ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ
ᠰᠦᠯᠵᠢᠶ᠎ᠡ ᠵᠢᠨ 6 ᠰᠠᠷ᠎ᠠ ᠵᠢᠨ 12᠎ᠤᠨ ᠡᠳᠦᠷ᠎ᠤᠨ ᠮᠡᠳᠡᠭᠡ
6 ᠰᠠᠷ᠎ᠠ ᠵᠢᠨ 4᠎ᠤ ᠡᠳᠦᠷ᠂ ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠬᠠᠮᠠᠭ᠋ᠠᠯᠠᠯᠲᠠ ᠵᠢᠨ ᠣᠷᠣᠨ᠎ᠢ ᠨᠡᠭᠡᠭᠡᠨ ᠬᠥᠭᠵᠢᠭᠦᠯᠬᠦ ᠪᠦᠲᠦᠭᠡᠨ ᠪᠠᠶ᠋ᠢᠭᠤᠯᠤᠯᠲᠠ ᠵᠢ ᠴᠡᠪᠡᠷᠯᠡᠵᠦ ᠴᠡᠭᠴᠡᠯᠡᠨ ᠵᠠᠰᠠᠬᠤ ᠠᠵᠢᠯᠯᠠᠭ᠎ᠠ ᠵᠢ ᠰᠢᠮᠳᠠᠭᠣᠯᠬᠣ ᠳᠤᠭᠤᠶ᠋ᠢᠯᠠᠩ᠎ᠤᠨ ᠰᠢᠶᠸ ᠰᠢᠶᠣᠣ ᠸᠸᠨ ᠭᠠᠵᠠᠷ᠎ᠤᠨ ᠳᠠᠷᠤᠭ᠎ᠠ᠂ ᠸᠠᠩ ᠯᠢᠶᠠᠨ ᠵᠢᠶᠦ᠋ᠨ ᠡᠷᠬᠢᠯᠡᠭᠴᠢ ᠵᠡᠷᠭᠡ 3 ᠬᠥᠮᠦᠨ ᠲᠡᠮᠡᠭᠡᠴᠢ ᠬᠠᠮᠠᠭ᠋ᠠᠯᠠᠯᠲᠠ ᠵᠢᠨ ᠣᠷᠣᠨ᠎ᠳᠤ ᠭᠦᠨᠵᠡᠭᠡᠶ᠋ᠢᠷᠡᠨ᠂ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠢᠯᠭ᠋ᠠᠷᠠᠭᠤᠯᠵᠤ ᠴᠡᠭᠴᠡᠯᠡᠬᠦ ᠠᠵᠢᠯᠯᠠᠭ᠎ᠠ ᠥᠷᠨᠢᠭᠦᠯᠵᠦ ᠪᠠᠶ᠋ᠢᠭ᠎ᠠ ᠪᠠᠶ᠋ᠢᠳᠠᠯ᠎ᠢ ᠬᠢᠵᠦ ᠲᠤᠬᠠᠶ ᠵᠢᠨ ᠲᠠᠯᠠᠪᠤᠷ᠎ᠲᠤ ᠬᠢᠨᠠᠨ ᠵᠢᠯᠣᠭᠣᠳᠴᠠᠶ᠃
ᠰᠢᠮᠳᠠᠭᠣᠯᠬᠣ ᠳᠤᠭᠤᠶ᠋ᠢᠯᠠᠩ᠎ᠤᠨ᠎ᠬᠢᠨ ᠲᠡᠮᠡᠭᠡᠴᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠷᠰᠢᠯᠲᠠ ᠵᠢᠨ ᠣᠷᠣᠨ᠎ᠤ ᠳᠣᠲᠣᠷ᠎ᠠ ᠪᠠᠢ᠌ᠷᠢᠯᠠᠵᠣ ᠪᠠᠢ᠌ᠭ᠎ᠠ ᠮᠦᠩᠭᠡ ᠮᠣᠷᠢᠨ᠎ᠤ ᠦᠢ᠍ᠯᠡᠰ᠂ ᠨᠠᠮᠬᠠᠳᠬᠠᠭᠯ ᠲᠣᠭᠣᠷᠢᠭ᠎ᠤᠨ ᠳᠣᠲᠣᠷ᠎ᠠ ᠲᠡᠮᠡᠭᠡᠴᠢ ᠲᠣᠭᠣᠰᠬ᠎ᠠ ᠵᠢᠨ ᠦᠢ᠍ᠯᠡᠳᠪᠦᠷᠢ᠂ ᠠᠯᠳᠡᠨ ᠥᠨᠳᠡᠭᠡ ᠵᠢᠨ ᠠᠮᠢ ᠠᠬᠤᠶ ᠵᠢᠨ ᠭᠡᠷ᠎ᠤᠨ ᠵᠢᠭᠦᠷᠲᠡᠨ ᠲᠡᠵᠢᠭᠡᠨ ᠦᠷᠡᠵᠢᠭᠦᠯᠬᠦ ᠬᠣᠷᠰᠢᠶ᠎ᠠ ᠵᠢᠴᠢ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠶᠠᠮᠤᠨ᠎ᠠᠴᠠ ᠳᠠᠭ᠋ᠠᠭᠤᠯᠢ ᠤᠳᠦᠠᠤ ᠠᠯᠤᠰ ᠰᠡᠷᠡᠯ ᠬᠢᠨᠠᠨ ᠰᠢᠯᠭ᠋ᠠᠬᠤ ᠳᠤᠮᠳᠠ ᠣᠯᠵᠤ ᠮᠡᠳᠡᠭᠰᠡᠨ ᠬᠠᠶ᠋ᠢᠷᠠᠭᠤᠴᠠᠶ ᠭᠤᠤᠯ᠎ᠤᠨ ᠡᠮᠦᠨ᠎ᠡ ᠵᠢᠨ ᠡᠷᠭᠢ ᠵᠢᠨ ᠲᠡᠦᠬᠡᠨ᠎ᠠᠴᠠ ᠪᠤᠢ ᠪᠣᠯᠤᠭᠰᠠᠨ ᠲᠦᠭᠦᠬᠡᠶ ᠡᠳ᠋ ᠠᠪᠬᠤ ᠲᠠᠯᠠᠪᠠᠶ᠂ ᠲᠡᠮᠡᠭᠡᠴᠢ ᠪᠡᠯᠴᠢᠭᠡᠷ ᠵᠢᠷᠭᠤᠭ᠋ᠠᠨ ᠠᠩᠭᠢ ᠬᠢᠯᠢ ᠵᠢᠨ ᠳᠣᠲᠣᠷᠠᠬᠢ ᠬᠠᠶᠠᠭᠳᠠᠮᠠᠯ ᠵᠢᠭ᠋ᠠᠰᠤ ᠲᠡᠵᠢᠭᠡᠬᠦ ᠨᠠᠭᠤᠷ ᠵᠡᠷᠭᠡ 5 ᠭᠠᠵᠠᠷ᠎ᠲᠤ ᠤᠷᠢᠳ ᠬᠣᠵᠢᠳ ᠬᠦᠷᠴᠦ ᠭᠦᠨᠵᠡᠭᠡᠢ᠌ᠷᠡᠨ ᠲᠤᠬᠠᠢ ᠵᠢᠨ ᠭᠠᠵᠠᠷ᠎ᠲᠤᠨᠢ ᠪᠣᠳᠠᠲᠠᠶ ᠬᠢᠨᠠᠨ ᠪᠠᠶ᠋ᠢᠴᠠᠭ᠋ᠠᠯᠲᠠ ᠬᠢᠵᠡᠢ᠂ ᠲᠤᠬᠠᠶ ᠵᠢᠨ ᠭᠠᠵᠠᠷ᠎ᠲᠤᠨᠢ ᠰᠢᠮᠳᠠᠭᠤᠯᠤᠨ ᠪᠠᠶ᠋ᠢᠴᠠᠭ᠋ᠠᠬᠰᠠᠨᠤ ᠳᠠᠷᠠᠭ᠎ᠠ᠂ ᠰᠢᠮᠳᠠᠭᠣᠯᠬᠣ ᠳᠤᠭᠤᠶ᠋ᠢᠯᠠᠩ ᠪᠣᠯᠤᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠬᠤ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠶᠠᠷᠢᠯᠴᠠᠬᠤ ᠬᠤᠷᠠᠯ ᠬᠢᠪᠡ᠃
ᠶᠠᠷᠢᠯᠴᠠᠬᠤ ᠬᠤᠷᠠᠯ ᠳᠡᠭᠡᠷ᠎ᠡ᠂ ᠲᠡᠮᠡᠭᠡᠴᠢ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠬᠤ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠳᠠᠷᠤᠭ᠎ᠠ ᠢᠦᠶ ᠴᠠᠩ ᠵᠢᠶᠠᠩ ᠨᠥᠬᠥᠷ ᠲᠡᠮᠡᠭᠡᠴᠢ ᠬᠠᠮᠠᠭ᠋ᠠᠯᠠᠯᠲᠠ ᠵᠢᠨ ᠣᠷᠣᠨ᠎ᠤ ᠡᠮᠦᠨ᠎ᠡ ᠨᠢᠭᠡ ᠱᠠᠲᠤᠨ᠎ᠤ ᠢᠯᠭ᠋ᠠᠷᠠᠭᠤᠯᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ ᠪᠠᠶ᠋ᠢᠭ᠎ᠠ ᠪᠠᠶ᠋ᠢᠳᠠᠯ ᠵᠢᠴᠢ ᠣᠷᠣᠰᠢᠵᠤ ᠪᠠᠶ᠋ᠢᠭ᠎ᠠ ᠬᠦᠴᠢᠷ ᠪᠡᠷᠬᠡᠰᠢᠶᠡᠯ ᠪᠣᠯᠤᠨ ᠠᠰᠠᠭᠤᠳᠠᠯ᠎ᠢ ᠰᠢᠮᠳᠠᠭᠣᠯᠬᠣ ᠳᠤᠭᠤᠶ᠋ᠢᠯᠠᠩ᠎ᠤᠨ᠎ᠬᠢᠨ᠎ᠲᠠᠢ ᠨᠠᠷᠢᠨ ᠬᠠᠷᠢᠭᠤ ᠮᠡᠳᠡᠭᠦᠯᠦᠯᠲᠡ ᠬᠢᠵᠦ᠂ ᠰᠢᠮᠳᠠᠭᠣᠯᠬᠣ ᠳᠤᠭᠤᠶ᠋ᠢᠯᠠᠩ᠎ᠤᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠥᠷᠨᠢᠭᠦᠯᠦᠭᠰᠡᠨ ᠬᠠᠮᠠᠭ᠋ᠠᠯᠠᠯᠲᠠ ᠵᠢᠨ ᠣᠷᠣᠨ᠎ᠢ ᠨᠡᠭᠡᠭᠡᠨ ᠬᠥᠭᠵᠢᠭᠦᠯᠵᠦ ᠪᠦᠳᠦᠭᠡᠨ ᠪᠠᠶ᠋ᠢᠭᠤᠯᠬᠤ ᠠᠵᠢᠯᠯᠠᠭ᠎ᠠ ᠵᠢ ᠢᠯᠭ᠋ᠠᠷᠠᠭᠤᠯᠵᠤ ᠴᠡᠭᠴᠡᠯᠡᠬᠦ ᠠᠵᠢᠯᠯᠠᠭ᠎ᠠ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠮᠵᠢ ᠣᠯᠤᠭᠰᠠᠨ᠎ᠳᠤ ᠨᠤᠲᠠᠯᠠᠨ ᠢᠯᠡᠷᠬᠡᠢ᠍ᠯᠡᠯᠲᠡ ᠬᠢᠭᠰᠡᠨ ᠪᠦᠭᠡᠳ ᠡᠮᠦᠨᠡᠬᠢ ᠨᠢᠭᠡ ᠬᠤᠭᠤᠴᠠᠭ᠋ᠠᠨ᠎ᠤ ᠠᠵᠢᠯ᠎ᠤᠨ ᠰᠠᠭᠤᠷᠢᠨ ᠳᠡᠭᠡᠷ᠎ᠡ᠂ ᠤᠯᠤᠰ᠎ᠤᠨ ᠤᠢ ᠰᠢᠭᠤᠶ ᠡᠪᠡᠰᠦ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠨ ᠳᠤᠷᠠᠳᠤᠭᠰᠠᠨ 《2018 ᠨᠣᠭᠣᠭ᠋ᠠᠨ ᠪᠠᠮᠪᠠᠶ ᠠᠵᠢᠯᠯᠠᠭ᠎ᠠ》 ᠶᠤᠰᠣᠭ᠋ᠠᠷ ᠱᠠᠭ᠋ᠠᠷᠳᠠᠭᠰᠠᠨ᠎ᠨᠢ᠂ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠠᠵᠢᠯᠯᠠᠭ᠎ᠠ ᠡᠮᠬᠢ ᠵᠢᠷᠤᠮ᠎ᠲᠠᠢ ᠤᠬᠤᠷᠢᠨ ᠭᠠᠷᠴᠤ᠂ ᠠᠷᠢᠯᠭ᠋ᠠᠬᠤ᠂ ᠰᠡᠷᠭᠦᠭᠡᠬᠦ ᠠᠵᠢᠯ᠎ᠢ ᠦᠷᠬᠦᠯᠵᠢᠯᠡᠨ ᠶᠡᠬᠡ ᠡᠷᠴᠢᠮ ᠵᠶ᠋ᠠᠨ ᠴᠢᠩᠭ᠋ᠠᠷᠠᠭᠤᠯᠵᠤ ᠪᠡᠶᠡᠯᠡᠭᠦᠯᠬᠦ ᠪᠥᠭᠡᠳ ᠦᠷᠭᠦᠯᠵᠢᠯᠡᠨ ᠵᠢᠭᠰᠠᠭ᠋ᠠᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠮᠠᠭ᠋ᠠᠯᠠᠯᠲᠠ ᠵᠢᠨ ᠣᠷᠣᠨ᠎ᠤ ᠡᠯ᠎ᠡ ᠴᠢᠳᠠᠮᠵᠢ ᠵᠢᠨ ᠣᠷᠣᠨ᠎ᠤ ᠳᠣᠲᠣᠷᠠᠬᠢ ᠬᠠᠤᠯᠢ ᠲᠣᠭᠲᠠᠭ᠋ᠠᠯ᠎ᠢ ᠵᠥᠷᠢᠴᠡᠨ ᠨᠡᠭᠡᠭᠡᠨ ᠠᠰᠢᠭᠯᠠᠵᠤ ᠪᠦᠲᠦᠭᠡᠨ ᠪᠠᠶ᠋ᠢᠭᠤᠯᠬᠤ ᠦᠢ᠍ᠯᠡ ᠠᠵᠢᠯᠯᠠᠭ᠎ᠠ ᠵᠢ ᠭᠦᠨ ᠠᠭᠤᠳᠠᠯᠵᠤ᠂ ᠣᠯᠵᠤ ᠮᠡᠳᠡᠮᠡᠭᠴᠡ᠂ ᠲᠡᠷᠡ ᠳᠣᠣᠷ᠎ᠠ᠎ᠨᠢ ᠴᠠᠭ᠋ᠠᠵᠠᠯᠠᠵᠤ᠂ ᠠᠷᠢᠯᠭ᠋ᠠᠬᠤ᠂ ᠤᠷᠭᠤᠮᠠᠯ᠎ᠤᠨ ᠬᠤᠴᠢᠯᠭ᠎ᠠ ᠵᠢ ᠰᠡᠷᠭᠦᠭᠡᠨ᠎ᠡ᠃ ᠣᠬᠣᠷᠬᠠᠨ ᠬᠤᠭᠤᠴᠠᠭ᠋ᠠᠨ᠎ᠤ ᠳᠣᠲᠣᠷ᠎ᠠ ᠪᠡᠶᠡᠯᠡᠭᠦᠯᠵᠦ ᠴᠢᠳᠠᠬᠤ ᠦᠭᠡᠢ ᠵᠢ᠎ᠨᠢ᠂ ᠲᠥᠯᠥᠪᠯᠡᠭᠡ᠎ᠲᠠᠢ᠂ ᠠᠯᠬᠤᠮ ᠬᠤᠪᠢᠶᠠᠨ ᠬᠡᠷᠡᠭᠵᠢᠭᠦᠯᠵᠦ᠂ ᠢᠯᠭ᠋ᠠᠷᠠᠭᠤᠯᠤᠨ ᠴᠡᠭᠴᠡᠯᠡᠬᠦ ᠠᠵᠢᠯ᠎ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠵᠢ ᠦᠨᠡᠨᠬᠦ ᠪᠠᠲᠤᠯᠠᠨ᠎ᠠ᠃