ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ
ᠰᠦᠯᠵᠢᠶᠡᠨ᠎ᠤ 6 ᠰᠠᠷ᠎ᠠ ᠵᠢᠨ 22᠎ᠤᠨ ᠡᠳᠦᠷ᠎ᠤᠨ ᠮᠡᠳᠡᠭᠡ
2018 ᠤᠨ᠎ᠤ 6 ᠰᠠᠷ᠎ᠠ 19᠎ᠤ ᠡᠳᠦᠷ (ᠪᠢᠯᠢᠭ᠎ᠤᠨ ᠣᠯᠠᠷᠢᠯ᠎ᠤᠨ ᠲᠠᠪᠤᠨ ᠰᠠᠷ᠎ᠠ ᠵᠢᠨ ᠵᠢᠷᠭᠤᠭ᠋ᠠᠨ᠎ᠤ ᠡᠳᠦᠷ) ᠂ ᠰᠢᠯᠤᠭᠤᠨ ᠬᠦᠬᠡ ᠬᠣᠰᠢᠭᠤᠨ᠎ᠤ ᠱᠠᠩᠳᠤ ᠭᠣᠣᠯ᠎ᠤᠨ ᠤᠯᠤᠰ᠎ᠤᠨ ᠨᠣᠭᠣ ᠭᠠᠵᠠᠷ᠎ᠤᠨ ᠴᠡᠴᠡᠷᠯᠢᠭ᠎ᠤᠨ ᠬᠠᠮᠢᠶᠠᠷᠤᠯᠲᠠ ᠵᠢᠨ ᠲᠣᠪᠴᠢᠶ᠎ᠠ᠎ᠠᠴᠠ ᠰᠢᠯᠤᠭᠤᠨ ᠬᠥᠬᠡ ᠬᠤᠰᠢᠭᠣᠨᠤ ᠣᠪᠣᠭ᠋ᠠᠨ ᠳᠠᠬᠢᠯᠭ᠎ᠠ ᠵᠢ ᠠᠰᠢᠭᠯᠠᠵᠣ ᠨᠤᠭᠤ ᠭᠠᠵᠠᠷ᠎ᠢ ᠬᠠᠮᠠᠭ᠋ᠠᠯᠠᠬᠤ ᠤᠬᠠᠭᠤᠯᠭ᠎ᠠ ᠵᠢ ᠥᠷᠨᠢᠭᠦᠯᠪᠡ᠃ 5000 ᠤᠬᠠᠭᠤᠯᠭ᠎ᠠ ᠵᠢᠨ ᠬᠠᠭᠤᠳᠠᠰᠤ᠂ 5000 ᠬᠤᠪᠢ ᠣᠬᠠᠭᠣᠯᠭ᠎ᠠ ᠵᠢᠨ ᠲᠡᠪᠲᠡᠷ᠂ 5000 ᠳᠤᠷᠠᠰᠬᠠᠯ᠎ᠤᠨ ᠡᠳ᠋ ᠲᠠᠷᠬᠠᠭ᠋ᠠᠪᠠ᠃ ᠡᠨᠡ ᠬᠦ᠌ ᠠᠵᠢᠯᠯᠠᠭ᠎ᠠ᠎ᠨᠢ ᠠᠷᠠᠳ ᠨᠡᠶ᠋ᠢᠲᠡ ᠵᠢᠨ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠴᠢᠬᠤᠯᠠ ᠴᠢᠨᠠᠷ᠎ᠢ ᠠᠩᠬᠠᠷᠴᠣ ᠪᠠᠢ᠌ᠭ᠎ᠠ ᠣᠬᠠᠮᠰᠠᠷ᠎ᠢ ᠳᠠᠬᠢᠨᠲᠠ ᠳᠡᠭᠡᠭᠰᠢᠯᠡᠭᠦᠯᠪᠡ᠃ ᠠᠵᠢᠯᠯᠠᠭ᠋ᠠᠨ᠎ᠤ ᠲᠠᠯᠠᠪᠤᠷ᠎ᠲᠤ ᠬᠦᠷᠦᠯᠴᠡᠨ ᠢᠷᠡᠵᠦ ᠤᠬᠠᠭᠤᠯᠭ᠎ᠠ ᠵᠢᠨ ᠮᠠᠲ᠋ᠧᠷᠢᠶᠠᠯ ᠠᠪᠤᠭᠰᠠᠨ ᠤᠯᠠᠨ ᠲᠦᠮᠡᠨ᠎ᠠᠴᠠ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠬᠠᠯᠠᠭᠤᠨ ᠰᠡᠳᠬᠢᠯᠭᠡ᠎ᠪᠠᠨ ᠢᠯᠡᠷᠡᠭᠦᠯᠵᠦ᠂ ᠡᠶ᠋ᠢᠮᠦᠷᠬᠦ ᠠᠵᠢᠯᠯᠠᠭ᠎ᠠ ᠵᠢ ᠣᠯᠠᠨᠲᠠ ᠥᠷᠨᠢᠭᠦᠯᠬᠦ᠎ᠨᠢ ᠪᠦᠬᠦ ᠠᠷᠠᠳ ᠵᠶ᠋ᠠᠷ ᠵᠶ᠋ᠠᠨ ᠴᠢᠭᠢᠭᠯᠢᠭ ᠭᠠᠵᠠᠷ᠎ᠢ ᠬᠠᠮᠠᠭ᠋ᠠᠯᠠᠬᠤ ᠠᠵᠢᠯᠯᠠᠭ᠎ᠠ᠎ᠳᠤ ᠣᠷᠣᠯᠴᠠᠬᠤ᠎ᠳᠤ ᠠᠰᠢᠭᠲᠠᠶ ᠶᠤᠮ ᠭᠡᠵᠤ ᠦᠵᠡᠵᠦ ᠪᠤᠢ᠃