ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠤᠭᠤᠲᠤ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠲᠤᠰᠬᠠᠶ ᠰᠡᠳᠦᠪᠲᠦ ᠣᠨᠣᠯ᠎ᠤᠨ ᠰᠤᠷᠤᠯᠴᠠᠯᠭ᠎ᠠ ᠵᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2018-06-25

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                            ᠰᠦᠯᠵᠢᠶ᠎ᠡ ᠵᠢᠨ 6 ᠰᠠᠷ᠎ᠠ ᠵᠢᠨ 12᠎ᠤᠨ ᠡᠳᠦᠷ᠎ᠤᠨ ᠮᠡᠳᠡᠭᠡ


      ᠶᠡᠷᠦᠩᠬᠡᠶ ᠱᠦᠵᠢ ᠰᠢ ᠵᠢᠨ ᠫᠢᠩ᠎ᠤᠨ 《ᠪᠦᠬᠦ ᠨᠠᠮ᠎ᠳᠤ ᠨᠢᠭᠡᠨ ᠶᠡᠬᠡ ᠰᠣᠷᠣᠯᠴᠠᠯᠭ᠎ᠠ ᠶᠠᠪᠤᠭᠤᠯᠤᠶ᠎ᠠ》 ᠭᠡᠬᠦ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ᠌ᠷᠡᠭᠦᠯᠦᠨ ᠨᠠᠢ᠌ᠳᠠᠪᠤᠷᠢᠵᠢᠭᠤᠯᠵᠤ᠂ ᠪᠤᠭᠤᠲᠤ ᠬᠣᠲᠠ ᠵᠢᠨ ᠤᠢ ᠰᠢᠭᠤᠶ ᠵᠢᠨ ᠰᠢᠰᠲᠸᠮ᠎ᠤᠨ 《ᠰᠤᠷᠲᠠᠯ᠎ᠤᠨ ᠪᠠᠶ᠋ᠢᠭᠤᠯᠤᠯᠲᠠ ᠵᠢᠨ ᠣᠨ》᠎ᠤ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠬᠦ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠢ ᠠᠵᠢᠯᠯᠠᠭ᠎ᠠ ᠵᠢᠨ ᠳᠤᠮᠳᠠ ᠢᠮᠠᠭᠲᠠ ᠲᠤᠤᠱᠯᠠᠭᠤᠯᠵᠤ ᠪᠠᠶ᠋ᠢᠨ᠎ᠠ᠃ 《〈ᠶᠡᠬᠡᠪᠡᠷ ᠰᠤᠷᠤᠯᠴᠠᠨ᠂ ᠶᠡᠬᠡ ᠪᠠᠶ᠋ᠢᠴᠠᠭ᠋ᠠᠨ ᠰᠤᠳᠤᠯᠤᠯᠲᠠ ᠬᠢᠵᠦ᠂ ᠶᠡᠬᠡᠪᠡᠷ ᠨᠠᠶ᠋ᠢᠳᠠᠪᠤᠷᠢᠵᠢᠭᠤᠯᠬᠤ  〉 ᠵᠢ ᠬᠡᠷᠡᠭᠵᠢᠭᠦᠯᠬᠦ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ 2018 ᠤᠨ᠎ᠤ 6 ᠰᠠᠷ᠎ᠠ ᠵᠢᠨ 7᠎ᠤ ᠡᠳᠦᠷ᠂ ᠪᠤᠭᠤᠲᠤ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠰᠤᠷᠤᠯᠴᠠᠯᠭ᠎ᠠ (ᠥᠷᠭᠡᠳᠬᠡᠭᠰᠡᠨ) ᠬᠤᠷᠠᠯ ᠬᠤᠷᠠᠯᠳᠤᠭᠤᠯᠪᠠ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠳ᠋ᠠᠨ ᠹᠦ᠋ ᠨᠥᠬᠥᠷ ᠬᠤᠷᠠᠯ ᠡᠷᠭᠢᠯᠡᠵᠦ᠂ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠰᠠᠯᠠᠭ᠎ᠠ   ᠪᠠᠶ᠋ᠢᠭᠤᠯᠭ᠎ᠠ ᠨᠢᠭᠡᠴᠡ ᠵᠢᠨ ᠭᠣᠤᠯ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠪᠠ᠃
    ᠬᠤᠷᠠᠯ ᠳᠡᠭᠡᠷ᠎ᠡ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠳᠤᠷᠢᠳᠬᠤ ᠪᠠᠭ᠎ᠤᠨ ᠭᠡᠰᠢᠭᠦᠨ᠎ᠢ ᠳᠠᠭ᠋ᠠᠭᠤᠯᠤᠨ ᠰᠣᠷᠣᠯᠴᠠᠬᠣ ᠠᠷᠭ᠎ᠠ ᠠᠪᠴᠠᠯ ᠠᠪᠴᠤ᠂ ᠶᠡᠷᠦᠩᠬᠡᠶ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠠᠩᠬᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠶᠠᠷᠢᠯᠴᠠᠬᠤ᠎ᠳᠤ ᠣᠷᠣᠯᠴᠠᠭᠰᠠᠨ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ ᠪᠦᠬᠦ ᠤᠯᠤᠰ᠎ᠤᠨ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠬᠤᠳᠠ ᠵᠢᠨ ᠨᠠᠮ᠎ᠤᠨ ᠬᠣᠷᠢᠶᠠᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠡᠷᠭᠡ ᠠᠭᠤᠯᠭ᠎ᠠ ᠵᠢ ᠭᠣᠣᠯᠳᠠᠯᠭ᠎ᠠ᠎ᠲᠠᠢ ᠳᠠᠭ᠋ᠠᠭᠤᠯᠤᠨ ᠰᠣᠷᠣᠯᠴᠠᠬᠣ ᠲᠠᠶ᠋ᠢᠯᠤᠮᠵᠢ ᠬᠢᠪᠡ᠃
      ᠲᠣᠪᠴᠢᠶ᠎ᠠ ᠵᠢᠨ ᠤᠳᠤᠷᠢᠳᠬᠤ ᠪᠠᠭ᠎ᠤᠨ ᠭᠡᠰᠢᠭᠦᠨ ᠭᠣᠣᠯᠳᠠᠯᠭ᠎ᠠ᠎ᠲᠠᠢ ᠰᠤᠷᠤᠯᠴᠠᠬᠤ ᠠᠭᠤᠯᠭ᠎ᠠ ᠵᠢᠨ ᠲᠤᠭᠤᠷᠢᠨ᠎ᠳᠤ ᠲᠤᠰ ᠲᠤᠰ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠪᠤᠭᠤᠲᠤ ᠬᠣᠲᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠳ᠋ᠠᠨ ᠹᠦ᠋ ᠨᠥᠬᠥᠷ ᠳ᠋ᠦᠩᠨᠡᠡ ᠦᠨᠡᠯᠡᠪᠡ᠃
    ᠯᠢ ᠳ᠋ᠠᠨ ᠹᠦ᠋ ᠨᠥᠬᠥᠷ ᠵᠢᠭ᠋ᠠᠵᠤ ᠭᠠᠷᠭ᠋ᠠᠭᠰᠠᠨ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠬᠤᠳᠠ ᠵᠢᠨ ᠨᠠᠮ᠎ᠤᠨ ᠬᠣᠷᠢᠶᠠᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ ᠲᠦᠷᠤ ᠵᠢᠨ ᠵᠣᠭᠰᠣᠴᠠ᠎ᠪᠠᠨ ᠳᠡᠭᠡᠭᠰᠢᠯᠡᠭᠦᠯᠵᠤ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠨ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠳᠡᠭᠡᠷ᠎ᠡ ᠬᠦᠴᠦ᠎ᠪᠠᠨ ᠲᠠᠯᠪᠢᠬᠤ ᠬᠡᠷᠡᠭᠲᠡᠶ᠃ ᠨᠢᠭᠡ᠎ᠳᠤ᠂ ᠤᠯᠤᠰ ᠲᠦᠷᠤ ᠵᠢᠨ ᠵᠣᠭᠰᠣᠴᠠ᠎ᠪᠠᠨ ᠳᠡᠭᠡᠭᠰᠢᠯᠡᠭᠦᠯᠵᠦ  ᠂ ᠦᠨᠡᠨ ᠬᠦ᠌ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮᠲᠤ ᠦᠵᠡᠯ ᠰᠠᠨᠠᠭ᠎ᠠ ᠪᠠ ᠰᠢ ᠵᠢᠨ ᠫᠢᠩ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ ᠵᠢ ᠨᠢᠭᠡᠳᠬᠡᠬᠦ ᠬᠡᠷᠡᠭᠲᠡᠶ᠃ ᠬᠣᠶᠠᠷ᠎ᠲᠤ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠨ᠂ ᠪᠤᠭᠤᠲᠤ ᠬᠣᠲᠠ ᠵᠢᠨ ᠤᠢ ᠰᠢᠭᠤᠶ ᠵᠢᠨ ᠠᠮᠢ ᠠᠬᠤᠶ ᠵᠢᠨ ᠪᠥᠳᠥᠭᠡᠨ ᠪᠠᠢ᠌ᠭᠤᠯᠤᠯᠲᠠ ᠵᠢᠨ ᠬᠥᠭᠵᠢᠯᠲᠡ ᠵᠢ ᠠᠬᠢᠭᠤᠯᠬᠤ ᠵᠢ ᠦᠨᠡᠨᠬᠦ ᠡᠭᠦᠷᠭᠡᠯᠡᠵᠦ᠂ ᠴᠢᠨᠠᠷ ᠰᠠᠶ᠋ᠢᠲᠠᠶ ᠬᠥᠭᠵᠢᠭᠦᠯᠬᠦ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠪᠡᠶᠡᠯᠡᠭᠦᠯᠬᠦ ᠬᠡᠷᠡᠭᠲᠡᠶ᠃ ᠭᠤᠷᠪᠠ᠎ᠳᠤ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠥᠨᠳᠥᠷ ᠪᠠᠷᠢᠮᠵᠢᠶ᠎ᠠ᠎ᠪᠠᠷ ᠳᠠᠪᠲᠠᠨ ᠦᠢ᠍ᠯᠡᠳᠬᠦ᠂ ᠲᠤᠬᠠᠶ᠋ᠢᠯᠠᠭᠰᠠᠨ ᠠᠵᠢᠯ᠎ᠢ ᠪᠡᠶᠡᠯᠡᠬᠦᠯᠵᠤ 《ᠥᠷᠭᠡᠨ ᠳᠠᠯᠤ ᠮᠥᠷᠥ》 ᠵᠢ ᠪᠤᠯᠪᠠᠰᠣᠷᠠᠭᠣᠯᠬᠣ ᠬᠡᠷᠡᠭᠲᠡᠢ ᠭᠡᠵᠡᠢ᠃
      ᠯᠢ ᠳ᠋ᠠᠨ ᠹᠦ᠋ ᠨᠥᠬᠥᠷ ᠴᠢᠬᠤᠯᠠᠴᠢᠯᠠᠭᠰᠠᠨ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠳᠠᠷᠤᠶ ᠴᠠᠭ ᠲᠣᠬᠢᠶᠠᠯ᠎ᠢ ᠠᠮᠵᠢᠨ ᠠᠳᠬᠤᠵᠤ᠂ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠬᠤᠪᠢᠷᠠᠭᠤᠯᠵᠤ᠂ ᠤᠢ ᠰᠢᠭᠤᠶ ᠵᠢᠨ ᠠᠮᠢ ᠠᠬᠤᠶ ᠵᠢᠨ ᠪᠥᠳᠥᠭᠡᠨ ᠪᠠᠢ᠌ᠭᠤᠯᠤᠯᠲᠠ ᠵᠢ ᠴᠢᠨᠠᠷ ᠰᠠᠶ᠋ᠢᠲᠠᠶ ᠪᠡᠶᠡᠯᠡᠭᠦᠯᠵᠦ ᠬᠥᠭᠵᠢᠭᠦᠯᠬᠦ ᠳᠡᠭᠡᠷ᠎ᠡ ᠬᠦᠴᠦ ᠲᠠᠯᠪᠢᠬᠤ ᠵᠢ ᠠᠬᠢᠭᠤᠯᠬᠤ ᠬᠡᠷᠡᠭᠲᠡᠶ᠃ ᠨᠢᠭᠡ᠎ᠳᠤ᠂ ᠤᠢ ᠰᠢᠭᠤᠶ ᠵᠢᠨ ᠦᠢ᠍ᠯᠡᠰ᠎ᠤᠨ ᠬᠥᠭᠵᠢᠯᠲᠡ ᠵᠢᠨ ᠬᠡᠪ ᠵᠠᠭᠪᠤᠷ᠎ᠢ ᠬᠤᠪᠢᠷᠠᠭᠤᠯᠵᠤ ᠪᠣᠯᠤᠨ᠎ᠠ᠂ ᠲᠡᠷᠡ᠎ᠨᠢ ᠥᠩᠭᠡᠷᠡᠭᠰᠡᠨ᠎ᠤ 《ᠭᠤᠤᠯᠳᠠᠯᠭ᠎ᠠ᠎ᠲᠠᠢ ᠪᠠᠶ᠋ᠢᠭᠤᠯᠤᠯᠲᠠ》᠎ᠠᠴᠠ 《ᠪᠦᠲᠦᠭᠡᠨ ᠪᠠᠶ᠋ᠢᠭᠤᠯᠤᠯᠲᠠ ᠪᠠ ᠬᠠᠮᠠᠭ᠋ᠠᠯᠠᠬᠤ ᠵᠢ ᠵᠡᠷᠭᠡ᠎ᠪᠠᠷ ᠴᠢᠬᠤᠯᠠᠴᠢᠯᠠᠵᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ》 ᠲᠡᠰᠢ ᠬᠤᠪᠢᠷᠠᠵᠤ ᠪᠠᠶ᠋ᠢᠨ᠎ᠠ᠃ ᠬᠣᠶᠠᠷ᠎ᠲᠤ᠂ ᠤᠢ ᠰᠢᠭᠤᠶ ᠵᠢᠨ ᠦᠢ᠍ᠯᠡᠰ᠎ᠤᠨ ᠬᠥᠭᠵᠢᠯᠲᠡ ᠵᠢᠨ ᠪᠠᠢ᠌ᠷᠢᠯᠠᠭᠤᠯᠤᠯᠲᠠ ᠵᠢ ᠬᠤᠪᠢᠷᠠᠭᠤᠯᠵᠤ ᠪᠣᠯᠤᠨ᠎ᠠ᠂ ᠲᠡᠷᠡ᠎ᠨᠢ ᠥᠩᠭᠡᠷᠡᠭᠰᠡᠨ᠎ᠤ 《ᠬᠡᠪᠴᠢᠶᠡᠲᠦ ᠮᠠᠶᠢᠭ》᠎ᠠᠴᠠ 《ᠶᠠᠰᠤ ᠴᠢᠨᠠᠷ ᠦᠷ᠎ᠡ ᠪᠦᠲᠦᠮᠵᠢ ᠵᠢᠨ ᠮᠠᠶᠢᠭ》᠎ᠤᠨ ᠵᠦᠭ᠎ᠲᠤ ᠬᠤᠪᠢᠷᠠᠵᠤ ᠪᠠᠶ᠋ᠢᠨ᠎ᠠ᠃ ᠭᠤᠷᠪᠠ᠎ᠳᠤ᠂ ᠤᠢ ᠰᠢᠭᠤᠶ ᠵᠢᠨ ᠦᠢ᠍ᠯᠡᠰ᠎ᠤᠨ ᠬᠥᠭᠵᠢᠯᠲᠡ ᠵᠢᠨ ᠲᠣᠭᠲᠠᠴᠠ ᠵᠢ ᠬᠤᠪᠢᠷᠠᠭᠤᠯᠵᠤ᠂ ᠳ᠋ᠠᠩ ᠴᠣᠯᠭᠣᠢ 《ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠣᠯᠭ᠋ᠠᠭᠰᠠᠨ ᠤᠢ ᠰᠢᠭᠤᠶ ᠵᠢᠨ ᠦᠢ᠍ᠯᠡᠰ᠎ᠢ ᠡᠷᠬᠢᠯᠡᠬᠦ》᠎ᠠᠴᠠ 《ᠪᠦᠬᠦ ᠨᠡᠢ᠌ᠭᠡᠮ ᠵᠶ᠋ᠡᠷ ᠵᠶ᠋ᠡᠨ ᠤᠢ ᠰᠢᠭᠤᠶ ᠵᠢᠨ ᠦᠢ᠍ᠯᠡᠰ᠎ᠢ ᠡᠷᠬᠢᠯᠡᠬᠦ᠎ᠳᠤ ᠣᠷᠣᠯᠴᠠᠬᠤ》 ᠲᠡᠰᠢ ᠬᠤᠪᠢᠷᠠᠵᠤ ᠪᠠᠶ᠋ᠢᠨ᠎ᠠ᠃
      ᠯᠢ ᠳ᠋ᠠᠨ ᠹᠦ᠋ ᠨᠥᠬᠥᠷ ᠱᠠᠭ᠋ᠠᠷᠳᠠᠭᠰᠠᠨ᠎ᠨᠢ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠢ ᠴᠢᠩᠭ᠎ᠠ ᠵᠠᠰᠠᠵᠣ᠂ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠪᠠᠳᠠᠷᠠᠭᠤᠯᠬᠤ ᠳᠡᠭᠡᠷ᠎ᠡ ᠬᠦᠴᠦ᠎ᠪᠠᠨ ᠲᠠᠯᠪᠢᠬᠤ ᠬᠡᠷᠡᠭᠲᠡᠶ᠃ ᠨᠢᠭᠡ᠎ᠳᠤ᠂ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠠᠭ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠬᠣᠶᠠᠷ᠎ᠲᠤ᠂ ᠡᠯ᠎ᠡ ᠵᠦᠢ᠍ᠯ᠎ᠤᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠡᠭᠦᠷ᠎ᠢ ᠪᠠᠢ᠌ᠭᠤᠯᠤᠨ ᠴᠢᠩᠭ᠋ᠠᠳᠬᠠᠬᠣ ᠬᠡᠷᠡᠭᠲᠡᠢ᠃ ᠭᠤᠷᠪᠠ᠎ᠳᠤ᠂ ᠨᠠᠮᠴᠢ ᠴᠢᠨᠠᠷ᠎ᠤᠨ ᠤᠬᠠᠮᠰᠠᠷ ᠵᠶ᠋ᠠᠨ ᠴᠢᠩᠭ᠋ᠠᠷᠠᠭᠤᠯᠵᠤ᠂ ᠲᠣᠪᠴᠢᠶᠠᠨ᠎ᠤ ᠰᠢᠰᠲ᠋ᠧᠮ᠂ ᠪᠦᠬᠦ ᠨᠠᠮ᠎ᠤᠨ ᠭᠡᠰᠢᠭᠦᠨ ᠺᠠᠳ᠋ᠷᠴᠤᠳ᠎ᠤᠨ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ ᠭᠡᠵᠡᠢ᠃


ᠢᠷᠡᠯᠲᠡ᠄ ᠪᠤᠭᠤᠲᠤ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠠᠮᠢ ᠠᠬᠤᠶ ᠵᠢᠨ ᠨᠣᠭᠣᠭ᠋ᠠᠷᠠᠭᠤᠯᠣᠯᠲᠠ ᠵᠢ ᠰᠡᠷᠭᠦᠭᠡᠨ ᠠᠭᠤᠷᠬᠠᠶ ᠵᠢᠨ 《ᠰᠣᠷᠪᠢ》 ᠵᠢ ᠵᠠᠰᠠᠨ ᠡᠳᠡᠭᠡᠷᠡᠭᠦᠯᠪᠠ — ᠬᠥᠬᠡᠬᠣᠲᠠ ᠲᠡᠮᠦᠷ ᠵᠠᠮ᠎ᠤᠨ ᠲᠣᠪᠴᠢᠶ᠎ᠠ ᠵᠢᠨ 602 ᠴᠢᠯᠠᠭᠤ ᠮᠠᠯᠲᠠᠬᠤ ᠲᠠᠯᠠᠪᠠᠢ ᠴᠡᠭᠴᠡᠯᠡᠨ ᠥᠭᠡᠷᠡᠴᠢᠯᠡᠭᠰᠡᠨ᠎ᠤ ᠲᠠᠷᠠᠭ᠎ᠠ᠂ ᠠᠮᠢ ᠠᠬᠤᠶ ᠵᠢ ᠰᠡᠷᠭᠦᠭᠡᠨ ᠵᠠᠰᠠᠬᠰᠠᠨ ᠠᠵᠢᠯ ᠢᠯᠡᠳᠲᠡ ᠦᠷ᠎ᠡ ᠪᠦᠲᠦᠮᠵᠢ ᠤᠯᠪᠠ
ᠬᠦᠯᠦᠨ ᠪᠤᠢ᠌ᠷ ᠬᠤᠳᠠ ᠵᠢᠨ ᠮᠠᠨᠵᠤᠤᠷ᠎ᠤᠨ ᠤᠢ ᠰᠢᠭᠤᠶ ᠵᠢᠨ ᠲᠣᠪᠴᠢᠶ᠎ᠠ ᠮᠥᠬᠥᠬᠦ ᠰᠢᠬᠠᠭᠰᠠᠨ ᠵᠡᠷᠯᠢᠭ ᠠᠮᠢᠳᠠᠨ᠎ᠤ ᠦᠢ᠍ᠯᠡᠳᠬᠦᠨ᠎ᠤ ᠬᠡᠷᠡᠭ᠎ᠢ ᠪᠠᠶ᠋ᠢᠴᠠᠭ᠋ᠠᠨ ᠢᠯᠡᠷᠡᠭᠦᠯᠪᠡ
ᠰᠢᠯᠢ ᠵᠢᠨ ᠭᠣᠣᠯ ᠠᠶ᠋ᠢᠮᠠᠭ᠎ᠤᠨ ᠰᠢᠯᠤᠭᠤᠨ ᠬᠥᠬᠡ ᠬᠣᠰᠢᠭᠤ᠎ᠠᠴᠠ ᠨᠤᠭᠤ ᠭᠠᠵᠠᠷ᠎ᠢ ᠬᠠᠮᠠᠭ᠋ᠠᠯᠠᠬᠤ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ
ᠬᠦᠬᠡᠬᠣᠲᠠ ᠵᠢᠨ ᠤᠢ ᠰᠢᠭᠤᠶ ᠵᠢᠨ ᠲᠣᠪᠴᠢᠶ᠎ᠠ 2018 ᠣᠨ᠎ᠤ 《ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ》 ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠬᠢᠩᠭ᠋ᠠᠨ ᠠᠶ᠋ᠢᠮᠠᠭ᠎ᠤᠨ ᠤᠯᠤᠰ᠎ᠤᠨ ᠦᠮᠴᠢᠯᠡᠯᠳᠤ ᠤᠢ ᠰᠢᠭᠤᠶ ᠵᠢᠨ ᠲᠠᠯᠠᠪᠠᠢ ᠵᠢᠨ ᠲᠣᠪᠴᠢᠶ᠎ᠠ᠂ ᠬᠢᠩᠭ᠋ᠠᠨ ᠠᠶ᠋ᠢᠮᠠᠭ᠎ᠤᠨ ᠪᠠᠢ᠌ᠭ᠋ᠠᠯᠢ ᠵᠢᠨ ᠤᠢ ᠵᠢ ᠬᠠᠮᠠᠭ᠋ᠠᠯᠠᠬᠤ ᠲᠤᠪᠴᠢᠶ᠎ᠠ᠎ᠠᠴᠠ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠤᠯᠤᠰ᠎ᠤᠨ ᠦᠮᠴᠢᠯᠠᠯᠳᠤ ᠤᠢ ᠰᠢᠭᠤᠶ ᠵᠢᠨ ᠲᠠᠯᠠᠪᠠᠢ ᠵᠢᠨ ᠬᠠᠮᠢᠶᠠᠷᠤᠨ ᠬᠠᠮᠠᠭ᠋ᠠᠯᠠᠬᠤ ᠬᠡᠷᠡᠭᠯᠡᠬᠡᠨ᠎ᠤ ᠭᠡᠷ ᠪᠠᠶ᠋ᠢᠰᠢᠩ᠎ᠤᠨ ᠲᠤᠷᠰᠢᠯᠳᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠳᠤ ᠬᠠᠮᠳᠤᠷᠠᠭᠰᠠᠨ ᠪᠠᠢ᠌ᠴᠠᠭ᠋ᠠᠯᠳᠠ ᠬᠢᠪᠠ
 
             蒙ICP备05000248号