ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠥᠯᠥᠨ ᠪᠣᠶ᠋ᠢᠷ ᠬᠣᠲᠠ ᠵᠢᠨ ᠬᠠᠭᠤᠴᠢᠨ ᠪᠠᠷᠭᠤ ᠬᠣᠰᠢᠭᠤᠨ᠎ᠤ ᠤᠢ ᠰᠢᠭᠤᠶ ᠵᠢᠨ ᠲᠣᠪᠴᠢᠶ᠎ᠠ ᠲᠠᠷᠢᠮᠠᠯ ᠲᠡᠭᠦᠬᠦ ᠬᠦᠷᠢᠶᠡᠯᠡᠩ᠎ᠤᠨ ᠶᠠᠳᠠᠭᠤ ᠵᠢ ᠲᠡᠳᠬᠦᠬᠦ ᠰᠠᠭᠤᠷᠢᠨ ᠭᠠᠵᠠᠷ᠎ᠤᠨ ᠲᠤᠷᠰᠢᠯᠲᠠ ᠵᠢᠨ ᠴᠢᠭ᠎ᠢ ᠪᠦᠲᠦᠭᠡᠨ ᠪᠠᠢ᠌ᠭᠤᠯᠪᠠ
ᠨᠡᠶ᠋ᠢᠲᠡᠯᠡᠭᠰᠡᠨ ᠴᠠᠭ᠄ 2018-06-25

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ 6 ᠰᠠᠷ᠎ᠠ ᠵᠢᠨ 12᠎ᠤᠨ ᠡᠳᠦᠷ᠎ᠤᠨ ᠮᠡᠳᠡᠭᠡ          
      ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ   ᠨᠠᠶ᠋ᠢᠳᠠᠪᠤᠷᠢᠵᠢᠭᠤᠯᠵᠤ᠂ ᠲᠤᠰ ᠬᠣᠰᠢᠭᠤᠨ᠎ᠤ ᠦᠪᠦᠷ ᠨᠠᠭᠤᠷ ᠭᠠᠴᠠᠭ᠎ᠠ ᠵᠢ ᠶᠠᠳᠠᠭᠣ᠎ᠠᠴᠠ ᠠᠩᠭᠢᠵᠢᠷᠠᠭᠤᠯᠤᠨ   ᠴᠢᠨᠡᠭᠡᠯᠢᠭᠵᠢᠬᠦ ᠠᠬᠢᠴᠠ᠎ᠳᠤ ᠣᠷᠣᠭᠣᠯᠬᠣ ᠵᠢ ᠤᠯᠠᠮ ᠨᠢᠭᠡ ᠠᠯᠬᠤᠮ ᠲᠦᠷᠭᠡᠳᠬᠡᠨ᠂ 《ᠤᠨᠴᠠᠯᠢᠭᠲᠤ ᠠᠵᠤ   ᠦᠢ᠍ᠯᠡᠰ᠎ᠢ ᠬᠥᠭᠵᠢᠭᠦᠯᠬᠦ᠂ ᠭᠠᠴᠠᠭ᠎ᠠ ᠵᠢ ᠳᠠᠢ᠌ᠴᠢᠯᠠᠨ ᠴᠢᠨᠡᠭᠡᠯᠢᠭᠵᠢᠬᠦᠯᠬᠦ》᠎ᠪᠠᠷ ᠬᠠᠷᠠᠯᠲᠠ ᠪᠣᠯᠭ᠋ᠠᠵᠤ᠂ ᠬᠡᠯᠪᠡᠷᠢ᠎ᠪᠠᠨ   ᠬᠤᠪᠢᠷᠠᠭᠤᠯᠤᠨ ᠬᠥᠭᠵᠢᠭᠦᠯᠬᠦ ᠵᠢ ᠲᠦᠷᠭᠡᠳᠬᠡᠵᠦ᠂ ᠴᠢᠨᠡᠭᠡᠯᠢᠭᠵᠢᠬᠦ   ᠠᠯᠬᠤᠴᠠ᠎ᠪᠠᠨ ᠲᠦᠷᠭᠡᠳᠬᠡᠬᠦ ᠵᠢᠨ ᠲᠦᠯᠦᠭᠡ᠂ 6 ᠰᠠᠷ᠎ᠠ ᠵᠢᠨ 6᠎ᠤ ᠡᠳᠦᠷ᠂ ᠬᠠᠭᠤᠴᠢᠨ ᠪᠠᠷᠭᠤ ᠬᠤᠰᠢᠭᠤᠨ᠎ᠤ ᠣᠶ ᠰᠢᠭᠤᠶ ᠵᠢᠨ ᠲᠣᠪᠴᠢᠶ᠎ᠠ ᠵᠢᠨ ᠰᠠᠭᠤᠭ᠎ᠠ ᠦᠪᠦᠷ   ᠨᠠᠭᠤᠷ ᠭᠠᠴᠠᠭ᠎ᠠ᠎ᠳᠤ ᠰᠠᠭᠤᠭ᠎ᠠ ᠠᠵᠢᠯᠯᠠᠬᠤ ᠠᠩᠭᠢ ᠲᠠᠷᠢᠮᠠᠯ ᠲᠡᠭᠦᠬᠦ ᠬᠦᠷᠢᠶᠡᠯᠡᠩ᠎ᠤᠨ ᠶᠠᠳᠠᠭᠤ ᠵᠢ ᠲᠡᠳᠬᠦᠬᠦ ᠰᠠᠭᠤᠷᠢᠨ   ᠭᠠᠵᠠᠷ᠎ᠤᠨ ᠲᠤᠷᠰᠢᠯᠲᠠ ᠵᠢᠨ ᠴᠢᠭ᠎ᠢ ᠪᠦᠲᠦᠭᠡᠨ ᠪᠠᠢ᠌ᠭᠤᠯᠪᠠ᠃        
      ᠬᠠᠭᠤᠴᠢᠨ ᠪᠠᠷᠭᠤ ᠬᠣᠰᠢᠭᠤᠨ᠎ᠤ ᠣᠶ ᠰᠢᠭᠤᠶ ᠵᠢᠨ ᠲᠣᠪᠴᠢᠶ᠎ᠠ ᠵᠢᠨ ᠦᠪᠦᠷ ᠨᠠᠭᠤᠷ ᠭᠠᠴᠠᠭ᠎ᠠ᠎ᠳᠤ ᠰᠠᠭᠤᠭ᠎ᠠ ᠠᠵᠢᠯᠯᠠᠬᠤ ᠠᠩᠭᠢ ᠵᠢᠨ᠎ᠬᠢᠨ ᠲᠠᠷᠢᠮᠠᠯ ᠲᠡᠭᠦᠬᠦ ᠬᠦᠷᠢᠶᠡᠯᠡᠩ᠎ᠤᠨ ᠶᠠᠳᠠᠭᠤ ᠵᠢ ᠲᠡᠳᠬᠦᠬᠦ ᠰᠠᠭᠤᠷᠢᠨ ᠭᠠᠵᠠᠷ᠎ᠤᠨ ᠲᠤᠷᠰᠢᠯᠲᠠ ᠵᠢᠨ ᠴᠢᠭ᠎ᠢ ᠢᠳᠡᠪᠬᠢᠲᠡᠶ ᠥᠷᠨᠢᠭᠦᠯᠵᠦ᠂ 1000 ᠭᠠᠷᠤᠶ ᠪᠣᠳᠠ ᠭᠦᠵᠡᠯᠵᠡᠭᠡᠨ᠎ᠡ ᠵᠢ   ᠠᠩᠬ᠎ᠠ ᠠᠯᠬᠤᠮ ᠲᠠᠷᠢᠬᠰᠠᠨ ᠪᠥᠭᠡᠳ ᠦᠢ᠍ᠯᠡᠳᠬᠦᠨ᠎ᠤ ᠪᠣᠬᠢᠷᠲᠤᠯ ᠦᠭᠡᠶ᠂ ᠶᠠᠰᠤ ᠴᠢᠨᠠᠷ ᠵᠶ᠋ᠠᠷ ᠥᠨᠳᠥᠷ ᠪᠠᠢ᠌ᠬᠤ ᠵᠢ   ᠪᠠᠲᠤᠯᠠᠵᠤ᠂ ᠪᠤᠯᠪᠠᠰᠣᠷᠠᠭᠰᠠᠨ ᠭᠦᠵᠡᠯᠵᠡᠭᠡᠨ᠎ᠡ ᠵᠢ ᠪᠤᠷᠣᠯᠠᠭᠣᠯᠬᠣ᠎ᠳᠤ᠂ ᠵᠤᠭ᠋ᠠᠴᠠᠭᠰᠠᠳ᠎ᠢ ᠬᠦᠷᠢᠶᠡᠯᠡᠩ᠎ᠳᠤ   ᠣᠷᠣᠭᠤᠯᠤᠨ ᠥᠪᠡᠰᠦᠪᠡᠨ ᠪᠣᠯᠪᠠᠰᠤᠷᠠᠩᠭᠤᠶ ᠭᠦᠵᠡᠯᠵᠡᠭᠡᠨ᠎ᠡ ᠮᠡᠲᠦ ᠵᠢᠨ ᠵᠢᠮᠢᠰ᠎ᠢ ᠲᠡᠭᠦᠵᠦ ᠠᠪᠤᠭᠰᠠᠨ᠎ᠤ ᠲᠠᠷᠠᠭ᠎ᠠ   ᠵᠢᠩᠯᠡᠨ ᠬᠤᠳᠠᠯᠳᠤᠬᠤ ᠠᠷᠭ᠎ᠠ ᠮᠠᠶᠢᠭ ᠠᠪᠴᠣ᠂ ᠥᠩᠭᠡᠷᠡᠭᠡᠯᠲᠡ ᠮᠠᠶᠢᠭ᠎ᠤᠨ ᠰᠡᠯᠡᠭᠦᠴᠡᠯ᠎ᠤᠨ ᠲᠠᠷᠢᠶᠠᠯᠠᠩ᠎ᠤᠨ ᠰᠢᠨ᠎ᠡ ᠵᠠᠭᠪᠤᠷ᠎ᠢ ᠡᠭᠦᠳᠪᠡ᠃ ᠲᠤᠷᠰᠢᠯᠲᠠ ᠵᠢᠨ ᠴᠢᠭ ᠪᠣᠯᠪᠠᠰᠤᠷᠠᠩᠭᠤᠶ ᠪᠣᠯᠤᠭᠰᠠᠨ᠎ᠤ ᠳᠠᠷᠠᠭ᠎ᠠ᠂ ᠲᠣᠰᠬᠣᠨ᠎ᠳᠤ   ᠰᠠᠭᠤᠭ᠎ᠠ ᠠᠵᠢᠯᠯᠠᠬᠤ ᠠᠩᠭᠢ ᠲᠥᠰᠦᠯ᠂ ᠮᠡᠷᠭᠡᠵᠢᠯ ᠬᠠᠩᠭ᠋ᠠᠵᠤ᠂ ᠮᠠᠯᠴᠢᠳ᠎ᠤᠨ ᠡᠳᠦᠷ ᠲᠤᠲᠤᠮ᠎ᠤᠨ ᠠᠵᠢᠯ᠎ᠢ   ᠵᠢᠯᠣᠭᠣᠳᠤᠨ᠂ ᠮᠠᠯᠴᠢᠳ᠎ᠤᠨ ᠠᠵᠤ ᠠᠬᠤᠶ ᠵᠢᠨ ᠬᠥᠭᠵᠢᠯᠲᠡ ᠵᠢ ᠳᠠᠢ᠌ᠴᠢᠯᠠᠬᠤ᠎ᠪᠠᠷ ᠵᠣᠷᠢᠯᠲᠠ ᠪᠣᠯᠭ᠋ᠠᠬᠤ ᠵᠢ   ᠡᠭᠦᠳᠦᠨ᠂ ᠦᠢ᠍ᠯᠡᠴᠢᠯᠡᠭᠡᠨ᠎ᠤ ᠶᠠᠰᠤ ᠴᠢᠨᠠᠷ ᠪᠣᠯᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠬᠦᠴᠦᠯᠡᠨ ᠳᠡᠭᠡᠭᠰᠢᠯᠡᠭᠦᠯᠦᠨ᠎ᠡ᠂ ᠬᠠᠷᠢᠯᠴᠠᠨ ᠬᠠᠪᠰᠤᠷᠤᠯᠴᠠᠵᠤ ᠬᠠᠮᠲᠤᠷᠠᠨ ᠠᠵᠢᠯᠯᠠᠵᠤ᠂ ᠬᠤᠪᠢ ᠣᠷᠣᠭᠤᠯᠤᠨ ᠠᠰᠢᠭ   ᠬᠤᠪᠢᠶᠠᠬᠤ ᠲᠦᠷᠢᠮ᠎ᠤᠨ ᠡᠵᠡᠩᠨᠡᠯᠲᠡ ᠵᠢᠨ ᠣᠢ᠌ᠯᠠᠭ᠋ᠠᠭᠳᠠᠬᠣᠨ᠎ᠢ ᠬᠡᠷᠡᠭᠯᠡᠨ᠂ ᠬᠥᠳᠡᠯᠮᠦᠷᠢᠯᠡᠬᠦ ᠴᠢᠳᠠᠪᠤᠷᠢ᠎ᠲᠠᠢ   ᠮᠠᠯᠴᠢᠨ ᠡᠷᠦᠬᠡ ᠵᠢ ᠣᠷᠢᠵᠣ ᠬᠦᠷᠢᠶᠡᠯᠡᠩ᠎ᠳᠠᠬᠢ ᠡᠪᠡᠰᠦ ᠠᠷᠴᠢᠬᠤ᠂ ᠣᠰᠣᠯᠠᠬᠣ᠂ ᠴᠡᠴᠡᠭ᠎ᠤᠨ ᠲᠣᠭᠣᠰᠣ   ᠳᠠᠮᠵᠢᠭᠤᠯᠬᠤ ᠵᠡᠷᠭᠡ ᠡᠳᠦᠷ ᠲᠤᠳᠤᠮ᠎ᠤᠨ ᠠᠵᠢᠯ᠎ᠢ ᠬᠠᠷᠢᠭᠤᠴᠠᠭᠤᠯᠤᠨ᠎ᠠ᠃      
      ᠦᠪᠦᠷ ᠨᠠᠭᠤᠷ ᠭᠠᠴᠠᠭ᠎ᠠ ᠵᠢᠨ ᠲᠠᠷᠢᠮᠠᠯ ᠲᠡᠭᠦᠬᠦ ᠬᠦᠷᠢᠶᠡᠯᠡᠩ᠎ᠤᠨ ᠶᠠᠳᠠᠭᠤ ᠵᠢ ᠲᠡᠳᠬᠦᠬᠦ ᠰᠠᠭᠤᠷᠢᠨ ᠭᠠᠵᠠᠷ᠎ᠤᠨ ᠲᠤᠷᠰᠢᠯᠲᠠ ᠵᠢᠨ ᠴᠢᠭ᠎ᠢ ᠪᠥᠬᠥ ᠬᠦᠴᠦᠨ ᠵᠶ᠋ᠠᠷ ᠵᠶ᠋ᠠᠨ ᠴᠣᠭᠴᠠᠯᠠᠨ᠎ᠠ᠂ ᠲᠠᠷᠢᠶᠠᠯᠠᠩ᠎ᠤᠨ ᠬᠥᠭᠵᠢᠯᠲᠡ ᠵᠢᠨ   ᠠᠷᠭ᠎ᠠ ᠬᠡᠯᠪᠡᠷᠢ ᠵᠢ ᠬᠤᠪᠢᠷᠠᠭᠤᠯᠤᠨ ᠬᠥᠭᠵᠢᠭᠦᠯᠬᠦ ᠵᠢ ᠶᠡᠬᠡᠪᠡᠷ ᠲᠦᠯᠬᠢᠨ ᠠᠬᠢᠭᠤᠯᠵᠤ᠂ ᠠᠵᠤ ᠦᠢ᠍ᠯᠡᠰ᠎ᠤᠨ   ᠬᠥᠭᠵᠢᠯᠲᠡ ᠵᠢ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠲᠠᠢ ᠳᠡᠭᠡᠳᠦ ᠬᠡᠮᠵᠢᠶ᠎ᠡ᠎ᠪᠠᠷ ᠤᠶᠠᠯᠳᠤᠨ ᠨᠡᠶ᠋ᠢᠯᠡᠬᠦ ᠵᠢ ᠦᠷᠭᠦᠯᠵᠢᠯᠡᠨ ᠲᠦᠯᠬᠢᠨ ᠠᠬᠢᠭᠤᠯᠵᠤ᠂ ᠠᠵᠤ ᠦᠢ᠍ᠯᠡᠰ᠎ᠤᠨ ᠶᠠᠳᠠᠭᠤ ᠵᠢ ᠲᠡᠳᠬᠦᠬᠦ ᠵᠢ   ᠭᠦᠨᠵᠡᠭᠡᠶ᠋ᠢᠷᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠶᠠᠰᠤ ᠴᠢᠨᠠᠷ ᠪᠠ ᠦᠷ᠎ᠡ ᠪᠦᠲᠦᠮᠵᠢ᠎ᠳᠤ ᠬᠦᠴᠦᠨ   ᠴᠢᠳᠠᠯ ᠵᠶ᠋ᠠᠨ ᠨᠢᠭᠲᠠᠷᠠᠭᠤᠯᠤᠨ ᠳᠡᠭᠡᠭᠰᠢᠯᠡᠭᠦᠯᠵᠦ᠂ ᠦᠪᠦᠷ ᠨᠠᠭᠤᠷ ᠭᠠᠴᠠᠭ᠎ᠠ ᠵᠢᠨ ᠶᠠᠳᠠᠭᠤ᠎ᠠᠴᠠ ᠠᠩᠭᠢᠵᠢᠷᠠᠭᠤᠯᠬᠤ   ᠪᠣᠭᠣᠮᠲᠠ ᠰᠢᠪᠲᠤᠯᠬᠤ ᠠᠵᠢᠯ᠎ᠤᠨ ᠨᠡᠩ ᠶᠡᠬᠡ ᠦᠷ᠎ᠡ ᠪᠦᠲᠦᠮᠵᠢ ᠣᠯᠬᠤ᠎ᠳᠤ ᠳᠡᠮᠵᠢᠯᠭᠡ ᠦᠵᠡᠭᠦᠯᠦᠨ᠎ᠡ᠃



ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠲᠤᠰᠬᠠᠶ ᠰᠡᠳᠦᠪᠲᠦ ᠣᠨᠣᠯ᠎ᠤᠨ ᠰᠤᠷᠤᠯᠴᠠᠯᠭ᠎ᠠ ᠵᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠠᠮᠢ ᠠᠬᠤᠶ ᠵᠢᠨ ᠨᠣᠭᠣᠭ᠋ᠠᠷᠠᠭᠤᠯᠣᠯᠲᠠ ᠵᠢ ᠰᠡᠷᠭᠦᠭᠡᠨ ᠠᠭᠤᠷᠬᠠᠶ ᠵᠢᠨ 《ᠰᠣᠷᠪᠢ》 ᠵᠢ ᠵᠠᠰᠠᠨ ᠡᠳᠡᠭᠡᠷᠡᠭᠦᠯᠪᠠ — ᠬᠥᠬᠡᠬᠣᠲᠠ ᠲᠡᠮᠦᠷ ᠵᠠᠮ᠎ᠤᠨ ᠲᠣᠪᠴᠢᠶ᠎ᠠ ᠵᠢᠨ 602 ᠴᠢᠯᠠᠭᠤ ᠮᠠᠯᠲᠠᠬᠤ ᠲᠠᠯᠠᠪᠠᠢ ᠴᠡᠭᠴᠡᠯᠡᠨ ᠥᠭᠡᠷᠡᠴᠢᠯᠡᠭᠰᠡᠨ᠎ᠤ ᠲᠠᠷᠠᠭ᠎ᠠ᠂ ᠠᠮᠢ ᠠᠬᠤᠶ ᠵᠢ ᠰᠡᠷᠭᠦᠭᠡᠨ ᠵᠠᠰᠠᠬᠰᠠᠨ ᠠᠵᠢᠯ ᠢᠯᠡᠳᠲᠡ ᠦᠷ᠎ᠡ ᠪᠦᠲᠦᠮᠵᠢ ᠤᠯᠪᠠ
ᠬᠦᠯᠦᠨ ᠪᠤᠢ᠌ᠷ ᠬᠤᠳᠠ ᠵᠢᠨ ᠮᠠᠨᠵᠤᠤᠷ᠎ᠤᠨ ᠤᠢ ᠰᠢᠭᠤᠶ ᠵᠢᠨ ᠲᠣᠪᠴᠢᠶ᠎ᠠ ᠮᠥᠬᠥᠬᠦ ᠰᠢᠬᠠᠭᠰᠠᠨ ᠵᠡᠷᠯᠢᠭ ᠠᠮᠢᠳᠠᠨ᠎ᠤ ᠦᠢ᠍ᠯᠡᠳᠬᠦᠨ᠎ᠤ ᠬᠡᠷᠡᠭ᠎ᠢ ᠪᠠᠶ᠋ᠢᠴᠠᠭ᠋ᠠᠨ ᠢᠯᠡᠷᠡᠭᠦᠯᠪᠡ
ᠰᠢᠯᠢ ᠵᠢᠨ ᠭᠣᠣᠯ ᠠᠶ᠋ᠢᠮᠠᠭ᠎ᠤᠨ ᠰᠢᠯᠤᠭᠤᠨ ᠬᠥᠬᠡ ᠬᠣᠰᠢᠭᠤ᠎ᠠᠴᠠ ᠨᠤᠭᠤ ᠭᠠᠵᠠᠷ᠎ᠢ ᠬᠠᠮᠠᠭ᠋ᠠᠯᠠᠬᠤ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ
ᠬᠦᠬᠡᠬᠣᠲᠠ ᠵᠢᠨ ᠤᠢ ᠰᠢᠭᠤᠶ ᠵᠢᠨ ᠲᠣᠪᠴᠢᠶ᠎ᠠ 2018 ᠣᠨ᠎ᠤ 《ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ》 ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
 
             蒙ICP备05000248号