠳᠤ᠂ ᠲᠤᠭ ᠲᠡᠮᠳᠡᠭ ᠲᠣᠳᠣᠷᠬᠠᠶ ᠪᠠᠢ᠌ᠵᠦ᠂ ᠤᠯᠤᠰ ᠲᠦᠷᠦ ᠵᠢ ᠡᠷᠬᠢᠮᠯᠡᠬᠦ᠂ ᠤᠯᠤᠰ ᠲᠦᠷᠦ ᠵᠢᠨ ᠪᠠᠶ᠋ᠢᠭᠤᠯᠤᠯᠲᠠ ᠵᠢ ᠢᠮᠠᠭᠲᠠ ᠦᠨᠳᠦᠰᠦᠨ ᠴᠢᠨᠠᠷᠲᠠᠶ ᠪᠦᠳᠦᠭᠡᠠ ᠪᠠᠶ᠋ᠢᠭᠤᠯᠤᠯᠲᠠ ᠪᠤᠯᠭ᠋ᠠᠨ᠎ᠠ᠃ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠠ ᠲᠦᠪᠯᠡᠷᠡᠭᠰᠡᠨ ᠨᠢᠭᠡᠳᠦᠯᠲᠡᠶ ᠤᠳᠤᠷᠢᠳᠤᠯᠭ᠎ᠠ ᠵᠢ ᠡᠷᠡᠰ ᠬᠠᠮᠠᠭ᠋ᠠᠯᠠᠨ᠂ ᠨᠠᠮ᠎ᠤᠨ ᠳᠦᠷᠢᠮ᠎ᠢ ᠰᠤᠷᠤᠯᠴᠠᠵᠤ᠂ ᠨᠠᠮ᠎ᠤᠨ ᠳᠦᠷᠢᠮ᠎ᠢ ᠰᠠᠬᠢᠵᠦ᠂ ᠨᠠᠮ᠎ᠤᠨ ᠳᠦᠷᠢᠮ᠎ᠢ ᠲᠤᠤᠱᠯᠠᠭᠤᠯᠵᠦ᠂ ᠨᠠᠮ᠎ᠤᠨ ᠳᠦᠷᠢᠮ᠎ᠢ ᠬᠠᠮᠠᠭ᠋ᠠᠯᠠᠨ᠂ ᠤᠯᠤᠰ ᠲᠦᠷᠦ ᠵᠢ ᠡᠷᠬᠢᠮᠯᠡᠬᠦ᠂ ᠦᠨᠡᠨᠴᠢ ᠰᠢᠳᠤᠷᠭᠤ ᠵᠢ ᠡᠷᠬᠢᠮᠯᠡᠬᠦ ᠵᠢ ᠠᠵᠢᠯᠯᠠᠭ᠎ᠠ ᠳᠡᠭᠡᠷ᠎ᠡ᠎ᠪᠠᠨ ᠢᠯᠡᠷᠡᠬᠦᠯᠦᠨ᠎ᠡ᠃ ᠬᠣᠶᠠᠷ᠎ᠲᠤ᠂ ᠤᠨᠤᠯ ᠵᠶ᠋ᠠᠷ ᠵᠡᠪᠰᠡᠭᠯᠡᠬᠦ ᠵᠢ ᠴᠢᠨᠭ᠌ᠭ᠋ᠠᠳᠬᠠᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠠ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠬᠤ ᠵᠢ ᠲᠡᠷᠢᠭᠦᠨ ᠴᠢᠬᠤᠯᠠ ᠶᠠᠪᠤᠳᠠᠯ ᠪᠤᠯᠭ᠋ᠠᠬᠤ ᠵᠢ ᠪᠠᠷᠢᠮᠳᠠᠯᠠᠨ᠎ᠠ᠃ ᠭᠦᠨᠵᠡᠭᠡᠶ᠋ᠢᠷᠡᠭᠦᠯᠬᠦ ᠳᠡᠭᠡᠷ᠎ᠡ ᠬᠦᠴᠦᠨ ᠵᠶ᠋ᠠᠨ ᠲᠠᠯᠪᠢᠵᠤ᠂ ᠰᠢᠩᠭᠡᠭᠡᠯᠲᠡ ᠳᠡᠭᠡᠷ᠎ᠡ ᠬᠦᠴᠦᠨ ᠵᠶ᠋ᠠᠨ ᠲᠠᠯᠪᠢᠵᠤ᠂ ᠬᠤᠪᠢᠷᠠᠭᠤᠯᠬᠤ ᠳᠡᠭᠡᠷ᠎ᠡ ᠬᠦᠴᠦᠨ ᠵᠶ᠋ᠡᠨ ᠲᠠᠯᠪᠢᠬᠤ ᠬᠡᠷᠡᠭᠳᠡᠢ᠃ ᠭᠤᠷᠪᠠ᠎ᠳᠤ᠂ ᠤᠯᠤᠰ ᠲᠦᠷᠦ ᠵᠢᠨ ᠴᠢᠳᠠᠪᠬᠢ ᠵᠢ ᠳᠤᠪᠤᠢ᠌ᠯᠭ᠋ᠠᠨ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ ᠭᠡᠬᠦ ᠡᠨᠡ ᠬᠦ᠌ ᠰᠠᠭᠤᠷᠢ ᠵᠢ ᠪᠥᠬᠥ ᠬᠦᠴᠦᠨ ᠵᠶ᠋ᠠᠷ ᠵᠶ᠋ᠠᠨ ᠠᠳᠬᠤᠨ᠎ᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠠᠢ᠌ᠴᠢᠨ ᠪᠡᠬᠢᠯᠡᠯᠲᠡ ᠪᠣᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢ ᠰᠢᠯᠢᠳᠡᠭᠵᠢᠬᠦᠯᠬᠦ ᠪᠠ ᠵᠣᠬᠢᠶᠠᠨ ᠪᠠᠶ᠋ᠢᠭᠤᠯᠤᠯᠲᠠ ᠵᠢᠨ ᠠᠵᠢᠯᠯᠠᠭ᠎ᠠ ᠵᠢᠨ ᠬᠡᠯᠪᠡᠷᠢ ᠵᠢ ᠰᠢᠨᠡᠳᠬᠡᠵᠦ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠲᠦᠷᠢᠮ᠎ᠢ ᠲᠥᠪ ᠴᠢᠩᠭ᠎ᠠ ᠪᠤᠯᠭ᠋ᠠᠨ᠎ᠠ; ᠲᠦᠷᠪᠡ᠎ᠳᠤ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠴᠠᠭ ᠪᠢᠳᠡᠨ᠎ᠢ ᠬᠦᠯᠢᠶᠡᠬᠦ ᠦᠭᠡᠢ᠂ ᠥᠷᠯᠥᠭᠡ ᠦᠳᠡᠰᠢ᠎ᠪᠠᠷ ᠲᠡᠮᠡᠴᠡᠬᠦ ᠵᠣᠷᠢᠭ ᠰᠠᠨᠠᠭ᠎ᠠ ᠵᠢ ᠡᠯ᠎ᠡ ᠵᠦᠢ᠍ᠯ᠎ᠤᠨ ᠠᠵᠢᠯ᠎ᠤᠨ ᠳᠤᠮᠳᠠ᠎ᠪᠠᠨ ᠪᠤᠢ ᠪᠤᠯᠭ᠋ᠠᠵᠦ᠂ ᠬᠠᠷᠢᠭᠤᠴᠠᠯᠭ᠎ᠠ ᠵᠢ ᠪᠤᠳᠡᠢ᠌ᠵᠢᠭᠤᠯᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ᠂ ᠬᠠᠮᠲᠤᠷᠠᠭᠰᠠᠨ ᠬᠦᠴᠦᠨ᠎ᠢ ᠪᠦᠷᠢᠯᠳᠦᠬᠦᠯᠦᠨ᠎ᠡ᠃
      ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ ᠰᠠᠨᠠᠯ ᠨᠢᠭᠡᠲᠡᠶ ᠢᠯᠡᠷᠬᠡᠢ᠌ᠯᠡᠭᠰᠡᠨ᠎ᠨᠢ᠄ ᠶᠡᠷᠦᠩᠬᠡᠶ ᠱᠦᠵᠢ ᠰᠢ ᠵᠢᠨ ᠫᠢᠩ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠡᠷᠬᠡ ᠰᠦᠷ᠎ᠢ ᠤᠬᠠᠮᠰᠠᠷ᠎ᠠᠴᠠ᠎ᠪᠠᠨ ᠬᠠᠮᠠᠭ᠋ᠠᠯᠠᠵᠤ᠂ ᠦᠵᠡᠯ ᠰᠠᠨᠠᠭ᠋ᠠᠨ᠎ᠤ ᠲᠠᠯ᠎ᠠ᠎ᠪᠠᠷ᠂ ᠤᠯᠤᠰ ᠲᠦᠷᠦ ᠵᠢᠨ ᠲᠠᠯ᠎ᠠ᠎ᠪᠠᠷ ᠪᠠ ᠠᠵᠢᠯᠯᠠᠭ᠎ᠠ ᠵᠢᠨ ᠲᠠᠯ᠎ᠠ᠎ᠪᠠᠷ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢ᠌ᠵᠦ᠂ ᠤᠬᠠᠮᠰᠠᠷ᠎ᠠᠴᠠ᠎ᠪᠠᠨ ᠬᠡᠪ ᠰᠤᠷᠳᠠᠯ ᠵᠶ᠋ᠡᠨ ᠪᠠᠷᠢᠮᠵᠢᠶᠠᠵᠢᠭᠤᠯᠵᠦ᠂ ᠦᠵᠡᠯ ᠰᠠᠨᠠᠭ᠎ᠠ ᠲᠠᠨᠢᠯᠲᠠ ᠵᠢᠨ ᠲᠠᠯ᠎ᠠ᠎ᠪᠠᠷ ᠬᠦᠷᠦᠯᠴᠡᠬᠦ ᠦᠭᠡᠢ ᠲᠠᠯ᠎ᠠ᠎ᠪᠠᠨ ᠪᠠᠶ᠋ᠢᠴᠠᠭ᠋ᠠᠨ ᠰᠢᠨᠵᠢᠨ᠂ ᠠᠵᠢᠯ᠎ᠤᠨ ᠳᠤᠮᠳᠠᠬᠢ ᠳᠤᠲᠠᠭᠤᠳᠠᠯ ᠵᠶ᠋ᠡᠨ ᠣᠨᠣᠪᠴᠢᠲᠠᠶ ᠡᠷᠢᠵᠦ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠡᠨ 《ᠲᠦᠷᠪᠡᠨ ᠤᠬᠠᠮᠰᠠᠷ》᠎ᠢ ᠪᠠᠲᠤ ᠪᠡᠬᠢ ᠪᠤᠢ ᠪᠤᠯᠭ᠋ᠠᠬᠤ᠂ 《ᠳᠥᠷᠪᠡᠨ ᠢᠲᠡᠭᠡᠯ》᠎ᠢ ᠴᠢᠨᠭ᠌ᠭ᠋ᠠᠷᠠᠭᠤᠯᠬᠤ ᠤᠯᠤᠰ ᠲᠥᠷᠥ ᠵᠢᠨ ᠤᠬᠠᠮᠰᠠᠷ ᠪᠤᠯᠭ᠋ᠠᠨ ᠬᠤᠪᠢᠷᠠᠭᠤᠯᠵᠦ᠂ ᠬᠠᠨᠤᠮᠵᠢᠲᠤ ᠢᠳᠡᠭᠡᠯ ᠵᠤᠷᠢᠭ ᠵᠶ᠋ᠡᠨ ᠪᠠᠳᠤᠳᠬᠠᠬᠤ᠂ ᠨᠠᠮᠴᠢ ᠴᠢᠨᠠᠷ᠎ᠤᠨ ᠳᠠᠪᠲᠠᠯᠲᠠ᠎ᠪᠠᠨ ᠴᠢᠨᠭ᠌ᠭ᠋ᠠᠳᠬᠠᠬᠤ ᠦᠵᠡᠯ ᠰᠠᠨᠠᠭ᠋ᠠᠨ᠎ᠤ ᠤᠬᠠᠮᠰᠠᠷ ᠪᠤᠯᠭ᠋ᠠᠨ ᠬᠤᠪᠢᠷᠠᠭᠤᠯᠵᠦ᠂ ᠦᠢ᠍ᠯᠡᠳᠦᠯᠭᠡ᠎ᠪᠠᠨ ᠵᠢᠯᠣᠭᠣᠳᠣᠭᠤᠯᠬᠤ᠂ ᠠᠵᠢᠯ᠎ᠢ ᠠᠬᠢᠭᠤᠯᠬᠤ ᠠᠵᠢᠯᠯᠠᠭ᠋ᠠᠨ᠎ᠤ ᠤᠬᠠᠮᠰᠠᠷ ᠪᠤᠯᠭ᠋ᠠᠨ ᠬᠤᠪᠢᠷᠠᠭᠤᠯᠵᠦ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠦᠨᠡᠨ ᠪᠣᠳᠠᠲᠠᠶ ᠠᠵᠢᠯᠯᠠᠨ᠂ ᠤᠷᠤᠨ᠎ᠤ ᠲᠦᠪ᠎ᠤᠨ ᠤᠢ ᠰᠢᠭᠤᠶ ᠵᠢᠨ ᠲᠤᠪᠴᠢᠶᠠᠨ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠰᠢᠨ᠎ᠡ ᠪᠠᠶ᠋ᠢᠳᠠᠯ᠎ᠢ ᠪᠤᠢ ᠪᠤᠯᠭ᠋ᠠᠵᠦ᠂ ᠠᠮᠢ ᠠᠬᠤᠶ ᠵᠢᠨ ᠪᠦᠳᠦᠭᠡᠨ ᠪᠠᠶ᠋ᠢᠭᠤᠯᠤᠯᠲᠠ ᠵᠢ ᠲᠠᠬᠢᠨ ᠰᠢᠨ᠎ᠡ ᠳᠡᠭᠲᠡᠷ᠎ᠲᠤ ᠭᠠᠷᠭ᠋ᠠᠬᠤ ᠵᠢ ᠲᠦᠯᠬᠢᠨ ᠠᠬᠢᠭᠤᠯᠤᠨ᠎ᠠ᠃

ᠢᠷᠡᠯᠲᠡ᠄ ᠬᠦᠬᠡᠬᠤᠳᠠ ᠵᠢᠨ ᠤᠢ ᠰᠢᠭᠤᠢ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠨᠠᠮ᠎ᠤᠨ ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠬᠤ᠎ᠳᠠᠭᠠᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠪᠠ
ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠮᠢ ᠠᠬᠤᠶ ᠵᠢᠨ ᠠᠮᠤᠷ ᠲᠦᠪᠰᠢᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢᠩᠬᠢᠨᠢ᠎ᠪᠠᠷ ᠠᠵᠢᠯᠯᠠᠵᠤ ᠡᠬᠢᠯᠡᠭᠰᠡᠨ ᠪᠠᠶ᠋ᠢᠨ᠎ᠠ
ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠨᠠᠨ ᠮᠣ᠌ ᠣᠢ ᠰᠢᠭᠤᠢ ᠵᠢᠨ ᠲᠤᠪᠴᠢᠶᠠᠨ᠎ᠠᠴᠠ ᠦᠷᠨᠢᠭᠦᠯᠦᠭᠰᠡᠨ 2017 ᠣᠨ᠎ᠤ ᠪᠠᠢ᠌ᠭ᠋ᠠᠯᠢᠯᠢᠭ ᠣᠢ ᠵᠢ ᠬᠠᠮᠠᠭ᠋ᠠᠯᠠᠬᠤ ᠬᠣᠶᠠᠳᠤᠭ᠋ᠠᠷ ᠬᠤᠭᠤᠴᠠᠭ᠋ᠠᠨ᠎ᠤ ᠬᠠᠷᠭᠤᠭᠤᠯᠤᠨ ᠪᠠᠶ᠋ᠢᠴᠠᠭ᠋ᠠᠬᠤ ᠠᠵᠢᠯ᠎ᠳᠤ ᠭᠦᠨᠵᠡᠭᠡᠶ᠋ᠢᠷᠡᠪᠡ
ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠰᠢᠮᠳᠠᠭᠣᠯᠬᠣ ᠳᠤᠭᠤᠶ᠋ᠢᠯᠠᠩ ᠥᠪᠥᠷ ᠮᠣᠩᠭᠣᠯ᠎ᠤᠨ ᠲᠡᠮᠡᠭᠡᠴᠢ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠭᠦᠨᠵᠡᠭᠡᠢ᠌ᠷᠡᠵᠦ ᠰᠢᠮᠳᠠᠭᠣᠯᠣᠨ ᠪᠠᠶ᠋ᠢᠴᠠᠭ᠋ᠠᠬᠤ ᠵᠢ ᠦᠷᠨᠢᠬᠦᠯᠪᠠ
ᠪᠠᠶᠠᠨᠨᠠᠭᠤᠷ ᠬᠣᠲᠠ ᠵᠢᠨ ᠤᠢ ᠰᠢᠭᠤᠶ ᠵᠢᠨ ᠠᠮᠢ ᠠᠬᠤᠶ ᠵᠢᠨ ᠪᠥᠳᠥᠭᠡᠨ ᠪᠠᠶ᠋ᠢᠭᠤᠯᠤᠯᠲᠠ ᠵᠢᠨ ᠲᠠᠯᠠᠪᠠᠢ ᠵᠢ 29 ᠲᠦᠮᠡ ᠭᠠᠷᠤᠶ ᠮᠥ᠍ ᠪᠡᠶᠡᠯᠡᠭᠦᠯᠪᠡ
 
             蒙ICP备05000248号