ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠠᠶᠠᠨᠨᠠᠭᠤᠷ ᠬᠣᠲᠠ ᠵᠢᠨ ᠤᠢ ᠰᠢᠭᠤᠶ ᠵᠢᠨ ᠠᠮᠢ ᠠᠬᠤᠶ ᠵᠢᠨ ᠪᠥᠳᠥᠭᠡᠨ ᠪᠠᠶ᠋ᠢᠭᠤᠯᠤᠯᠲᠠ ᠵᠢᠨ ᠲᠠᠯᠠᠪᠠᠢ ᠵᠢ 29 ᠲᠦᠮᠡ ᠭᠠᠷᠤᠶ ᠮᠥ᠍ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2018-06-25

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ 6 ᠰᠠᠷ᠎ᠠ ᠵᠢᠨ 12᠎ᠤᠨ ᠡᠳᠦᠷ᠎ᠤᠨ ᠮᠡᠳᠡᠭᠡ
      ᠬᠠᠪᠤᠷ ᠣᠷᠣᠭᠰᠠᠨ᠎ᠠᠴᠠ ᠨᠠᠰᠢ᠂ ᠪᠠᠶᠠᠨᠨᠠᠭᠤᠷ ᠬᠣᠲᠠ ᠵᠢᠨ ᠡᠯ᠎ᠡ ᠭᠠᠵᠠᠷ᠎ᠤᠨ᠎ᠬᠢᠨ 《ᠪᠤᠭᠤᠮᠲᠠ᠎ᠳᠠᠬᠢ ᠵᠢᠶᠠᠩᠨᠠᠨ᠎ᠤ ᠨᠤᠭᠤᠭ᠋ᠠᠨ ᠵᠶ᠋ᠠᠷ ᠰᠡᠭᠦᠢ᠌ᠬᠦ》 ᠬᠠᠷᠠᠯᠲᠠ ᠵᠢᠨ   ᠳᠣᠭᠣᠷᠢᠨ᠎ᠳᠤ᠂ ᠠᠭᠤᠯᠠ ᠤᠰᠤ ᠤᠢ ᠳᠠᠷᠢᠶ᠎ᠠ ᠨᠠᠭᠤᠷ ᠡᠪᠡᠰᠦ ᠡᠯᠡᠰᠦᠨ᠎ᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠶ ᠲᠥᠯᠥᠪᠯᠡᠵᠦ᠂ ᠠᠮᠢ ᠠᠬᠤᠶ ᠵᠢᠨ ᠪᠦᠳᠤᠭᠡᠨ ᠪᠠᠶ᠋ᠢᠭᠤᠯᠤᠯᠲᠠ ᠵᠢᠨ ᠠᠵᠢᠯ᠎ᠢ ᠪᠦᠬᠦ ᠬᠦᠴᠦ᠎ᠪᠠᠷ ᠵᠶ᠋ᠠᠨ ᠠᠬᠢᠭᠤᠯᠣᠨ᠎ᠠ᠃ ᠪᠦᠷᠢᠳᠬᠡᠯ᠎ᠢ ᠦᠨᠳᠦᠰᠦᠯᠡᠪᠡᠯ᠂ ᠣᠳᠣᠬᠠᠨ ᠪᠣᠯᠲᠠᠯ᠎ᠠ᠂ ᠪᠥᠬᠥ ᠬᠣᠲᠠ ᠵᠢᠨ ᠤᠢ ᠰᠢᠭᠤᠶ ᠵᠢᠨ ᠠᠮᠢ ᠠᠬᠤᠶ ᠵᠢᠨ ᠪᠥᠳᠥᠭᠡᠨ ᠪᠠᠶ᠋ᠢᠭᠤᠯᠤᠯᠲᠠ ᠵᠢᠨ ᠲᠠᠯᠠᠪᠠᠢ 290929 ᠮᠤ᠌᠂ ᠡᠭᠦᠨ᠎ᠤ ᠳᠣᠲᠣᠷ᠎ᠠ ᠬᠥᠮᠦᠨ᠎ᠤ ᠬᠦᠴᠦ᠎ᠪᠠᠷ ᠣᠶ᠋ᠢᠵᠢᠭᠤᠯᠤᠭᠰᠠᠨ 200929 ᠮᠦ᠍᠂ ᠲᠤᠰ ᠪᠦᠷᠢ ᠵᠠᠮ᠎ᠤᠨ ᠨᠤᠭᠤᠭ᠋ᠠᠷᠠᠭᠣᠯᠣᠯᠲᠠ 404.4 ᠺᠢᠯᠣᠮᠧᠲᠷ᠂ 19501 ᠮᠤ᠌᠂ 173 ᠠᠶ᠋ᠢᠯ ᠲᠣᠰᠬᠣᠨ᠎ᠤ ᠨᠤᠭᠤᠭ᠋ᠠᠷᠠᠭᠣᠯᠣᠯᠲᠠ᠂ 33750 ᠮᠤ᠌᠂ ᠬᠤᠳᠠ ᠪᠠᠯᠭ᠋ᠠᠳ ᠪᠣᠯᠤᠨ ᠡᠷᠬᠢᠨ ᠲᠣᠭᠣᠷᠢᠨ 15908 ᠮᠤ᠌᠂ ᠦᠢ᠍ᠯᠡᠳᠪᠦᠷᠢ ᠠᠭᠤᠷᠬᠠᠶ ᠵᠢᠨ ᠬᠦᠷᠢᠶᠡᠯᠡᠩ ᠲᠣᠭᠣᠷᠢᠭ 7740 ᠮᠤ᠌᠂ ᠮᠤᠨᠢ ᠠᠭᠤᠯᠠ ᠵᠢᠨ ᠨᠤᠭᠤᠭ᠋ᠠᠷᠠᠭᠣᠯᠣᠯᠲᠠ 3931 ᠮᠣ᠌᠂ ᠲᠠᠷᠢᠶᠠᠯᠠᠩ᠎ᠤᠨ ᠰᠡᠷᠭᠡᠶ᠋ᠢᠯᠡᠯᠲᠡ ᠵᠢᠨ ᠤᠢ 20740 ᠮᠤ᠌᠂ ᠤᠯᠤᠰ᠎ᠠᠴᠠ ᠬᠠᠮᠢᠶᠠᠷᠴᠤ ᠪᠠᠶ᠋ᠢᠭ᠎ᠠ ᠰᠣᠪᠠᠭ ᠭᠤᠤ 2520 ᠮᠥ᠍᠂ ᠠᠭᠯᠠᠭ ᠠᠭᠤᠯᠠ ᠠᠲᠠᠷ ᠭᠠᠵᠠᠷ᠎ᠢ 96839 ᠮᠦ᠍ ᠨᠣᠭᠳᠠᠭᠤᠯᠵᠠᠶ; ᠨᠢᠰᠬᠡᠯ ᠵᠶ᠋ᠠᠷ ᠣᠶ᠋ᠢᠵᠢᠭᠤᠯᠣᠭᠰᠠᠨ᠎ᠨᠢ 80000 ᠮᠤ᠌᠂ ᠰᠦᠯᠵᠢᠶᠡᠨ᠎ᠤ ᠬᠣᠷᠢᠨ ᠪᠢᠲᠡᠭᠦᠮᠵᠢᠯᠡᠵᠦ ᠪᠣᠶ᠋ᠢᠵᠢᠭᠤᠯᠣᠯᠲᠠ 10000 ᠮᠣ᠌ ᠪᠣᠯᠤᠨ᠎ᠠ᠃
      ᠯᠢᠨ ᠡᠾᠸ ᠲᠣᠭᠣᠷᠢᠭ 《ᠲᠠᠪᠤᠨ ᠶᠡᠬᠡ ᠬᠦᠷᠢᠶᠡᠯᠡᠩ ᠲᠣᠭᠣᠷᠢᠭ》᠎ᠤᠨ ᠨᠤᠭᠤᠭ᠋ᠠᠷᠠᠭᠤᠯᠤᠯᠲᠠ ᠵᠢ ᠶᠡᠬᠡᠪᠡᠷ ᠥᠷᠨᠢᠭᠦᠯᠵᠦ᠂ 40100 ᠮᠥ᠍ ᠬᠥᠮᠦᠨ᠎ᠤ ᠬᠦᠴᠦ᠎ᠪᠠᠷ ᠣᠶ᠋ᠢᠵᠢᠭᠤᠯᠪᠠ᠃ ᠦᠶᠤᠸᠠᠨ ᠰᠢᠶᠠᠨ᠎ᠠᠴᠠ ᠵᠠᠮ ᠨᠡᠪᠲᠡᠷᠡᠯᠦᠭᠡ᠂ ᠠᠶ᠋ᠢᠯ ᠲᠣᠰᠬᠣᠨ ᠵᠡᠷᠭᠡ ᠳᠡᠰ ᠵᠶ᠋ᠠᠨ ᠥᠰᠬᠡᠬᠦ ᠵᠢ ᠳᠣᠪᠣᠢ᠌ᠯᠭ᠋ᠠᠵᠣ᠂ ᠬᠥᠳᠡᠭᠡ ᠵᠢᠨ ᠶᠡᠷᠦᠩᠬᠡᠶ᠋ᠢᠯᠡᠭᠰᠡᠨ ᠴᠣᠭᠴᠠ ᠪᠣᠯᠤᠨ ᠠᠵᠤ ᠠᠬᠤᠶ ᠵᠢᠨ ᠤᠢ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ᠎ᠤᠨ ᠬᠠᠮᠲᠤ ᠵᠢᠨ ᠠᠰᠢᠭ ᠬᠦᠷᠲᠡᠭᠡᠯ᠎ᠢ ᠪᠡᠶᠡᠯᠡᠭᠦᠯᠪᠡ᠃ ᠬᠥᠮᠦᠨ᠎ᠤ ᠬᠦᠴᠦ᠎ᠪᠠᠷ17800 ᠮᠥ᠍ ᠣᠶ᠋ᠢᠵᠢᠭᠤᠯᠪᠠ᠃ ᠬᠠᠩᠭᠢᠨ ᠬᠣᠶ᠋ᠢᠲᠤ ᠬᠣᠰᠢᠭᠤ ᠭᠣᠣᠯᠳᠠᠯᠭ᠎ᠠ G7 ᠵᠠᠯᠭ᠋ᠠᠯᠲᠠ ᠱᠤᠭᠤᠮ᠎ᠤᠨ ᠳᠣᠭᠣᠷᠢᠨ᠎ᠳᠤ ᠪᠠ ᠱᠠᠨᠰᠢ — ᠵᠡᠭᠦᠨ ᠱᠤᠭᠤᠮ᠎ᠤᠨ ᠨᠣᠭᠣᠭ᠋ᠠᠷᠠᠭᠤᠯᠤᠯᠲᠠ ᠵᠢ ᠦᠷᠨᠢᠬᠦᠯᠦᠨ᠂ ᠤᠢ ᠰᠢᠭᠤᠶ ᠵᠢᠨ ᠠᠮᠢ ᠠᠬᠤᠶ ᠵᠢᠨ ᠪᠥᠳᠥᠭᠡᠨ ᠪᠠᠶ᠋ᠢᠭᠤᠯᠤᠯᠲᠠ ᠵᠢᠨ ᠲᠠᠯᠠᠪᠠᠢ 55100 ᠮᠦ᠍ ᠵᠢ ᠪᠡᠶᠡᠯᠡᠬᠦᠯᠪᠡ᠃ ᠤᠷᠠᠳ᠎ᠤᠨ ᠡᠮᠦᠨᠡᠲᠦ ᠬᠣᠰᠢᠭᠤᠨ᠎ᠤ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠂ ᠮᠠᠯ ᠠᠵᠤ ᠠᠬᠤᠶ ᠬᠦᠷᠢᠶᠡᠯᠡᠩ᠎ᠤᠨ ᠶᠡᠷᠦᠩᠬᠡᠶ ᠴᠣᠭᠴᠠ ᠪᠣᠯᠤᠨ ᠠᠵᠤ ᠠᠬᠤᠶ ᠵᠢᠨ ᠤᠢ ᠵᠢᠨ ᠪᠦᠳᠦᠭᠡᠨ ᠪᠠᠶ᠋ᠢᠭᠤᠯᠤᠯᠲᠠ᠎ᠲᠠᠢ ᠨᠢᠭᠲᠠ ᠤᠶᠠᠯᠳᠤᠭᠤᠯᠤᠨ᠂ ᠬᠥᠮᠦᠨ᠎ᠤ ᠬᠦᠴᠦ᠎ᠪᠠᠷ 20049 ᠮᠥ᠍ ᠣᠶ᠋ᠢᠵᠢᠭᠤᠯᠪᠠ᠃ ᠤᠷᠠᠳ᠎ᠤᠨ ᠳᠣᠮᠳᠠᠳᠣ ᠬᠣᠰᠢᠭᠤ 242 ᠮᠤᠵᠢ ᠵᠢᠨ ᠵᠠᠮ᠎ᠤᠨ ᠨᠣᠭᠣᠭ᠋ᠠᠷᠠᠭᠤᠯᠤᠯᠲᠠ ᠵᠢ ᠥᠨᠳᠥᠷ ᠪᠠᠷᠢᠮᠵᠢᠶ᠎ᠠ᠎ᠪᠠᠷ ᠦᠢ᠍ᠯᠡᠳᠴᠣ᠂ ᠲᠠᠷᠢᠶᠠᠯᠠᠬᠤ᠎ᠪᠠᠨ ᠪᠤᠯᠢᠵᠦ ᠣᠶ᠋ᠢᠵᠢᠭᠤᠯᠬᠤ᠂ ᠠᠵᠤ ᠠᠬᠤᠶ ᠵᠢᠨ ᠤᠢ ᠵᠢᠨ ᠪᠦᠳᠦᠭᠡᠨ ᠪᠠᠶ᠋ᠢᠭᠤᠯᠤᠯᠲᠠ ᠪᠣᠯᠤᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠯᠤᠭ᠎ᠠ ᠤᠶᠠᠯᠳᠤᠭᠤᠯᠵᠤ᠂ ᠬᠥᠮᠦᠨ᠎ᠤ ᠬᠦᠴᠦ᠎ᠪᠠᠷ 19928 ᠮᠥ᠍ ᠣᠶ᠋ᠢᠵᠢᠭᠤᠯᠪᠠ᠃ ᠤᠷᠠᠳ᠎ᠤᠨ ᠬᠣᠶ᠋ᠢᠲᠤ ᠬᠣᠰᠢᠭᠤᠨ᠎ᠤ ᠮᠤᠨᠢ ᠠᠭᠤᠯᠠ ᠵᠢᠨ ᠨᠣᠭᠣᠭ᠋ᠠᠷᠠᠭᠤᠯᠤᠯᠲᠠ ᠵᠢᠨ ᠡᠷᠴᠢᠮ ᠶᠡᠬᠡ᠂ ᠣᠶ᠋ᠢᠵᠢᠭᠤᠯᠣᠯᠲᠠ ᠵᠢᠨ ᠨᠥᠬᠥᠪᠥᠷᠢ ᠣᠯᠭᠣᠬᠤ ᠲᠣᠭᠲᠠᠴᠠ ᠰᠢᠨ᠎ᠡ᠂ ᠤᠢ ᠰᠢᠭᠤᠶ ᠵᠢᠨ ᠠᠮᠢ ᠠᠬᠤᠶ ᠵᠢᠨ ᠪᠥᠳᠥᠭᠡᠨ ᠪᠠᠶ᠋ᠢᠭᠤᠯᠤᠯᠲᠠ ᠵᠢᠨ ᠲᠠᠯᠠᠪᠠᠢ 111712 ᠮᠦ᠍ ᠵᠢ ᠪᠡᠶᠡᠯᠡᠭᠦᠯᠪᠡ᠃ ᠳ᠋ᠸᠩᠺᠸᠤ ᠰᠢᠶᠠᠨ ᠠᠮᠢ ᠠᠬᠤᠶ ᠵᠢᠨ ᠠᠵᠤ ᠦᠢ᠍ᠯᠡᠰ  ᠎ᠲᠠᠢ ᠬᠠᠷᠢᠯᠴᠠᠨ ᠤᠶᠠᠯᠳᠤᠭᠤᠯᠵᠤ᠂ ᠤᠢ ᠰᠢᠭᠤᠶ ᠵᠢᠨ ᠦᠢ᠍ᠯᠡᠰ᠎ᠢ ᠬᠥᠭᠵᠢᠭᠦᠯᠬᠦ ᠪᠠ ᠠᠷᠠᠳ᠎ᠢ ᠪᠠᠶᠠᠵᠢᠭᠤᠯᠬᠤ ᠵᠢ ᠵᠡᠷᠭᠡᠪᠡᠷ ᠠᠳᠬᠤᠵᠤ᠂ ᠡᠯᠡᠰᠦ ᠵᠢ ᠵᠠᠰᠠᠬᠤ ᠬᠢᠭᠡᠳ ᠶᠠᠳᠠᠭᠤ ᠵᠢ ᠲᠡᠳᠬᠦᠬᠦ ᠵᠡᠷᠭᠡ᠎ᠪᠠᠷ ᠶᠠᠪᠤᠭᠳᠠᠭᠣᠯᠣᠨ᠂ ᠬᠥᠮᠦᠨ᠎ᠤ ᠬᠦᠴᠦ᠎ᠪᠠᠷ 26240 ᠮᠥ᠍ ᠣᠶ᠋ᠢᠵᠢᠭᠤᠯᠪᠠ᠃
      ᠳᠣᠣᠷ᠎ᠠ ᠠᠯᠬᠤᠮ᠎ᠳᠤ ᠳᠤᠯᠤᠭ᠋ᠠᠨ ᠵᠦᠢ᠍ᠯ᠎ᠤᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠨ᠎ᠡ᠄ ᠨᠢᠭᠡ᠎ᠳᠤ᠂ ᠭᠠᠩ ᠬᠠᠭᠰᠠᠷᠠᠭ᠋ᠠᠨ᠎ᠢ ᠡᠰᠡᠷᠭᠦᠴᠡᠨ ᠡᠳᠡᠭᠡᠷᠡᠬᠦ ᠲᠤᠭᠣᠷᠢᠨ᠎ᠳᠤ᠂ ᠤᠰᠤᠯᠠᠬᠤ᠎ᠪᠠᠷ ᠭᠣᠣᠯ ᠪᠣᠯᠭ᠋ᠠᠭᠰᠠᠨ ᠪᠣᠶ᠋ᠢᠵᠢᠭᠤᠯᠬᠤ᠂ ᠬᠠᠮᠢᠶᠠᠷᠴᠤ ᠬᠠᠮᠠᠭ᠋ᠠᠯᠠᠬᠤ ᠠᠵᠢᠯ᠎ᠢ ᠰᠠᠶ᠋ᠢᠲᠤᠷ ᠠᠳᠬᠤᠨ᠎ᠠ᠃ ᠬᠣᠶᠠᠷ᠎ᠲᠤ᠂ ᠭᠠᠩ ᠬᠠᠭᠤᠷᠠᠶ ᠪᠣᠷᠣᠭ᠋ᠠᠨ ᠬᠤᠷ᠎ᠠ ᠴᠥᠭᠡᠨ᠂ ᠠᠭᠤᠷ ᠠᠮᠢᠰᠬᠤᠯ᠎ᠤᠨ ᠪᠠᠶ᠋ᠢᠳᠠᠯ᠎ᠳᠤ ᠦᠨᠳᠦᠰᠦᠯᠡᠨ᠂ ᠤᠢ ᠰᠢᠭᠤᠶ ᠨᠤᠲᠤᠭ ᠪᠡᠯᠴᠢᠭᠡᠷ᠎ᠤᠨ ᠬᠥᠨᠥᠭᠡᠯᠲᠤ ᠠᠮᠢᠳᠤ ᠪᠣᠳᠠᠰ᠎ᠤᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠵᠢ ᠰᠠᠢ᠌ᠳᠣᠷ ᠬᠢᠵᠦ᠂ ᠢᠮᠠᠭ᠋ᠠᠨ ᠬᠤᠷᠤᠬᠠᠢ ᠵᠢ ᠨᠢᠰᠬᠡᠯ ᠵᠶ᠋ᠠᠷ ᠰᠦᠷᠴᠢᠵᠦ ᠮᠠᠨᠠᠨᠲᠤᠭᠤᠯᠵᠤ ᠰᠡᠷᠭᠡᠶ᠋ᠢᠯᠡᠨ ᠵᠠᠰᠠᠬᠤ ᠴᠠᠭ ᠬᠤᠭᠤᠴᠠᠭ᠋ᠠᠨ᠎ᠳᠤᠨᠢ ᠲᠠᠭ᠋ᠠᠷᠠᠭᠤᠯᠤᠨ ᠥᠷᠨᠢᠭᠦᠯᠦᠨ᠎ᠡ᠃ ᠭᠤᠷᠪᠠ᠎ᠳᠤ᠂ ᠪᠦᠬᠦ ᠣᠷᠣᠨ᠎ᠤ ᠣᠶ᠋ᠢᠵᠢᠭᠤᠯᠵᠤ ᠨᠣᠭᠣᠭ᠋ᠠᠷᠠᠭᠤᠯᠬᠤ ᠲᠤᠬᠠᠶ ᠵᠢᠨ ᠲᠠᠯᠠᠪᠠᠢ ᠵᠢᠨ ᠬᠤᠷᠠᠯ᠎ᠢ ᠪᠦᠬᠥ ᠬᠦᠴᠦ᠎ᠪᠠᠷ ᠵᠶ᠋ᠠᠨ ᠰᠠᠶ᠋ᠢᠲᠤᠷ ᠡᠷᠬᠢᠯᠡᠵᠤ᠂ ᠦᠵᠡᠭᠦᠯᠦᠯᠭᠡ ᠵᠢᠨ ᠱᠤᠭᠤᠮ ᠵᠢᠴᠢ ᠦᠵᠡᠭᠦᠯᠦᠯᠭᠡ ᠵᠢᠨ ᠴᠡᠭ᠎ᠢ ᠨᠢᠮᠪᠠᠶ ᠴᠣᠭᠴᠠᠯᠠᠨ᠎ᠠ᠃ ᠲᠦᠷᠪᠡ᠎ᠳᠤ᠂ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠢ ᠦᠨᠡᠨᠬᠦ ᠰᠠᠶ᠋ᠢᠲᠤᠷ ᠠᠳᠬᠤᠨ᠎ᠠ᠃ ᠲᠠᠪᠤ᠎ᠳᠤ᠂ ᠠᠵᠤ ᠠᠬᠤᠶ ᠵᠢᠨ ᠤᠢ ᠵᠢᠨ ᠰᠡᠭᠦᠯᠴᠢ ᠵᠢᠨ ᠪᠣᠶ᠋ᠢᠵᠢᠭᠤᠯᠤᠯᠲᠠ ᠵᠢ ᠬᠠᠮᠢᠶᠠᠷᠴᠣ᠂ ᠰᠣᠳᠣᠨ ᠪᠠᠷᠠᠭ᠎ᠠ ᠪᠠᠢ᠌ᠭᠤᠯᠤᠨ᠂ ᠵᠢᠱ᠌ᠢᠶ᠎ᠡ ᠦᠵᠡᠭᠦᠯᠬᠦ ᠵᠢ ᠠᠳᠬᠤᠵᠤ᠂ ᠭᠢᠯᠠᠰ ᠴᠡᠭ᠎ᠢ ᠲᠦᠯᠬᠢᠬᠦ ᠵᠢ ᠰᠠᠶ᠋ᠢᠲᠤᠷ ᠬᠢᠨ᠎ᠡ᠃ ᠵᠢᠷᠭᠤᠭ᠎ᠠ᠎ᠳᠤ᠂ ᠲᠤᠨᠳᠠᠰᠣᠨ᠎ᠤ ᠪᠠᠶ᠋ᠢᠳᠠᠯ᠎ᠢ ᠦᠨᠳᠦᠰᠦᠯᠡᠨ᠂ ᠠᠭᠤᠯᠠᠷᠬᠠᠭ ᠬᠠᠭᠤᠷᠠᠶ ᠣᠷᠣᠨ᠎ᠤ ᠲᠠᠷᠢᠶᠠᠯᠠᠬᠤ ᠵᠢ ᠵᠣᠭᠰᠣᠭ᠋ᠠᠵᠤ ᠤᠢ ᠰᠢᠭᠤᠶ ᠵᠢ ᠰᠡᠷᠭᠦᠭᠡᠬᠦ ᠪᠠ ᠪᠣᠷᠣᠭ᠋ᠠᠨ᠎ᠲᠠᠢ ᠤᠯᠠᠷᠢᠯ᠎ᠤᠨ ᠲᠠᠷᠢᠵᠤ ᠣᠶ᠋ᠢᠵᠢᠭᠤᠯᠬᠤ ᠵᠢ ᠰᠠᠶ᠋ᠢᠲᠤᠷ ᠥᠷᠨᠢᠭᠦᠯᠦᠨ᠎ᠡ᠃ ᠲᠤᠯᠤᠭ᠎ᠠ᠎ᠳᠤ᠂ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠵᠦ᠂ ᠨᠠᠷᠢᠯᠢᠭ   ᠤᠨᠤᠪᠴᠢᠲᠠᠢ᠎ᠪᠠᠷ ᠪᠣᠳᠠᠲᠠᠶ᠋ᠢᠵᠢᠭᠤᠯᠬᠤ ᠵᠢ ᠦᠨᠡᠨᠬᠦ ᠪᠠᠲᠤᠯᠠᠨ᠎ᠠ᠃



ᠢᠷᠡᠯᠲᠡ᠄ ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ ᠬᠣᠲᠠ ᠵᠢᠨ ᠬᠤᠩᠭᠤᠯᠵᠢ ᠤᠢ ᠰᠢᠭᠤᠶ ᠵᠢᠨ ᠲᠣᠪᠴᠢᠶᠠᠨ᠎ᠤ ᠨᠠᠮ᠎ᠤᠨ ᠬᠣᠷᠢᠶ᠎ᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ ᠵᠢ ᠴᠢᠩᠭ᠎ᠠ ᠪᠤᠲᠠᠲᠠᠢ ᠰᠠᠶ᠋ᠢᠲᠤᠷ ᠠᠳᠬᠤᠬ᠍ᠪᠠ
ᠬᠥᠯᠥᠨ ᠪᠣᠶ᠋ᠢᠷ ᠬᠣᠲᠠ ᠵᠢᠨ ᠬᠠᠭᠤᠴᠢᠨ ᠪᠠᠷᠭᠤ ᠬᠣᠰᠢᠭᠤᠨ᠎ᠤ ᠤᠢ ᠰᠢᠭᠤᠶ ᠵᠢᠨ ᠲᠣᠪᠴᠢᠶ᠎ᠠ ᠲᠠᠷᠢᠮᠠᠯ ᠲᠡᠭᠦᠬᠦ ᠬᠦᠷᠢᠶᠡᠯᠡᠩ᠎ᠤᠨ ᠶᠠᠳᠠᠭᠤ ᠵᠢ ᠲᠡᠳᠬᠦᠬᠦ ᠰᠠᠭᠤᠷᠢᠨ ᠭᠠᠵᠠᠷ᠎ᠤᠨ ᠲᠤᠷᠰᠢᠯᠲᠠ ᠵᠢᠨ ᠴᠢᠭ᠎ᠢ ᠪᠦᠲᠦᠭᠡᠨ ᠪᠠᠢ᠌ᠭᠤᠯᠪᠠ
ᠪᠤᠭᠤᠲᠤ ᠬᠣᠲᠠ ᠵᠢᠨ ᠣᠶ ᠰᠢᠭᠤᠶ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠲᠤᠰᠬᠠᠶ ᠰᠡᠳᠦᠪᠲᠦ ᠣᠨᠣᠯ᠎ᠤᠨ ᠰᠤᠷᠤᠯᠴᠠᠯᠭ᠎ᠠ ᠵᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠠᠮᠢ ᠠᠬᠤᠶ ᠵᠢᠨ ᠨᠣᠭᠣᠭ᠋ᠠᠷᠠᠭᠤᠯᠣᠯᠲᠠ ᠵᠢ ᠰᠡᠷᠭᠦᠭᠡᠨ ᠠᠭᠤᠷᠬᠠᠶ ᠵᠢᠨ 《ᠰᠣᠷᠪᠢ》 ᠵᠢ ᠵᠠᠰᠠᠨ ᠡᠳᠡᠭᠡᠷᠡᠭᠦᠯᠪᠠ — ᠬᠥᠬᠡᠬᠣᠲᠠ ᠲᠡᠮᠦᠷ ᠵᠠᠮ᠎ᠤᠨ ᠲᠣᠪᠴᠢᠶ᠎ᠠ ᠵᠢᠨ 602 ᠴᠢᠯᠠᠭᠤ ᠮᠠᠯᠲᠠᠬᠤ ᠲᠠᠯᠠᠪᠠᠢ ᠴᠡᠭᠴᠡᠯᠡᠨ ᠥᠭᠡᠷᠡᠴᠢᠯᠡᠭᠰᠡᠨ᠎ᠤ ᠲᠠᠷᠠᠭ᠎ᠠ᠂ ᠠᠮᠢ ᠠᠬᠤᠶ ᠵᠢ ᠰᠡᠷᠭᠦᠭᠡᠨ ᠵᠠᠰᠠᠬᠰᠠᠨ ᠠᠵᠢᠯ ᠢᠯᠡᠳᠲᠡ ᠦᠷ᠎ᠡ ᠪᠦᠲᠦᠮᠵᠢ ᠤᠯᠪᠠ
ᠬᠦᠯᠦᠨ ᠪᠤᠢ᠌ᠷ ᠬᠤᠳᠠ ᠵᠢᠨ ᠮᠠᠨᠵᠤᠤᠷ᠎ᠤᠨ ᠤᠢ ᠰᠢᠭᠤᠶ ᠵᠢᠨ ᠲᠣᠪᠴᠢᠶ᠎ᠠ ᠮᠥᠬᠥᠬᠦ ᠰᠢᠬᠠᠭᠰᠠᠨ ᠵᠡᠷᠯᠢᠭ ᠠᠮᠢᠳᠠᠨ᠎ᠤ ᠦᠢ᠍ᠯᠡᠳᠬᠦᠨ᠎ᠤ ᠬᠡᠷᠡᠭ᠎ᠢ ᠪᠠᠶ᠋ᠢᠴᠠᠭ᠋ᠠᠨ ᠢᠯᠡᠷᠡᠭᠦᠯᠪᠡ
 
             蒙ICP备05000248号