ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ
ᠰᠦᠯᠵᠢᠶ᠎ᠡ ᠵᠢᠨ 6 ᠰᠠᠷ᠎ᠠ ᠵᠢᠨ 12᠎ᠤᠨ ᠡᠳᠦᠷ᠎ᠤᠨ ᠮᠡᠳᠡᠭᠡ
ᠪᠤᠭᠤᠲᠤ ᠬᠣᠲᠠ ᠵᠢᠨ ᠤᠢ ᠰᠢᠭᠤᠶ ᠵᠢᠨ ᠲᠣᠪᠴᠢᠶ᠎ᠠ ᠪᠤᠭᠤᠲᠤ ᠬᠤᠳᠠ ᠵᠢᠨ ᠵᠥᠪᠯᠡᠯ᠂ ᠬᠣᠲᠠ ᠵᠢᠨ ᠵᠠᠰᠠᠭ᠎ᠤᠨ ᠣᠷᠳᠣᠨ ᠲᠥᠪ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠪᠠᠢ᠌ᠳᠠᠯ᠎ᠳᠤ ᠶᠡᠬᠡ ᠪᠠᠢ᠌ᠴᠠᠭ᠋ᠠᠯᠲᠠ ᠬᠢᠬᠦ ᠲᠤᠬᠠᠶ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠵᠠᠰᠠᠬᠣ ᠳᠤᠬᠢᠷᠠᠭᠤᠯᠤᠠ ᠪᠠᠶ᠋ᠢᠷᠢᠯᠠᠭᠤᠯᠲᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠮᠡᠷᠭᠡᠨ᠂ ᠪᠠᠶᠠᠨ ᠬᠠᠩᠭ᠋ᠠᠶ ᠵᠡᠷᠭᠡ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠳᠣᠲᠣᠷ᠎ᠠ ᠣᠷᠣᠰᠢᠵᠤ ᠪᠠᠶ᠋ᠢᠭ᠎ᠠ ᠮᠠᠯᠲᠠᠬᠤ ᠠᠭᠤᠷᠬᠠᠶ ᠬᠠᠶ᠋ᠢᠨ ᠰᠢᠨᠵᠢᠯᠡᠬᠦ ᠠᠵᠤ ᠠᠬᠤᠶ᠋ᠢᠯᠠᠯ᠎ᠤᠨ ᠲᠦᠷᠦᠯ ᠵᠦᠢ᠍ᠯ᠎ᠢ ᠴᠡᠭᠴᠡᠯᠡᠨ ᠦᠡᠭᠡᠷᠡᠴᠢᠯᠡᠬᠦ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠥᠨᠥ᠂ ᠲᠥᠪ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠢ᠌ᠳᠠᠯ᠎ᠢ ᠲᠤᠰᠬᠠᠭᠰᠠᠨ ᠠᠰᠠᠭᠤᠳᠠᠯ᠎ᠢ ᠨᠢᠭᠡᠨᠲᠡ ᠴᠠᠭ ᠬᠤᠭᠤᠴᠠᠭ᠎ᠠ ᠪᠠ ᠪᠠᠷᠢᠮᠵᠢᠶ᠎ᠠ ᠱᠠᠭ᠋ᠠᠷᠳᠠᠯᠭ᠎ᠠ ᠶᠣᠰᠣᠭ᠋ᠠᠷ ᠪᠦᠬᠦᠨ᠎ᠢ ᠪᠣᠳᠠᠲᠠᠶ ᠭᠠᠵᠠᠷ᠎ᠲᠤᠨᠢ ᠴᠡᠭᠴᠡᠯᠡᠨ ᠵᠠᠰᠠᠪᠠ᠃ ᠡᠭᠦᠨ᠎ᠤ ᠬᠠᠮᠲᠤ ᠤᠶᠠᠯᠳᠤᠭᠤᠯᠤᠨ ᠥᠷᠨᠢᠭᠦᠯᠦᠭᠰᠡᠨ 《ᠳᠠᠯᠠᠨ ᠬᠠᠷ᠎ᠠ ᠠᠭᠤᠯᠠ ᠵᠢ ᠬᠠᠮᠠᠭ᠋ᠠᠯᠠᠬᠤ · 2017》 ᠪᠠ 《ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠰᠠᠬᠢᠨ ᠬᠠᠮᠠᠭ᠋ᠠᠯᠠᠬᠤ · 2018》 ᠭᠡᠬᠦ ᠲᠤᠰᠬᠠᠶ ᠠᠵᠢᠯᠯᠠᠭ᠎ᠠ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠤᠯᠤᠰ᠎ᠤᠨ ᠥᠮᠴᠢᠯᠡᠯ᠎ᠤᠨ ᠤᠢ ᠰᠢᠭᠤᠶ ᠵᠢᠨ ᠲᠠᠯᠠᠪᠠᠢ᠂ ᠤᠯᠤᠰ᠎ᠤᠨ ᠳᠡᠰ᠎ᠤᠨ ᠤᠢ ᠰᠢᠭᠤᠶ ᠵᠢᠨ ᠴᠡᠴᠡᠷᠯᠢᠭ᠂ ᠠᠮᠢ ᠠᠬᠤᠶ ᠵᠢᠨ ᠴᠡᠴᠡᠷᠯᠢᠭ᠂ ᠴᠢᠭᠢᠭᠯᠢᠭ ᠭᠠᠵᠠᠷ᠎ᠤᠨ ᠴᠡᠴᠡᠷᠯᠢᠭ᠎ᠤᠨ ᠬᠡᠪᠴᠢᠶᠡᠨ᠎ᠳᠤ ᠣᠷᠣᠰᠢᠵᠤ ᠪᠠᠶ᠋ᠢᠭ᠎ᠠ ᠪᠤᠰᠤᠳ ᠠᠮᠢ ᠠᠬᠤᠶ ᠣᠷᠴᠢᠨ ᠲᠣᠭᠣᠷᠢᠨ᠎ᠢ ᠡᠪᠳᠡᠬᠦ ᠠᠰᠠᠭᠤᠳᠠᠯ᠎ᠤᠳ᠎ᠲᠤ ᠪᠦᠬᠦ ᠲᠠᠯ᠎ᠠ ᠵᠢᠨ ᠪᠠᠶ᠋ᠢᠴᠠᠭ᠋ᠠᠨ ᠲᠣᠳᠣᠬᠠᠶ᠋ᠢᠯᠠᠬᠤ ᠪᠠ ᠢᠯᠭ᠋ᠠᠷᠠᠭᠤᠯᠤᠨ ᠴᠡᠭᠴᠡᠯᠡᠡᠯᠲᠡ ᠬᠢᠪᠡ᠃
ᠪᠤᠭᠤᠲᠤ ᠬᠣᠲᠠ ᠵᠢᠨ ᠵᠢᠤ ᠶᠤᠸᠠᠨ ᠲᠣᠭᠣᠷᠢᠭ᠎ᠤᠨ ᠮᠡᠷᠭᠡᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠬᠥᠬᠡᠬᠣᠲᠠ ᠲᠡᠮᠦᠷ ᠵᠠᠮ᠎ᠤᠨ ᠲᠣᠪᠴᠢᠶ᠎ᠠ ᠵᠢᠨ 602 ᠴᠢᠯᠠᠭᠤ ᠮᠠᠯᠲᠠᠬᠤ ᠲᠠᠯᠠᠪᠠᠢ᠎ᠨᠢ 1959 ᠣᠨ᠎ᠳᠤ ᠪᠠᠶ᠋ᠢᠭᠤᠯᠣᠭᠳᠠᠵᠣ᠂ ᠭᠤᠤᠯ᠎ᠨᠢ ᠲᠡᠮᠦᠷ ᠵᠠᠮ᠎ᠳᠤ ᠳᠡᠪᠢᠰᠴᠦ ᠬᠡᠷᠡᠭᠯᠡᠬᠦ ᠬᠡᠮᠬᠡᠦᠳᠡᠭ ᠴᠢᠯᠠᠭᠤ ᠵᠢ ᠦᠢ᠍ᠯᠡᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ ᠪᠠᠢ᠌ᠳᠠᠯ᠎ᠤᠨ ᠶᠡᠬᠡ ᠪᠠᠢ᠍ᠴᠠᠭ᠋ᠠᠯᠲᠠ᠎ᠠᠴᠠ ᠵᠢᠭ᠋ᠠᠵᠤ ᠭᠠᠷᠭ᠋ᠠᠬᠰᠠᠨ ᠠᠰᠠᠭᠤᠳᠠᠯ ᠮᠥᠨ᠃ ᠲᠤᠰ ᠤᠳᠠᠭ᠋ᠠᠨ᠎ᠤ ᠴᠡᠭᠴᠡᠯᠡᠨ ᠵᠠᠰᠠᠯᠲᠠ ᠳᠤᠮᠳᠠ᠂ ᠪᠤᠭᠤᠲᠤ ᠬᠣᠲᠠ ᠵᠢᠨ ᠤᠢ ᠰᠢᠭᠤᠶ ᠵᠢᠨ ᠲᠣᠪᠴᠢᠶ᠎ᠠ ᠵᠢᠤ ᠶᠤᠸᠠᠨ ᠲᠣᠭᠣᠷᠢᠭ᠎ᠤᠨ ᠵᠠᠰᠠᠭ᠎ᠤᠨ ᠣᠷᠳᠣᠨ ᠪᠣᠯᠤᠨ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠠᠢ ᠬᠠᠮᠲᠤᠷᠠᠨ ᠬᠤᠯᠪᠤᠭ᠋ᠠᠯᠠᠵᠤ᠂ ᠬᠦᠴᠦᠲᠡᠶ ᠳᠥᠯᠭᠢᠨ ᠠᠬᠢᠭᠤᠯᠵᠤ᠂ ᠬᠢᠵᠠᠭ᠋ᠠᠷᠯᠠᠭᠰᠠᠨ ᠬᠤᠭᠤᠴᠠᠭ᠋ᠠᠨ᠎ᠳᠤ ᠴᠡᠭᠴᠡᠯᠡᠨ ᠦᠭᠡᠷᠡᠴᠢᠯᠡᠨ᠎ᠡ᠃ ᠲᠤᠰ ᠴᠢᠯᠠᠭᠤ ᠮᠠᠯᠲᠠᠬᠤ ᠲᠠᠯᠠᠪᠠᠢ ᠨᠢᠭᠡᠨᠲᠡ 2017 ᠣᠨ 8 ᠰᠠᠷ᠎ᠠ ᠵᠢᠨ ᠰᠡᠭᠦᠯᠴᠢ᠎ᠳᠤ ᠴᠡᠭᠴᠡᠯᠡᠨ ᠰᠠᠶ᠋ᠢᠵᠢᠷᠠᠭᠤᠯᠬᠤ ᠨᠤᠷᠠᠭ᠋ᠠᠬᠤ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠬᠦ ᠵᠢᠨ ᠬᠠᠮᠲᠤ 2018 ᠤᠨ᠎ᠤ 4 ᠰᠠᠷ᠎ᠠ᠎ᠠᠴᠠ ᠡᠬᠢᠯᠡᠵᠦ᠂ ᠲᠤᠰᠬᠠᠶ ᠮᠡᠷᠭᠡᠵᠢᠯ᠎ᠤᠨ ᠨᠣᠭᠣᠭ᠋ᠠᠷᠠᠭᠤᠯᠤᠯᠲᠠ ᠵᠢᠨ ᠨᠢᠭᠡᠴᠡ ᠵᠢ ᠣᠷᠣᠭᠤᠯᠤᠨ ᠠᠪᠴᠢᠷᠠᠵᠤ᠂ ᠠᠮᠢ ᠠᠬᠤᠶ ᠵᠢᠨ ᠵᠠᠰᠠᠨ ᠰᠡᠷᠭᠦᠭᠡᠯᠲᠡ ᠵᠢ ᠥᠷᠨᠢᠭᠦᠯᠵᠦ᠂ ᠣᠳᠣᠬᠠᠨ᠎ᠳᠤ ᠨᠣᠭᠣᠭ᠋ᠠᠷᠠᠭᠤᠯᠤᠨ ᠰᠡᠯᠪᠢᠨ ᠵᠠᠰᠠᠬᠤ ᠭᠣᠣᠯ ᠴᠣᠭᠴᠠ ᠵᠢᠨ ᠡᠭᠦᠷᠭᠡ ᠵᠢ ᠨᠢᠭᠡᠨᠲᠡ ᠦᠨᠳᠦᠰᠦᠨ᠎ᠳᠡᠭᠡᠨ ᠳᠠᠭᠤᠰᠬᠠᠵᠤ᠂ 370 ᠲᠦᠮᠡᠨ ᠲᠥᠭᠥᠷᠢᠭ᠎ᠤᠨ ᠪᠡᠯᠡ ᠣᠷᠣᠭᠤᠯᠤᠯᠲᠠ ᠬᠢᠵᠦ᠂ ᠰᠡᠯᠪᠢᠨ ᠵᠠᠰᠠᠬᠤ ᠲᠠᠯᠠᠪᠠᠢ 356 ᠮᠣ᠌᠂ ᠶᠡᠬᠡ ᠬᠡᠮᠵᠢᠶᠡᠨ᠎ᠤ ᠵᠢᠭ᠋ᠠᠷᠲᠣ ᠨᠠᠷᠠᠰᠤ᠂ ᠵᠡᠷᠯᠢᠭ ᠲᠤᠭᠤᠷ᠂ ᠬᠠᠢ᠌ᠯᠠᠰᠣᠨ ᠮᠣᠳᠣ ᠪᠠ ᠬᠤᠨᠢᠠ ᠠᠷᠴᠠ ᠲᠠᠷᠢᠵᠤ᠂ ᠦᠩᠭᠡᠷᠡᠭᠰᠡᠨ ᠤ 《ᠰᠣᠷᠪᠢ》᠎ᠨᠢ ᠦᠪᠴᠢ ᠨᠤᠭᠤᠭ᠋ᠠᠨ ᠪᠤᠯᠪᠠ᠃