2018 ᠤᠨ᠎ᠤ 4 ᠳ᠋ᠤᠬᠡᠷ ᠰᠠᠷ᠎ᠠ ᠵᠢᠨ 27᠎ᠤ ᠡᠳᠦᠷ᠂ ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠨᠠᠮ᠎ᠤᠨ ᠬᠤᠷᠢᠶ᠎ᠠ ᠲᠤᠰᠬᠠᠶ ᠰᠡᠳᠤᠪᠲᠤ ᠬᠤᠷᠠᠯ ᠬᠤᠷᠠᠯᠳᠤᠭᠤᠯᠵᠦ᠂ ᠶᠡᠷᠦᠩᠬᠡᠶ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠠᠩᠬᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠤᠷᠤᠯᠴᠠᠬᠤ᠎ᠳᠠᠭᠠᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠭᠰᠠᠨ ᠪᠦᠭᠡᠳ ᠲᠤᠪᠴᠢᠶ᠎ᠠ ᠰᠢᠰᠲ᠋ᠧᠮ᠎ᠤᠨ ᠲᠤᠰᠬᠠᠶ ᠰᠡᠳᠦᠪᠲᠦ ᠰᠤᠷᠤᠯᠴᠠᠯᠭ᠎ᠠ ᠶᠠᠷᠢᠯᠴᠠᠯᠭ᠎ᠠ ᠵᠢ ᠤᠯᠠᠮ ᠨᠢᠭᠡ ᠠᠯᠬᠤᠮ ᠵᠣᠬᠢᠶᠠᠨ ᠪᠠᠶ᠋ᠢᠭᠤᠯᠵᠤ ᠰᠠᠶ᠋ᠢᠲᠤᠷ ᠦᠷᠨᠢᠬᠦᠯᠬᠦ ᠵᠢ ᠪᠠᠢ᠌ᠷᠢᠯᠠᠭᠤᠯᠵᠠᠢ᠃
ᠬᠤᠷᠠᠯ ᠳᠡᠭᠡᠷ᠎ᠡ᠂ ᠤᠷᠢᠳᠠᠪᠠᠷ ᠰᠤᠷᠴᠤ᠂ ᠬᠦᠨᠵᠡᠬᠡᠢ ᠰᠤᠷᠤᠯᠴᠠᠬᠤ ᠵᠠᠷᠴᠢᠮ ᠵᠶ᠋ᠡᠷ ᠦᠨᠳᠦᠰᠦ ᠪᠤᠯᠭ᠋ᠠᠨ᠂ ᠪᠦᠬᠦ ᠨᠠᠮ᠎ᠤᠨ ᠬᠤᠷᠢᠶ᠎ᠠ ᠵᠢᠨ ᠪᠦᠷᠢᠯᠳᠦᠬᠦᠨ᠎ᠠᠴᠠ ᠶᠡᠷᠦᠩᠬᠡᠶ ᠱᠦᠵᠢ ᠵᠢᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠡᠷᠡ ᠬᠡᠪ ᠵᠶ᠋ᠠᠷ᠎ᠨᠢ ᠦᠰᠦᠭ ᠳᠠᠷᠠᠭ᠋ᠠᠯᠠᠨ ᠰᠤᠷᠤᠯᠴᠠᠵᠤ᠂ ᠲᠤᠰ ᠲᠤᠪᠴᠢᠶ᠎ᠠ ᠵᠢᠨ ᠨᠠᠮ᠎ᠤᠨ ᠬᠤᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠵᠢᠶᠠᠨᠭ᠌ ᠬᠦᠸᠸ ᠫᠢᠨᠭ ᠨᠦᠬᠦᠷ᠎ᠠᠴᠠ ᠲᠤᠪᠴᠢᠶ᠎ᠠ ᠰᠢᠰᠲ᠋ᠧᠮ᠎ᠤᠨ ᠲᠤᠰᠬᠠᠶ ᠰᠡᠳᠦᠪᠲᠦ ᠰᠤᠷᠤᠯᠴᠠᠯᠭ᠎ᠠ ᠶᠠᠷᠢᠯᠴᠠᠯᠭ᠎ᠠ ᠬᠢᠬᠦ ᠠᠵᠢᠯ᠎ᠢ ᠪᠦᠬᠦ ᠲᠠᠯ᠎ᠠ᠎ᠪᠠᠷ ᠭᠦᠨᠵᠡᠭᠡᠶ ᠦᠷᠨᠢᠬᠦᠯᠬᠦ ᠲᠤᠬᠠᠶ ᠪᠣᠳᠠᠲᠠᠶ ᠱᠠᠭ᠋ᠠᠷᠳᠠᠯᠭ᠎ᠠ ᠳᠤᠷᠠᠳᠴᠠᠶ᠃ ᠨᠢᠭᠡ᠎ᠳᠤ᠂ ᠲᠤᠪᠴᠢᠶ᠎ᠠ ᠵᠢᠨ ᠨᠠᠮ᠎ᠤᠨ ᠬᠤᠷᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ ᠪᠠ ᠲᠡᠭᠦᠨ᠎ᠤ ᠬᠠᠷᠢᠶ᠎ᠠ ᠡᠯ᠎ᠡ ᠦᠨᠳᠦᠰᠦᠨ ᠱᠠᠲᠤᠨ᠎ᠤ ᠨᠠᠮ᠎ᠤᠨ ᠬᠤᠷᠢᠶ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠷ ᠶᠡᠷᠦᠩᠬᠡᠶ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ ᠨᠡᠪᠲᠡᠷᠡᠲᠡᠯ᠎ᠠ ᠣᠶ᠋ᠢᠯᠠᠭ᠋ᠠᠵᠤ᠂ ᠰᠤᠷᠤᠯᠴᠠᠬᠤ᠎ᠪᠠᠷ ᠳᠠᠮᠵᠢᠨ ᠦᠵᠡᠯ ᠰᠠᠨᠠᠭ᠎ᠠ᠎ᠪᠠᠨ ᠰᠡᠨᠭᠬᠡᠷᠡᠭᠦᠯᠦᠨ᠂ ᠲᠡᠮᠡᠴᠡᠯ᠎ᠤᠨ ᠵᠣᠷᠢᠭ᠎ᠢ ᠤᠷᠮᠠᠰᠢᠭᠤᠯᠤᠨ ᠵᠣᠷᠢᠭᠵᠢᠭᠤᠯᠵᠤ᠂ ᠴᠢᠷᠮᠠᠶ᠋ᠢᠬᠤ ᠴᠢᠭᠯᠡᠯ᠎ᠢ ᠣᠨᠣᠪᠴᠢᠲᠠᠶ ᠡᠷᠢᠨ ᠣᠯᠵᠤ᠂ ᠥᠷᠭᠡᠨ ᠤᠯᠠᠨ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠵᠢ ᠰᠠᠶ᠋ᠢᠲᠤᠷ ᠳᠠᠢ᠌ᠴᠢᠯᠠᠨ ᠳᠠᠭ᠋ᠠᠭᠤᠯᠵᠤ᠂ ᠰᠤᠳᠤᠯᠤᠨ ᠶᠠᠷᠢᠯᠴᠠᠬᠤ ᠰᠤᠯᠢᠯᠴᠠᠭ᠋ᠠᠨ᠎ᠤ ᠠᠵᠢᠯᠯᠠᠭ᠎ᠠ ᠦᠷᠨᠢᠬᠦᠯᠬᠦ᠎ᠳᠤ ᠰᠠᠶ᠋ᠢᠲᠤᠷ ᠪᠡᠯᠡᠳᠬᠡᠯ ᠬᠢᠬᠦ ᠬᠡᠷᠡᠭᠲᠡᠶ᠃ ᠬᠣᠶᠠᠷ᠎ᠲᠤ᠂ ᠤᠯᠤᠰ ᠲᠦᠷᠦ ᠵᠢᠨ ᠬᠡᠯᠲᠡᠰ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠪᠴᠢᠶ᠎ᠠ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠤᠰᠬᠠᠶ ᠰᠡᠳᠦᠪᠲᠦ ᠰᠤᠷᠤᠯᠴᠠᠯᠭ᠎ᠠ ᠶᠠᠷᠢᠯᠴᠠᠯᠭ᠎ᠠ ᠵᠢ ᠵᠤᠬᠢᠶᠠᠨ ᠪᠠᠢ᠌ᠭᠤᠯᠵᠦ ᠦᠷᠨᠢᠬᠦᠯᠬᠦ ᠠᠵᠢᠯ᠎ᠢ ᠯᠠᠪᠳᠠᠭᠤᠨ ᠪᠠᠲᠤᠲᠠᠶ ᠳᠠᠭ᠋ᠠᠭ᠋ᠠᠯᠭ᠋ᠠᠵᠤ᠂ ᠭᠠᠷᠮᠠᠭ᠋ᠠᠶ ᠰᠠᠢ᠌ᠨ ᠵᠣᠬᠢᠶᠠᠨ ᠪᠠᠢ᠌ᠭᠤᠯᠬᠤ ᠬᠡᠷᠡᠭᠳᠡᠢ; ᠭᠤᠷᠪᠠ᠎ᠳᠤ᠂ ᠲᠤᠪᠴᠢᠶ᠎ᠠ ᠵᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ᠎ᠠᠴᠠ ᠦᠷᠬᠦᠯᠵᠢᠯᠡᠭᠰᠡᠨ ᠰᠤᠷᠤᠯᠴᠠᠯᠭ᠎ᠠ᠎ᠪᠠᠷ ᠳᠠᠮᠵᠢᠨ ᠶᠡᠷᠦᠩᠬᠡᠶ ᠱᠦᠵᠢ ᠵᠢᠨ ᠴᠢᠬᠤᠯᠠ ᠶᠠᠷᠢᠶᠠᠨ᠎ᠤ ᠠᠯᠤᠰ ᠬᠡᠳᠦ ᠵᠢᠨ ᠭᠣᠣᠯ ᠰᠠᠨᠠᠭ᠎ᠠ ᠪᠠ ᠥᠪᠥᠷ ᠮᠣᠩᠭᠣᠯ᠎ᠳᠠᠬᠢ ᠴᠢᠨᠭ ᠰᠡᠳᠬᠢᠯ᠎ᠤᠨ ᠬᠦᠰᠡᠯ ᠡᠷᠡᠮᠡᠯᠵᠡᠯ᠂ ᠦᠪᠦᠷ ᠮᠤᠩᠭᠤᠯ᠎ᠤᠨ ᠠᠷᠠᠳ ᠲᠦᠮᠡᠨ᠎ᠳᠠᠬᠢ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠵᠢ ᠬᠦᠨᠵᠡᠬᠡᠢ ᠤᠢ᠌ᠯᠠᠭ᠋ᠠᠨ᠂ ᠤᠯᠠᠮ ᠨᠢᠭᠡ ᠠᠯᠬᠤᠮ ᠴᠤᠭ ᠰᠦᠯᠳᠡ᠎ᠪᠠᠨ ᠪᠠᠳᠠᠷᠠᠭᠤᠯᠵᠤ᠂ ᠢᠲᠡᠭᠡᠯ ᠵᠣᠷᠢᠭ ᠵᠶ᠋ᠠᠨ ᠪᠠᠲᠤ ᠪᠤᠯᠭ᠋ᠠᠵᠦ᠂ ᠶᠡᠷᠦᠩᠬᠡᠶ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠪᠠ ᠪᠦᠬᠦ ᠤᠯᠤᠰ᠎ᠤᠨ 《ᠬᠣᠶᠠᠷ ᠬᠤᠷᠠᠯ》᠎ᠤᠨ ᠵᠣᠷᠢᠭ ᠰᠠᠨᠠᠭ᠎ᠠ ᠵᠢ ᠨᠡᠪᠲᠡᠷᠬᠡᠶ ᠰᠤᠷᠤᠯᠴᠠᠬᠤ ᠵᠢ ᠤᠶᠠᠯᠳᠤᠭᠤᠯᠤᠨ᠂ ᠶᠡᠷᠦᠩᠬᠡᠶ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠠᠪᠤᠳᠠᠯ᠎ᠢ ᠡᠩᠨᠡᠭᠡ ᠵᠢ ᠤᠷᠮᠠᠰᠢᠭᠤᠯᠤᠨ ᠵᠤᠷᠢᠭᠵᠢᠭᠤᠯᠵᠦ ᠤᠷᠤᠭᠰᠢᠯᠠᠭᠤᠯᠬᠤ ᠵᠢᠨ ᠳᠠᠭᠤᠰᠤᠰᠢ ᠦᠭᠡᠢ ᠬᠥᠳᠡᠯᠭᠡᠭᠴᠢ ᠬᠦᠴᠦᠨ ᠪᠤᠯᠭ᠋ᠠᠨ᠎ᠠ; ᠲᠦᠷᠪᠡ᠎ᠳᠤ᠂ ᠶᠡᠷᠦᠩᠬᠡᠶ ᠱᠦᠵᠢ ᠵᠢᠨ 《ᠠᠵᠤ ᠠᠬᠤᠶ ᠵᠢᠨ ᠬᠥᠭᠵᠢᠯᠲᠡ ᠵᠢ ᠴᠢᠨᠠᠷ ᠰᠠᠶ᠋ᠢᠲᠠᠶ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠬᠦ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ ᠪᠣᠯᠤᠨ ᠬᠢᠯᠢ ᠬᠢᠵᠠᠭ᠋ᠠᠷ᠎ᠤᠨ ᠲᠣᠭᠲᠠᠭᠤᠨ᠎ᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ》 ᠵᠡᠷᠭᠡ ᠲᠠᠯ᠎ᠠ᠎ᠪᠠᠷ᠎ᠬᠢ ᠥᠪᠥᠷ ᠮᠣᠩᠭᠣᠯ᠎ᠳᠤ ᠳᠤᠷᠠᠳᠤᠭᠰᠠᠨ ᠴᠢᠬᠤᠯᠠ ᠱᠠᠭ᠋ᠠᠷᠳᠠᠯᠭ᠎ᠠ᠂ ᠢᠯᠠᠩᠭᠤᠶ᠎ᠠ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠬᠢᠯᠢ ᠬᠢᠵᠠᠭ᠋ᠠᠷ᠎ᠤᠨ ᠲᠣᠭᠲᠠᠭᠤᠨ᠂ ᠦᠨᠳᠦᠰᠦᠲᠡᠨ᠎ᠤ ᠪᠦᠯᠬᠦᠮᠳᠡᠯ ᠵᠡᠷᠭᠡ ᠲᠠᠯ᠎ᠠ ᠵᠢ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠪᠣᠳᠠᠲᠠᠶ ᠠᠵᠢᠯ᠎ᠲᠠᠢ ᠨᠢᠭᠲᠠ ᠤᠶᠠᠯᠳᠤᠭᠤᠯᠬᠤ ᠱᠠᠭ᠋ᠠᠷᠳᠠᠯᠭ᠎ᠠ ᠵᠢ ᠪᠠᠲᠤ ᠴᠡᠭᠡᠵᠢᠯᠠᠵᠦ᠂ ᠰᠢᠭᠤᠶ᠋ᠢᠲᠤ ᠣᠷᠣᠨ᠎ᠤ ᠠᠵᠤ ᠠᠬᠤᠶ ᠵᠢᠨ ᠬᠥᠭᠵᠢᠯᠲᠡ ᠵᠢᠨ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠢᠳᠡᠪᠬᠢᠲᠡᠶ ᠰᠡᠳᠬᠢᠨ ᠪᠣᠳᠣᠯᠬᠢᠯᠠᠵᠤ᠂ ᠰᠢᠨ᠎ᠡ ᠵᠢ ᠡᠬᠦᠳᠴᠤ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠪᠣᠬᠢᠷᠲᠤᠯ ᠦᠭᠡᠢ ᠤᠷᠤᠨ᠎ᠢ ᠪᠠᠢ᠌ᠭᠤᠯᠬᠤ ᠵᠢᠨ ᠲᠥᠯᠥᠭᠡ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠶ᠃
ᠤᠳᠤᠬᠠᠨ᠎ᠳᠤ᠂ ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠨᠠᠮ᠎ᠤᠨ ᠬᠤᠷᠢᠶ᠎ᠠ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠬᠤ᠎ᠳᠠᠭᠠᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠬᠤ ᠲᠤᠰᠬᠠᠢ ᠰᠡᠳᠤᠪᠲᠤ ᠰᠤᠷᠤᠯᠴᠠᠯᠭ᠎ᠠ ᠶᠠᠷᠢᠯᠴᠠᠯᠭ᠎ᠠ ᠵᠢᠨ ᠠᠵᠢᠯ᠎ᠳᠤ ᠪᠣᠳᠠᠲᠠᠶ ᠲᠣᠬᠢᠷᠠᠭᠤᠯᠤᠯᠲᠠ ᠬᠢᠵᠦ᠂ ᠤᠳᠤ ᠶᠠᠭ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠤᠮᠳᠠ ᠢᠳᠡᠪᠬᠢᠲᠡᠶ ᠦᠷᠨᠢᠬᠦᠯᠵᠦ ᠪᠤᠢ᠃