ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ
ᠰᠦᠯᠵᠢᠶᠡᠨ᠎ᠤ 6 ᠰᠠᠷ᠎ᠠ ᠵᠢᠨ 21᠎ᠤ ᠡᠳᠦᠷ᠎ᠤᠨ ᠮᠡᠳᠡᠭᠡ
6 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠪᠠᠢ᠌ᠭ᠋ᠠᠯᠢᠯᠢᠭ ᠣᠢ ᠵᠢ ᠬᠠᠮᠠᠭ᠋ᠠᠯᠠᠬᠤ ᠲᠣᠪᠴᠢᠶ᠎ᠠ ᠵᠢᠨ ᠪᠠᠢ᠌ᠭ᠋ᠠᠯᠢᠯᠢᠭ ᠣᠢ ᠵᠢ ᠬᠠᠮᠠᠭ᠋ᠠᠯᠠᠬᠤ ᠰᠠᠯᠠᠭ᠋ᠠᠨ᠎ᠤ ᠰᠠᠯᠠᠭ᠋ᠠᠨ ᠳᠠᠷᠤᠭ᠎ᠠ ᠪᠤᠯᠠᠭ᠂ ᠥᠪᠥᠷ ᠮᠣᠩᠭᠣᠯ᠎ᠤᠨ ᠬᠤᠶᠠᠳᠣᠭ᠋ᠠᠷ ᠤᠢ ᠰᠢᠭᠤᠶ ᠵᠢᠨ ᠪᠠᠶ᠋ᠢᠴᠠᠭ᠋ᠠᠨ ᠰᠢᠯᠭ᠋ᠠᠬᠤ ᠲᠥᠯᠥᠪᠵᠢᠭᠦᠯᠭᠡ ᠵᠢᠨ ᠬᠦᠷᠢᠶᠡᠯᠡᠩ᠎ᠤᠨ ᠤᠢ ᠰᠢᠭᠤᠶ ᠵᠢᠨ ᠪᠠᠶ᠋ᠢᠴᠠᠭ᠋ᠠᠨ ᠰᠢᠯᠭ᠋ᠠᠬᠤ ᠲᠥᠯᠥᠪᠵᠢᠭᠦᠯᠭᠡ ᠵᠢᠨ ᠬᠦᠷᠢᠶᠡᠯᠡᠩ᠎ᠤᠨ ᠲᠥᠯᠥᠪᠵᠢᠭᠦᠯᠭᠡ ᠵᠢᠷᠤᠭ ᠲᠥᠯᠥᠪᠯᠡᠭᠡᠨ᠎ᠤ ᠲᠠᠰᠤᠭ᠎ᠤᠨ ᠡᠷᠬᠢᠯᠡᠭᠴᠢ ᠬᠠᠨ ᠰᠢᠶᠤᠤ ᠳ᠋ᠦᠩ ᠬᠠᠮᠲᠤ᠎ᠪᠠᠷ ᠨᠠᠨ ᠮᠣ᠌ ᠣᠢ ᠰᠢᠭᠤᠢ ᠵᠢᠨ ᠲᠤᠪᠴᠢᠶᠠᠨ᠎ᠠᠴᠠ ᠦᠷᠨᠢᠭᠦᠯᠦᠭᠰᠡᠨ 2017 ᠣᠨ᠎ᠤ ᠪᠠᠢ᠌ᠭ᠋ᠠᠯᠢᠯᠢᠭ ᠣᠢ ᠵᠢ ᠬᠠᠮᠠᠭ᠋ᠠᠯᠠᠬᠤ ᠬᠣᠶᠠᠳᠤᠭ᠋ᠠᠷ ᠬᠤᠭᠤᠴᠠᠭ᠋ᠠᠨ᠎ᠤ ᠬᠢᠨᠠᠨ ᠪᠠᠶ᠋ᠢᠴᠠᠭ᠋ᠠᠬᠤ ᠠᠵᠢᠯ᠎ᠳᠤ ᠭᠦᠨᠵᠡᠭᠡᠶ᠋ᠢᠷᠡᠭᠰᠡᠨ ᠪᠥᠭᠡᠳ ᠬᠢᠨᠠᠨ ᠪᠠᠶ᠋ᠢᠴᠠᠭ᠋ᠠᠬᠤ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ᠃ ᠨᠠᠨ ᠮᠤ᠌ ᠣᠢ ᠰᠢᠭᠣᠢ ᠵᠢᠨ ᠲᠣᠪᠴᠢᠶᠠᠨ᠎ᠤ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠢᠨ ᠬᠤᠩ ᠵᠢᠴᠢ ᠬᠣᠯᠪᠣᠭᠳᠠᠯ ᠪᠦᠬᠦᠢ ᠬᠥᠮᠦᠰ ᠡᠨᠡ ᠣᠳᠠᠭ᠋ᠠᠨ᠎ᠤ ᠬᠢᠨᠠᠨ ᠪᠠᠢ᠌ᠴᠠᠭ᠋ᠠᠬᠤ ᠠᠵᠢᠯ᠎ᠳᠤ ᠣᠷᠣᠯᠴᠠᠵᠠᠢ᠃
ᠶᠠᠷᠢᠯᠴᠠᠬᠤ ᠬᠤᠷᠠᠯ ᠳᠡᠭᠡᠷ᠎ᠡ᠂ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠡᠨᠡ ᠤᠳᠠᠭ᠋ᠠᠨ᠎ᠤ ᠬᠢᠨᠠᠨ ᠪᠠᠶ᠋ᠢᠴᠠᠭ᠋ᠠᠬᠤ ᠠᠭᠤᠯᠭ᠎ᠠ ᠵᠢᠴᠢ ᠬᠢᠨᠠᠨ ᠪᠠᠶ᠋ᠢᠴᠠᠭ᠋ᠠᠬᠤ ᠬᠡᠯᠪᠡᠷᠢ᠎ᠳᠤ ᠲᠣᠳᠣᠷᠬᠠᠶ᠋ᠢᠯᠠᠯᠲᠠ ᠬᠢᠵᠦ᠂ ᠬᠢᠨᠠᠨ ᠪᠠᠶ᠋ᠢᠴᠠᠭ᠋ᠠᠬᠤ ᠠᠵᠢᠯ᠎ᠨᠢ ᠭᠣᠣᠯᠳᠠᠭᠣ ᠤᠢ ᠰᠢᠭᠤᠶ ᠵᠢ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ ᠪᠤᠲᠠᠲᠠᠢ᠌ᠵᠢᠭᠤᠯᠵᠣ᠂ ᠬᠠᠮᠢᠶᠠᠷᠴᠤ ᠬᠠᠮᠠᠭ᠋ᠠᠯᠠᠬᠤ ᠴᠢᠳᠠᠪᠤᠷᠢ ᠵᠢᠨ ᠪᠦᠲᠦᠭᠡᠨ ᠪᠠᠶ᠋ᠢᠭᠤᠯᠣᠯᠲᠠ ᠪᠠ ᠬᠦᠴᠦᠨ᠎ᠲᠠᠢ ᠬᠤᠭᠤᠴᠠᠭ᠎ᠠ ᠵᠡᠷᠭᠡ ᠪᠠᠶ᠋ᠢᠳᠠᠯ᠎ᠢ ᠬᠢᠨᠠᠨ ᠪᠠᠶ᠋ᠢᠴᠠᠭ᠋ᠠᠵᠣ᠂ ᠤᠢ ᠰᠢᠭᠤᠶ ᠵᠢ ᠪᠣᠶ᠋ᠢᠵᠢᠭᠤᠯᠬᠤ ᠳᠤᠮᠳᠠ ᠤᠢ ᠰᠢᠭᠤᠶ ᠵᠢᠨ ᠪᠣᠶ᠋ᠢᠵᠢᠭᠤᠯᠣᠯᠲᠠ᠂ ᠤᠢ ᠰᠢᠭᠤᠶ ᠵᠢᠨ ᠥᠭᠡᠷᠡᠴᠢᠯᠡᠯᠲᠡ ᠵᠢ ᠪᠡᠶᠡᠯᠡᠭᠦᠯᠦᠭᠰᠡᠨ ᠪᠠᠶ᠋ᠢᠳᠠᠯ ᠪᠠ ᠪᠣᠳᠠᠲᠠᠶ ᠦᠷ᠎ᠡ ᠪᠦᠲᠦᠮᠵᠢ ᠵᠡᠷᠭᠡ ᠪᠠᠶ᠋ᠢᠳᠠᠯ᠂ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠠᠵᠢᠯᠳᠠᠨ ᠠᠵᠢᠯᠴᠢᠨ᠎ᠤ ᠣᠳᠣᠬᠢ ᠪᠠᠶ᠋ᠢᠳᠠᠯ᠂ ᠠᠵᠢᠯ ᠣᠯᠭᠣᠯᠲᠠ ᠪᠠ ᠣᠷᠣᠯᠭ᠎ᠠ ᠵᠢᠨ ᠪᠠᠶ᠋ᠢᠳᠠᠯ ᠵᠡᠷᠭᠡ ᠨᠠᠢ᠍ᠮᠠᠨ ᠲᠠᠯ᠎ᠠ ᠵᠢᠨ ᠠᠭᠤᠯᠭ᠎ᠠ ᠵᠢ ᠬᠠᠷᠭᠤᠭᠤᠯᠤᠨ ᠪᠠᠶ᠋ᠢᠴᠠᠭ᠋ᠠᠪᠠ᠃ ᠡᠨᠡ ᠤᠳᠠᠭ᠎ᠠ ᠬᠢᠨᠠᠨ ᠪᠠᠶ᠋ᠢᠴᠠᠭ᠋ᠠᠬᠤ ᠠᠵᠢᠯ᠎ᠢ ᠭᠠᠳᠠᠭ᠋ᠠᠳᠣ ᠮᠡᠷᠭᠡᠵᠢᠯ᠎ᠤᠨ ᠬᠡᠭᠡᠷ᠎ᠡ ᠵᠢᠨ ᠠᠵᠢᠯ ᠵᠶ᠋ᠠᠷ ᠳᠠᠮᠵᠢᠭᠤᠯᠤᠨ ᠲᠤᠬᠠᠶ ᠵᠢᠨ ᠭᠠᠵᠠᠷ᠎ᠤᠨ ᠪᠠᠶ᠋ᠢᠴᠠᠭ᠋ᠠᠯᠲᠠ ᠬᠢᠵᠦ᠂ ᠳᠣᠲᠣᠭ᠋ᠠᠳᠤ ᠮᠡᠷᠭᠡᠵᠢᠯ᠎ᠤᠨ ᠬᠣᠯᠪᠣᠭᠳᠠᠯ ᠪᠦᠬᠦᠢ ᠮᠠᠲ᠋ᠧᠷᠢᠶᠠᠯ᠎ᠢ ᠪᠠᠶ᠋ᠢᠴᠠᠭ᠋ᠠᠨ ᠯᠠᠪᠯᠠᠬᠤ ᠵᠡᠷᠭᠡ ᠠᠷᠭ᠎ᠠ ᠮᠠᠶᠢᠭ ᠵᠶ᠋ᠠᠷ ᠬᠢᠪᠡ᠃
ᠵᠢᠨ ᠬᠣᠩ ᠨᠠᠨ ᠮᠣ᠌ ᠣᠢ ᠰᠢᠭᠤᠢ ᠵᠢᠨ ᠲᠣᠪᠴᠢᠶ᠎ᠠ ᠵᠢᠨ ᠦᠨᠳᠦᠰᠦᠨ ᠪᠠᠶ᠋ᠢᠳᠠᠯ᠂ ᠣᠯᠤᠭᠰᠠᠨ ᠠᠮᠵᠢᠯᠲᠠ᠂ ᠣᠷᠣᠰᠢᠵᠤ ᠪᠠᠶ᠋ᠢᠭ᠎ᠠ ᠠᠰᠠᠭᠤᠳᠠᠯ ᠪᠣᠯᠤᠨ ᠰᠠᠨᠠᠭᠤᠯᠭ᠎ᠠ᠎ᠳᠤ ᠨᠠᠷᠢᠨ ᠬᠠᠷᠢᠭᠤ ᠮᠡᠳᠡᠭᠦᠯᠦᠯᠲᠡ ᠬᠢᠭᠰᠡᠨ ᠪᠠᠶ᠋ᠢᠨ᠎ᠠ᠃ ᠪᠤᠯᠠᠭ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠪᠠᠢ᠌ᠭ᠋ᠠᠯᠢᠯᠢᠭ ᠣᠢ ᠵᠢ ᠬᠠᠮᠠᠭ᠋ᠠᠯᠠᠬᠤ ᠲᠣᠪᠴᠢᠶ᠎ᠠ ᠵᠢᠨ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠥᠷᠨᠢᠭᠦᠯᠦᠭᠰᠡᠨ ᠪᠠᠶ᠋ᠢᠳᠠᠯ᠎ᠢ ᠳᠡᠭᠡᠳᠦ ᠬᠡᠮᠵᠢᠶ᠎ᠡ᠎ᠪᠠᠷ ᠮᠡᠳᠡᠷᠡᠭᠰᠡᠨ ᠪᠥᠭᠡᠳ ᠳᠤᠷᠠᠳᠴᠤ ᠭᠠᠷᠭ᠋ᠠᠭᠰᠠᠨ ᠠᠰᠠᠭᠤᠳᠠᠯ᠎ᠳᠤ ᠨᠠᠷᠢᠨ ᠲᠣᠳᠣᠷᠬᠠᠶ ᠲᠠᠢ᠌ᠯᠪᠤᠷᠢᠯᠠᠯᠲᠠ ᠬᠢᠵᠦ᠂ ᠪᠠᠢ᠌ᠭ᠋ᠠᠯᠢᠯᠢᠭ ᠣᠢ ᠵᠢ ᠬᠠᠮᠠᠭ᠋ᠠᠯᠠᠬᠤ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠲᠠᠪᠤᠨ ᠵᠣᠷᠪᠣᠰ ᠲᠦᠷᠦ ᠵᠢᠨ ᠪᠤᠳᠤᠯᠭ᠎ᠠ᠎ᠳᠤ ᠤᠯᠠᠮ ᠨᠢᠭᠡ ᠠᠯᠬᠤᠮ ᠲᠣᠳᠣᠷᠬᠠᠶ᠋ᠢᠯᠠᠯᠲᠠ ᠬᠢᠵᠡᠢ᠃ ᠪᠤᠯᠠᠭ ᠱᠠᠭ᠋ᠠᠷᠳᠠᠭᠰᠠᠨ᠎ᠨᠢ᠄ ᠡᠨᠡ ᠤᠳᠠᠭ᠎ᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠶᠠᠰᠤ ᠴᠢᠨᠠᠷ᠎ᠢ ᠦᠨᠡᠨᠬᠦ ᠪᠠᠲᠤᠯᠠᠵᠤ᠂ ᠴᠢᠩᠭ᠎ᠠ ᠬᠢᠨᠠᠨ ᠪᠠᠶ᠋ᠢᠴᠠᠭ᠋ᠠᠬᠤ ᠠᠵᠢᠯ᠎ᠤᠨ ᠡᠭᠦᠷᠭᠡ ᠪᠠ ᠱᠠᠭ᠋ᠠᠷᠳᠠᠯᠭ᠎ᠠ ᠶᠣᠰᠣᠭ᠋ᠠᠷ ᠠᠵᠢᠯ ᠵᠶ᠋ᠠᠨ ᠥᠷᠨᠢᠭᠦᠯᠬᠦ ᠪᠥᠭᠡᠳ ᠲᠤᠰ ᠰᠠᠷ᠎ᠠ ᠵᠢᠨ ᠰᠡᠭᠦᠯᠴᠢ᠎ᠪᠠᠷ ᠡᠨᠡ ᠬᠦ᠌ ᠠᠵᠢᠯ ᠵᠶ᠋ᠠᠨ ᠪᠡᠶᠡᠯᠡᠭᠦᠯᠦᠨ᠎ᠡ᠃
ᠵᠢᠨ ᠬᠣᠩ᠎ᠠᠴᠠ ᠢᠯᠡᠳᠭᠡᠭᠰᠡᠨ᠎ᠨᠢ᠂ ᠡᠨᠡ ᠤᠳᠠᠭ᠎ᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠲᠣᠬᠢᠶᠠᠯ᠎ᠢ ᠨᠠᠨᠳᠢᠩᠨᠠᠵᠤ᠂ ᠬᠢᠨᠠᠨ ᠪᠠᠶ᠋ᠢᠴᠠᠭ᠋ᠠᠬᠤ ᠳᠣᠭᠣᠢ᠌ᠯᠠᠩ᠎ᠤᠨ ᠦᠷᠨᠢᠭᠦᠯᠦᠭᠰᠡᠨ ᠠᠵᠢᠯ᠎ᠢ ᠢᠳᠡᠪᠬᠢᠲᠡᠶ᠎ᠪᠠᠷ ᠬᠠᠮᠵᠢᠯᠴᠠᠨ᠂ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠤᠷᠠᠳᠤᠨ ᠭᠠᠷᠭ᠋ᠠᠬᠰᠠᠨ ᠠᠰᠠᠭᠤᠳᠠᠯ᠎ᠢ ᠴᠠᠭ ᠲᠤᠬᠠᠶ᠎ᠳᠤᠨᠢ ᠴᠡᠭᠴᠡᠯᠡᠨ ᠵᠠᠰᠠᠵᠣ᠂ ᠡᠨᠡ ᠤᠳᠠᠭ᠋ᠠᠨ᠎ᠤ ᠬᠢᠨᠠᠨ ᠪᠠᠶ᠋ᠢᠴᠠᠭ᠋ᠠᠬᠤ ᠠᠵᠢᠯ ᠵᠶ᠋ᠠᠷ ᠠᠵᠠ ᠲᠣᠬᠢᠶᠠᠯ ᠪᠣᠯᠭ᠋ᠠᠵᠤ᠂ ᠨᠠᠨ ᠮᠣ᠌ ᠣᠢ ᠰᠢᠭᠤᠢ ᠵᠢᠨ ᠲᠤᠪᠴᠢᠶ᠎ᠠ ᠵᠢᠨ ᠪᠠᠢ᠌ᠭ᠋ᠠᠯᠢᠯᠢᠭ ᠣᠢ ᠵᠢ ᠬᠠᠮᠠᠭ᠋ᠠᠯᠠᠬᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠠᠬᠢᠨ ᠨᠢᠭᠡᠨ ᠰᠢᠨ᠎ᠡ ᠳᠡᠭᠲᠡᠷ᠎ᠲᠤ ᠭᠠᠷᠭ᠋ᠠᠶᠠ᠃
