ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠥᠯᠥᠨ ᠪᠣᠶ᠋ᠢᠷ ᠬᠣᠲᠠ ᠵᠢᠨ ᠬᠤᠩᠭᠤᠯᠵᠢ ᠤᠢ ᠰᠢᠭᠤᠶ ᠵᠢᠨ ᠲᠣᠪᠴᠢᠶᠠᠨ᠎ᠤ ᠨᠠᠮ᠎ᠤᠨ ᠬᠣᠷᠢᠶ᠎ᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ ᠵᠢ ᠴᠢᠩᠭ᠎ᠠ ᠪᠤᠲᠠᠲᠠᠢ ᠰᠠᠶ᠋ᠢᠲᠤᠷ ᠠᠳᠬᠤᠬ᠍ᠪᠠ
ᠨᠡᠶ᠋ᠢᠲᠡᠯᠡᠭᠰᠡᠨ ᠴᠠᠭ᠄ 2018-06-25

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                                      ᠰᠦᠯᠵᠢᠶ᠎ᠡ ᠵᠢᠨ 6 ᠰᠠᠷ᠎ᠠ ᠵᠢᠨ 12᠎ᠤᠨ ᠡᠳᠦᠷ᠎ᠤᠨ ᠮᠡᠳᠡᠭᠡ


     6 ᠰᠠᠷ᠎ᠠ ᠵᠢᠨ 4᠎ᠤ ᠡᠳᠦᠷ᠎ᠠᠴᠠ 6 ᠰᠠᠷ᠎ᠠ ᠵᠢᠨ 6᠎ᠤ ᠡᠳᠦᠷ ᠪᠤᠯᠲᠠᠯ᠎ᠠ᠂ ᠤᠢ ᠰᠢᠭᠤᠶ ᠵᠢᠨ ᠲᠣᠪᠴᠢᠶᠠᠨ᠎ᠤ ᠨᠠᠮ᠎ᠤᠨ ᠬᠣᠷᠢᠶᠠᠨ᠎ᠤ ᠱᠦᠵᠢ ᠮᠢ ᠰᠢ ᠭᠠᠩ᠂ ᠤᠯᠤᠰ ᠲᠦᠷᠦ ᠵᠢᠨ ᠠᠵᠢᠯ᠎ᠤᠨ ᠬᠡᠯᠲᠡᠰ᠎ᠤᠨ ᠡᠷᠬᠢᠯᠡᠭᠴᠢ ᠪᠠᠢ ᠭᠦᠢ ᠿᠦᠩ᠂ ᠡᠪᠯᠡᠯ᠎ᠤᠨ ᠬᠣᠷᠢᠶᠠᠨ᠎ᠤ ᠳᠡᠳ᠋ ᠱᠦᠵᠢ ᠪᠠᠭ᠋ᠠᠨ᠎ᠠ ᠬᠠᠮᠲᠤ᠎ᠪᠠᠷ ᠲᠤᠪᠴᠢᠶᠠᠨ᠎ᠤ ᠬᠠᠷᠢᠶ᠎ᠠ ᠦᠨᠳᠦᠰᠦᠨ ᠱᠠᠲᠤᠨ᠎ᠤ ᠡᠯ᠎ᠡ ᠨᠠᠮ᠎ᠤᠨ ᠡᠭᠦᠷ᠂ ᠪᠠᠶ᠋ᠢᠭᠤᠯᠭ᠎ᠠ ᠵᠢᠨ ᠨᠠᠮ᠎ᠤᠨ ᠶᠡᠷᠦᠩᠬᠡᠶ ᠡᠭᠦᠷ᠎ᠤᠨ ᠳᠡᠭᠡᠳᠦ ᠬᠠᠭ᠋ᠠᠰ ᠵᠢᠯ᠎ᠳᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠥᠷᠨᠢᠭᠦᠯᠦᠯᠲᠡ᠂ 《ᠭᠤᠷᠪᠠᠨ ᠬᠤᠷᠠᠯ ᠨᠢᠭᠡ ᠬᠢᠴᠢᠶᠡᠯ》᠎ᠤᠨ ᠲᠦᠷᠢᠮ᠎ᠢ ᠬᠡᠷᠡᠭᠵᠢᠭᠦᠯᠵᠦ᠂ ᠨᠠᠮ᠎ᠤᠨ ᠭᠡᠰᠢᠭᠦᠨ ᠡᠯᠰᠡᠬᠦ᠎ᠳᠡᠭᠡᠨ ᠨᠠᠮ᠎ᠤᠨ ᠰᠦᠢ᠍ᠳᠬᠡᠯ ᠲᠤᠰᠢᠶᠠᠬᠤ ᠬᠠᠮᠢᠶᠠᠷᠤᠯᠲᠠ᠂ ᠦᠵᠡᠯ ᠤᠬᠠᠮᠰᠠᠷ᠎ᠤᠨ ᠬᠡᠯᠪᠡᠷᠢ ᠵᠢᠨ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠢ ᠰᠢᠮᠳᠠᠭᠤᠯᠤᠨ ᠪᠠᠶ᠋ᠢᠴᠠᠭ᠋ᠠᠵᠤ ᠵᠢᠭ᠋ᠠᠨ ᠵᠢᠯᠣᠭᠣᠳᠴᠠᠢ᠃
      ᠲᠣᠰ ᠤᠳᠠᠭ᠋ᠠᠨ᠎ᠤ ᠰᠢᠮᠳᠠᠭᠤᠯᠤᠨ ᠪᠠᠶ᠋ᠢᠴᠠᠭ᠋ᠠᠵᠣ ᠵᠢᠭ᠋ᠠᠨ ᠵᠢᠯᠣᠭᠣᠳᠣᠯᠭ᠎ᠠ ᠵᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠳᠠᠩᠰᠠ ᠡᠪᠬᠡᠮᠡᠯ᠎ᠤᠨ ᠮᠠᠲ᠋ᠧᠷᠢᠶᠠᠯ᠎ᠢ ᠪᠠᠶ᠋ᠢᠴᠠᠭ᠋ᠠᠨ ᠦᠵᠡᠬᠦ ᠵᠡᠷᠭᠡ ᠬᠡᠯᠪᠡᠷᠢ᠎ᠪᠠᠷ ᠶᠠᠪᠤᠭᠳᠠᠭᠤᠯᠤᠨ᠂ ᠡᠯ᠎ᠡ ᠡᠭᠦᠷ᠎ᠤᠨ ᠨᠠᠮ᠎ᠤᠨ ᠡᠭᠦᠷ᠎ᠤᠨ ᠪᠦᠷᠢᠯᠳᠦᠬᠦᠨ ᠭᠡᠰᠢᠭᠦᠳ᠂ ᠤᠯᠤᠰ ᠲᠥᠷᠦ ᠵᠢᠨ ᠠᠵᠢᠯᠲᠠᠨ ᠵᠢᠴᠢ ᠨᠠᠮ᠎ᠤᠨ ᠭᠡᠰᠢᠭᠦᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠠᠵᠢᠯᠯᠠᠭ᠎ᠠ ᠵᠢᠨ ᠬᠥᠮᠦᠰ᠎ᠲᠠᠢ ᠶᠠᠷᠢᠯᠴᠠᠬᠤ ᠬᠤᠷᠠᠯ ᠬᠢᠵᠦ᠂ ᠨᠠᠮ᠎ᠤᠨ ᠡᠭᠦᠷ᠎ᠤᠨ ᠱᠦᠵᠢ ᠵᠢᠨ 《ᠭᠤᠷᠪᠠᠨ ᠬᠤᠷᠠᠯ ᠨᠢᠭᠡ ᠬᠢᠴᠢᠶᠡᠯ》᠎ᠤᠨ ᠲᠦᠷᠢᠮ᠎ᠢ ᠬᠡᠷᠡᠭᠵᠢᠭᠦᠯᠵᠦ᠂ ᠨᠠᠮ᠎ᠤᠨ ᠭᠡᠰᠢᠭᠦᠨ᠎ᠤ ᠬᠥᠭᠵᠢᠯᠲᠡ ᠵᠡᠷᠭᠡ ᠪᠠᠶ᠋ᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠭᠤᠷᠪᠠᠨ ᠬᠤᠷᠠᠯ ᠨᠢᠭᠡ ᠬᠢᠴᠢᠶᠡᠯ》᠎ᠤᠨ ᠲᠦᠷᠢᠮ᠎ᠢ ᠬᠡᠷᠡᠭᠵᠢᠭᠦᠯᠬᠦ᠂ ᠭᠣᠣᠯ ᠰᠡᠳᠦᠪᠲᠦ ᠨᠠᠮ᠎ᠤᠨ ᠡᠳᠦᠷᠯᠢᠭ ᠠᠵᠢᠯᠯᠠᠭ᠎ᠠ ᠥᠷᠨᠢᠭᠦᠯᠬᠦ᠂ ᠨᠠᠮ᠎ᠤᠨ ᠰᠦᠢ᠍ᠳᠬᠡᠯ ᠲᠤᠰᠢᠶᠠᠬᠤ ᠬᠠᠮᠢᠶᠠᠷᠤᠯᠲᠠ ᠵᠡᠷᠭᠡ ᠵᠢ ᠨᠠᠷᠢᠨ ᠬᠢᠨᠠᠮᠠᠭ᠋ᠠᠶ ᠪᠠᠶ᠋ᠢᠴᠠᠭ᠋ᠠᠨ ᠦᠵᠡᠬᠦ᠂ ᠬᠦᠷᠦᠯᠴᠡᠬᠦ ᠦᠭᠡᠢ ᠲᠠᠯ᠎ᠠ ᠪᠠ ᠠᠰᠠᠭᠤᠳᠠᠯ᠎ᠢ ᠣᠯᠵᠤ ᠮᠡᠳᠡᠪᠡᠯ ᠲᠤᠬᠠᠶ ᠵᠢᠨ ᠲᠠᠯᠠᠪᠤᠷ᠎ᠲᠤ ᠴᠡᠭᠴᠡᠯᠡᠨ ᠥᠭᠡᠷᠡᠴᠢᠯᠡᠬᠦ ᠮᠡᠳᠡᠭᠳᠡᠯ ᠪᠠᠭᠤᠯᠭ᠋ᠠᠵᠤ᠂ ᠬᠤᠭᠤᠴᠠᠭ᠎ᠠ ᠲᠣᠭᠲᠠᠭ᠋ᠠᠨ ᠴᠡᠭᠴᠡᠯᠡᠨ ᠥᠭᠡᠷᠡᠴᠢᠯᠡᠯᠲᠡ ᠵᠢ ᠱᠠᠭ᠋ᠠᠷᠳᠠᠪᠠ᠃
      ᠮᠢ ᠰᠢ ᠭᠠᠩ ᠱᠠᠭ᠋ᠠᠷᠳᠠᠭᠰᠠᠨ᠎ᠨᠢ᠂ ᠦᠨᠳᠦᠰᠦᠨ ᠱᠠᠲᠤᠨ᠎ᠤ ᠡᠯ᠎ᠡ ᠨᠠᠮ᠎ᠤᠨ ᠡᠭᠦᠷ᠂ ᠪᠠᠶ᠋ᠢᠭᠤᠯᠭ᠎ᠠ ᠵᠢᠨ ᠨᠠᠮ᠎ᠤᠨ ᠶᠡᠷᠦᠩᠬᠡᠶ ᠡᠭᠦᠷ᠎ᠤᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠨᠢ ᠨᠠᠮ ᠵᠶ᠋ᠠᠨ ᠬᠠᠮᠢᠶᠠᠷᠬᠤ᠂ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠢᠲᠡᠭᠡᠯ᠎ᠢ ᠪᠠᠲᠤ ᠪᠡᠬᠢ ᠪᠤᠢ ᠪᠣᠯᠭ᠋ᠠᠵᠤ᠂ ᠤᠯᠤᠰ ᠲᠦᠷᠤ ᠵᠢᠨ ᠵᠣᠭᠰᠣᠴᠠ᠎ᠪᠠᠨ ᠳᠡᠭᠡᠭᠰᠢᠯᠡᠭᠦᠯᠦᠨ᠎ᠡ᠃ ᠨᠠᠮ᠎ᠤᠨ ᠡᠭᠦᠷ᠎ᠤᠨ ᠱᠦᠵᠢ᠂ ᠨᠠᠮ᠎ᠤᠨ ᠪᠠᠶ᠋ᠢᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠤ ᠬᠥᠮᠦᠨ᠎ᠤ ᠡᠭᠦᠷᠭᠡ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠵᠦ᠂ ᠨᠠᠮ᠎ᠤᠨ ᠭᠡᠰᠢᠭᠦᠨ ᠺᠠᠳ᠋ᠷ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ ᠪᠠᠶ᠋ᠢᠭ᠋ᠠᠳ 《ᠵᠢᠷᠭᠤᠭ᠋ᠠᠨ ᠵᠦᠢᠯ᠎ᠤᠨ ᠰᠠᠬᠢᠯᠭ᠎ᠠ ᠪᠠᠲᠤ》 ᠵᠢ ᠵᠢᠷᠤᠮᠯᠠᠨ ᠰᠠᠬᠢᠵᠤ᠂ 《ᠲᠦᠷᠪᠡᠨ ᠤᠬᠠᠮᠰᠠᠷ》᠎ᠢ ᠪᠠᠲᠤ ᠪᠡᠬᠢ ᠪᠤᠯᠭ᠋ᠠᠵᠤ᠂ 《ᠳᠥᠷᠪᠡ ᠵᠢ ᠡᠷᠬᠢᠮᠯᠡᠵᠦ ᠳᠥᠷᠪᠡ ᠪᠠᠶ᠋ᠢᠬᠤ》 ᠬᠢᠷᠢ ᠲᠡᠩᠴᠡᠭᠰᠡᠨ ᠨᠠᠮ᠎ᠤᠨ ᠭᠡᠰᠢᠭᠦᠨ ᠪᠣᠯᠬᠤ᠎ᠪᠠᠷ ᠴᠢᠷᠮᠠᠶ᠋ᠢᠨ᠎ᠡ᠃ 《ᠭᠤᠷᠪᠠᠨ ᠬᠤᠷᠠᠯ ᠨᠢᠭᠡ ᠬᠢᠴᠢᠶᠡᠯ》᠎ᠤᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠰᠤᠷᠤᠯᠴᠠᠬᠤ ᠠᠭᠤᠯᠭ᠎ᠠ ᠵᠢ ᠨᠠᠷᠢᠰᠬᠠᠵᠤ᠂ ᠰᠤᠷᠤᠯᠴᠠᠬᠤ ᠠᠷᠭ᠎ᠠ᠎ᠪᠠᠨ ᠰᠢᠨᠡᠴᠢᠯᠡᠵᠦ᠂ ᠡᠯ᠎ᠡ ᠵᠦᠢ᠍ᠯ᠎ᠤᠨ ᠠᠵᠢᠯ᠎ᠢ ᠪᠣᠳᠠᠲᠠᠶ ᠬᠢᠵᠦ ᠨᠠᠷᠢᠯᠢᠭ ᠬᠢᠨ᠎ᠡ᠃ ᠨᠠᠮ᠎ᠤᠨ ᠭᠡᠰᠢᠭᠦᠨ᠎ᠢ ᠡᠯᠰᠡᠬᠦ ᠵᠢᠷᠤᠮ᠎ᠢ ᠵᠢᠷᠣᠮᠵᠢᠭᠤᠯᠵᠤ᠂ ᠲᠤᠰ ᠡᠭᠦᠷ᠎ᠤᠨ ᠨᠠᠮ᠎ᠤᠨ ᠭᠡᠰᠢᠭᠦᠨ᠎ᠢ ᠡᠯᠰᠡᠬᠦ ᠠᠵᠢᠯ ᠎ᠳᠤ ᠨᠠᠷᠢᠨ ᠬᠢᠨᠠᠮᠠᠭ᠋ᠠᠢ ᠦᠪᠡᠷ᠎ᠤᠨ ᠪᠠᠢ᠌ᠴᠠᠭ᠋ᠠᠯᠲᠠ ᠬᠢᠵᠦ᠂ ᠠᠰᠠᠭᠤᠳᠠᠯ᠎ᠢ ᠲᠡᠷᠡ ᠬᠡᠪ ᠵᠶ᠋ᠠᠷ᠎ᠨᠢ ᠬᠠᠷᠢᠭᠤ ᠲᠤᠰᠬᠠᠵᠤ᠂ ᠬᠤᠭᠤᠴᠠᠭ᠎ᠠ ᠲᠣᠭᠲᠠᠭ᠋ᠠᠨ ᠴᠡᠭᠴᠡᠯᠡᠨ ᠥᠭᠡᠷᠡᠴᠢᠯᠡᠭᠦᠯᠦᠨ᠎ᠡ᠃ ᠨᠠᠮ᠎ᠤᠨ ᠰᠦᠢ᠍ᠳᠭᠡᠯ᠎ᠢ ᠴᠢᠩᠭ᠎ᠠ ᠬᠠᠮᠢᠶᠠᠷᠴᠤ᠂ ᠲᠤᠰᠬᠠᠶ ᠬᠥᠮᠦᠨ ᠵᠶ᠋ᠠᠷ ᠲᠤᠰᠬᠢ᠌ᠯᠠᠨ ᠬᠠᠮᠢᠶᠠᠷᠠᠭᠤᠯᠬᠤ ᠵᠢ ᠡᠷᠬᠡᠪᠰᠢ ᠰᠠᠢ᠌ᠳᠣᠷ ᠬᠢᠨ᠎ᠡ᠃ ᠲᠣᠪᠴᠢᠶᠠᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠤᠯᠲᠠ ᠵᠢᠨ ᠥᠷᠨᠢᠭᠦᠯᠦᠭᠰᠡᠨ ᠨᠠᠮ ᠪᠠᠶ᠋ᠢᠭᠤᠯᠤᠭᠳᠠᠭᠰᠠᠨ 97 ᠵᠢᠯ᠎ᠤᠨ ᠤᠢ ᠵᠢ ᠳᠤᠷᠠᠰᠬᠠᠬᠤ 《ᠳᠣᠯᠣᠭ᠋ᠠᠨ ᠨᠢᠭᠡ》 ᠭᠣᠣᠯ ᠰᠡᠳᠦᠪᠲᠦ ᠰᠢᠷᠢᠰ ᠬᠥᠳᠡᠯᠭᠡᠭᠡᠨ᠎ᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠠᠭᠤᠯᠭ᠎ᠠ ᠵᠢ ᠪᠠᠶᠠᠯᠢᠭᠵᠢᠭᠤᠯᠤᠨ᠂ ᠪᠠᠲᠤ ᠴᠢᠩᠭ᠎ᠠ ᠨᠠᠮ᠎ᠤᠨ ᠭᠡᠰᠢᠭᠦᠨ᠎ᠤ ᠬᠦᠰᠡᠯᠡᠩ ᠢᠲᠡᠭᠡᠯ ᠵᠣᠷᠢᠭ᠎ᠢ ᠪᠠᠲᠣᠳᠬᠠᠨ᠎ᠡ᠃ 《ᠠᠷᠪᠠᠨ ᠣᠳᠣᠨ ᠳᠡᠰ》᠎ᠤᠨ ᠨᠠᠮ᠎ᠤᠨ ᠵᠣᠬᠢᠶᠠᠨ ᠪᠠᠶ᠋ᠢᠭᠤᠯᠤᠯᠲᠠ ᠪᠠ 《ᠠᠷᠪᠠᠨ ᠣᠳᠣᠨ ᠳᠡᠰ》᠎ᠤᠨ ᠨᠠᠮ᠎ᠤᠨ ᠭᠡᠰᠢᠭᠦᠨ᠎ᠤ ᠡᠩᠨᠡᠭᠡ ᠵᠢ ᠪᠠᠶ᠋ᠢᠭᠤᠯᠬᠤ ᠶᠠᠪᠤᠳᠠᠯ ᠵᠶ᠋ᠠᠷ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠡᠭᠦᠷᠭᠡ ᠪᠤᠯᠭ᠋ᠠᠨ ᠡᠭᠦᠳᠦᠨ ᠪᠠᠶ᠋ᠢᠭᠤᠯᠦᠨ᠎ᠡ᠂ ᠬᠢᠨᠠᠮᠠᠭ᠋ᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ 《ᠬᠣᠶᠠᠷ᠎ᠢ ᠰᠤᠷᠤᠯᠴᠠᠵᠤ ᠬᠢᠷᠢ ᠲᠡᠩᠴᠡᠭᠰᠡᠨ ᠨᠠᠮ᠎ᠤᠨ ᠭᠡᠰᠢᠭᠦᠨ ᠪᠤᠯᠬᠤ》 ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠪᠠᠶ᠋ᠢᠩᠭᠤᠵᠢᠭᠤᠯᠣᠯᠲᠠ ᠳᠦᠷᠢᠮᠵᠢᠭᠦᠯᠦᠯᠲᠡ ᠵᠢ ᠦᠷᠭᠦᠯᠵᠢᠯᠡᠨ ᠲᠦᠯᠬᠢᠨ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠨᠢᠭᠲᠠᠷᠠᠯ᠎ᠤᠨ ᠬᠦᠴᠦᠨ ᠳᠠᠢ᠌ᠴᠢᠨ ᠬᠦᠴᠦᠨ ᠪᠠ ᠪᠦᠲᠦᠭᠡᠯᠴᠢ ᠬᠦᠴᠦᠨ᠎ᠢ ᠲᠠᠰᠤᠷᠠᠯᠲᠠ ᠦᠭᠡᠢ ᠴᠢᠩᠭ᠋ᠠᠳᠬᠠᠬ᠍ᠵᠤ᠂ ᠡᠬᠡ ᠤᠯᠤᠰ᠎ᠤᠨ ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠲᠠᠯ᠎ᠠ ᠵᠢ ᠪᠦᠲᠥᠭᠡᠨ ᠪᠠᠶ᠋ᠢᠭᠤᠯᠬᠤ᠎ᠳᠤ ᠪᠠᠲᠤ ᠴᠢᠩᠭ᠎ᠠ ᠤᠯᠤᠰ ᠲᠦᠷᠦ ᠵᠢᠨ ᠪᠠᠲᠤᠯᠠᠭ᠎ᠠ ᠬᠠᠩᠭ᠋ᠠᠨ᠎ᠡ᠃
      ᠪᠠᠢ ᠭᠦᠢ ᠿᠦᠩ ᠨᠠᠮ᠎ᠤᠨ ᠡᠭᠦᠷ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ᠂ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ᠎ᠳᠤ ᠬᠢᠨᠠᠯᠲᠠ ᠲᠠᠯᠪᠢᠬᠤ ᠵᠢᠴᠢ ᠳᠠᠷᠠᠭ᠋ᠠᠴᠢ ᠵᠢᠨ ᠠᠯᠬᠤᠮ᠎ᠳᠤ ᠨᠠᠮ᠎ᠤᠨ ᠪᠠᠶ᠋ᠢᠭᠤᠯᠤᠯᠲᠠ ᠵᠢᠨ ᠠᠵᠢᠯ ᠠᠭ᠎ᠤᠨ ᠪᠠᠢ᠌ᠷᠢᠯᠠᠭᠤᠯᠤᠯᠲᠠ ᠬᠢᠵᠦ᠂ ᠪᠠᠭ᠋ᠠᠨ᠎ᠠ ᠦᠨᠳᠦᠰᠦᠨ ᠱᠠᠲᠤᠨ᠎ᠤ ᠡᠯ᠎ᠡ ᠨᠠᠮ᠎ᠤᠨ ᠡᠭᠦᠷ᠂ ᠪᠠᠶ᠋ᠢᠭᠤᠯᠭ᠎ᠠ ᠵᠢᠨ ᠨᠠᠮ᠎ᠤᠨ ᠶᠡᠷᠦᠩᠬᠡᠶ ᠡᠭᠦᠷ᠎ᠲᠠᠢ ᠬᠣᠯᠪᠣᠭᠳᠠᠯ ᠪᠦᠬᠦᠢ ᠠᠵᠢᠯ᠎ᠢ ᠵᠣᠬᠢᠴᠠᠯᠳᠣᠭᠣᠯᠤᠭᠰᠠᠨ ᠪᠠᠢ᠌ᠨ᠎ᠠ᠃


ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ ᠬᠣᠲᠠ ᠵᠢᠨ ᠬᠠᠭᠤᠴᠢᠨ ᠪᠠᠷᠭᠤ ᠬᠣᠰᠢᠭᠤᠨ᠎ᠤ ᠤᠢ ᠰᠢᠭᠤᠶ ᠵᠢᠨ ᠲᠣᠪᠴᠢᠶ᠎ᠠ ᠲᠠᠷᠢᠮᠠᠯ ᠲᠡᠭᠦᠬᠦ ᠬᠦᠷᠢᠶᠡᠯᠡᠩ᠎ᠤᠨ ᠶᠠᠳᠠᠭᠤ ᠵᠢ ᠲᠡᠳᠬᠦᠬᠦ ᠰᠠᠭᠤᠷᠢᠨ ᠭᠠᠵᠠᠷ᠎ᠤᠨ ᠲᠤᠷᠰᠢᠯᠲᠠ ᠵᠢᠨ ᠴᠢᠭ᠎ᠢ ᠪᠦᠲᠦᠭᠡᠨ ᠪᠠᠢ᠌ᠭᠤᠯᠪᠠ
ᠪᠤᠭᠤᠲᠤ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠲᠤᠰᠬᠠᠶ ᠰᠡᠳᠦᠪᠲᠦ ᠣᠨᠣᠯ᠎ᠤᠨ ᠰᠤᠷᠤᠯᠴᠠᠯᠭ᠎ᠠ ᠵᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠠᠮᠢ ᠠᠬᠤᠶ ᠵᠢᠨ ᠨᠣᠭᠣᠭ᠋ᠠᠷᠠᠭᠤᠯᠣᠯᠲᠠ ᠵᠢ ᠰᠡᠷᠭᠦᠭᠡᠨ ᠠᠭᠤᠷᠬᠠᠶ ᠵᠢᠨ 《ᠰᠣᠷᠪᠢ》 ᠵᠢ ᠵᠠᠰᠠᠨ ᠡᠳᠡᠭᠡᠷᠡᠭᠦᠯᠪᠠ — ᠬᠥᠬᠡᠬᠣᠲᠠ ᠲᠡᠮᠦᠷ ᠵᠠᠮ᠎ᠤᠨ ᠲᠣᠪᠴᠢᠶ᠎ᠠ ᠵᠢᠨ 602 ᠴᠢᠯᠠᠭᠤ ᠮᠠᠯᠲᠠᠬᠤ ᠲᠠᠯᠠᠪᠠᠢ ᠴᠡᠭᠴᠡᠯᠡᠨ ᠥᠭᠡᠷᠡᠴᠢᠯᠡᠭᠰᠡᠨ᠎ᠤ ᠲᠠᠷᠠᠭ᠎ᠠ᠂ ᠠᠮᠢ ᠠᠬᠤᠶ ᠵᠢ ᠰᠡᠷᠭᠦᠭᠡᠨ ᠵᠠᠰᠠᠬᠰᠠᠨ ᠠᠵᠢᠯ ᠢᠯᠡᠳᠲᠡ ᠦᠷ᠎ᠡ ᠪᠦᠲᠦᠮᠵᠢ ᠤᠯᠪᠠ
ᠬᠦᠯᠦᠨ ᠪᠤᠢ᠌ᠷ ᠬᠤᠳᠠ ᠵᠢᠨ ᠮᠠᠨᠵᠤᠤᠷ᠎ᠤᠨ ᠤᠢ ᠰᠢᠭᠤᠶ ᠵᠢᠨ ᠲᠣᠪᠴᠢᠶ᠎ᠠ ᠮᠥᠬᠥᠬᠦ ᠰᠢᠬᠠᠭᠰᠠᠨ ᠵᠡᠷᠯᠢᠭ ᠠᠮᠢᠳᠠᠨ᠎ᠤ ᠦᠢ᠍ᠯᠡᠳᠬᠦᠨ᠎ᠤ ᠬᠡᠷᠡᠭ᠎ᠢ ᠪᠠᠶ᠋ᠢᠴᠠᠭ᠋ᠠᠨ ᠢᠯᠡᠷᠡᠭᠦᠯᠪᠡ
ᠰᠢᠯᠢ ᠵᠢᠨ ᠭᠣᠣᠯ ᠠᠶ᠋ᠢᠮᠠᠭ᠎ᠤᠨ ᠰᠢᠯᠤᠭᠤᠨ ᠬᠥᠬᠡ ᠬᠣᠰᠢᠭᠤ᠎ᠠᠴᠠ ᠨᠤᠭᠤ ᠭᠠᠵᠠᠷ᠎ᠢ ᠬᠠᠮᠠᠭ᠋ᠠᠯᠠᠬᠤ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ
 
             蒙ICP备05000248号