ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠠᠭ᠋ᠠᠨᠬᠠᠳᠠ ᠬᠣᠲᠠ ᠵᠢᠨ ᠤᠢ ᠰᠢᠭᠤᠶ ᠵᠢᠨ ᠡᠯᠡᠰᠦ ᠵᠠᠰᠠᠬᠤ ᠦᠷᠲᠡᠭᠡ ᠵᠢᠨ ᠨᠠᠮ᠎ᠤᠨ ᠡᠭᠦᠷ᠎ᠤᠨ ᠺᠤᠮᠢᠰ ᠪᠠ ᠶᠤᠸᠠᠨ ᠪᠦᠦ ᠱᠠᠨ ᠲᠣᠭᠣᠷᠢᠭ᠎ᠤᠨ ᠹᠧᠩ ᠱᠦᠢ ᠭᠧᠤ ᠪᠠᠯᠭ᠋ᠠᠰᠤᠨ᠎ᠤ ᠳ᠋ᠠ ᠪᠸᠢ ᠬᠠᠢ ᠲᠤᠰᠬᠤᠨ ᠬᠠᠮᠳᠤᠷᠠᠨ 《ᠨᠠᠮ᠎ᠤᠨ ᠡᠬᠦᠷ᠎ᠢ ᠬᠠᠮᠲᠤ ᠪᠠᠶ᠋ᠢᠭᠤᠯᠵᠤ ᠬᠠᠮᠲᠤ᠎ᠪᠠᠷ ᠴᠤᠭᠴᠠᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠬᠦ》 ᠬᠡᠬᠦ ᠠᠵᠢᠯᠯᠠᠭ᠎ᠠ ᠵᠢ ᠦᠷᠨᠢᠬᠦᠯᠵᠦ ᠪᠤᠢ
ᠨᠡᠶ᠋ᠢᠲᠡᠯᠡᠭᠰᠡᠨ ᠴᠠᠭ᠄ 2018-09-10

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                  ᠰᠦᠯᠵᠢᠶ᠎ᠡ ᠵᠢᠨ 7 ᠰᠠᠷ᠎ᠠ ᠵᠢᠨ 4᠎ᠤ ᠡᠳᠦᠷ᠎ᠤᠨ ᠮᠡᠳᠡᠭᠡ  
     6 ᠰᠠᠷ᠎ᠠ ᠵᠢᠨ 26᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠠᠭ᠋ᠠᠨᠬᠠᠳᠠ ᠬᠣᠲᠠ ᠵᠢᠨ ᠤᠢ ᠰᠢᠭᠤᠶ ᠵᠢᠨ ᠡᠯᠡᠰᠦ ᠵᠠᠰᠠᠬᠤ ᠦᠷᠲᠡᠭᠡ ᠵᠢᠨ ᠨᠠᠮ᠎ᠤᠨ ᠡᠭᠦᠷ᠎ᠤᠨ ᠺᠤᠮᠢᠰ ᠪᠦᠬᠦ ᠨᠠᠮ᠎ᠤᠨ ᠬᠡᠰᠢᠭᠦᠳ᠎ᠢ ᠵᠤᠬᠢᠶᠠᠨ ᠪᠠᠢ᠌ᠭᠤᠯᠤᠨ᠂ ᠶᠤᠸᠠᠨ ᠪᠦᠦ ᠱᠠᠨ ᠲᠣᠭᠣᠷᠢᠭ᠎ᠤᠨ ᠹᠧᠩ ᠱᠦᠢ ᠭᠧᠤ ᠪᠠᠯᠭ᠋ᠠᠰᠤᠨ᠎ᠤ ᠳ᠋ᠠ ᠪᠸᠢ ᠬᠠᠢ ᠲᠤᠰᠬᠤᠨ᠎ᠳᠤ ᠢᠷᠡᠵᠦ᠂ ᠭᠠᠴᠠᠭ᠋ᠠᠨ᠎ᠤ ᠨᠠᠮ᠎ᠤᠨ ᠡᠭᠦᠷ᠎ᠲᠠᠢ ᠬᠠᠮᠲᠤ᠎ᠪᠠᠷ 《ᠨᠠᠮ᠎ᠤᠨ ᠡᠬᠦᠷ᠎ᠢ ᠬᠠᠮᠲᠤ ᠪᠠᠶ᠋ᠢᠭᠤᠯᠵᠤ ᠬᠠᠮᠲᠤ᠎ᠪᠠᠷ ᠴᠤᠭᠴᠠᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠠᠮᠠᠶ᠎ᠠ》 ᠪᠠ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 97 ᠵᠢᠯ᠎ᠤᠨ ᠤᠢ ᠵᠢ ᠳᠤᠷᠠᠰᠬᠠᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠠ᠃
      ᠠᠵᠢᠯᠯᠠᠭ᠎ᠠ ᠵᠢᠨ ᠳᠤᠮᠳᠠ᠂ ᠡᠯᠡᠰᠦ ᠵᠠᠰᠠᠬᠤ ᠦᠷᠲᠡᠭᠡ ᠵᠢᠨ ᠨᠠᠮ᠎ᠤᠨ ᠡᠭᠦᠷ᠎ᠤᠨ ᠱᠦᠵᠢ ᠯᠢᠦᠶ ᠵᠢᠩ ᠬᠤᠢ᠂ ᠪᠦᠬᠦ ᠨᠠᠮ᠎ᠤᠨ ᠭᠡᠰᠢᠭᠦᠳ᠎ᠢ ᠳᠠᠭ᠋ᠠᠭᠤᠯᠤᠨ ᠳ᠋ᠠ ᠪᠸᠢ ᠬᠠᠢ ᠲᠤᠰᠬᠤᠨ᠎ᠤ ᠨᠠᠮ᠎ᠤᠨ ᠡᠬᠦᠷ᠎ᠤᠨ ᠪᠠᠶ᠋ᠢᠭᠤᠯᠤᠯᠲᠠ ᠵᠢᠨ ᠪᠠᠶ᠋ᠢᠳᠠᠯ ᠪᠣᠯᠤᠨ ᠲᠣᠰᠬᠣᠨ᠎ᠤ ᠠᠵᠤ ᠦᠢ᠍ᠯᠡᠰ ᠎ᠤᠨ ᠬᠥᠭᠵᠢᠯᠲᠡ ᠵᠢᠨ ᠪᠠᠶ᠋ᠢᠳᠠᠯ᠎ᠢ ᠲᠤᠭᠤᠷᠢᠨ ᠦᠵᠡᠵᠦ᠂ ᠭᠠᠴᠠᠭ᠋ᠠᠨ᠎ᠤ ᠨᠠᠮ᠎ᠤᠨ ᠡᠭᠦᠷ᠎ᠲᠠᠢ ᠦᠨᠳᠦᠰᠦᠨ ᠱᠠᠲᠤᠨ᠎ᠤ ᠨᠠᠮ᠎ᠤᠨ ᠡᠭᠦᠷ᠎ᠢ ᠬᠠᠮᠲᠤ ᠪᠠᠢ᠌ᠭᠤᠯᠵᠦ᠂ ᠬᠠᠮᠲᠤ᠎ᠪᠠᠷ ᠴᠤᠭᠴᠠᠯᠠᠬᠤ᠂ ᠤᠢ ᠰᠢᠭᠤᠶ ᠵᠢᠨ ᠠᠵᠤ ᠦᠢ᠍ᠯᠡᠰ ᠵᠶ᠋ᠡᠷ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠬᠦ ᠵᠢ ᠠᠬᠢᠭᠤᠯᠬᠤ ᠵᠡᠷᠭᠡ ᠠᠭᠤᠯᠭ᠎ᠠ᠎ᠶᠢ ᠶᠠᠷᠢᠯᠴᠠᠭᠰᠠᠨ ᠪᠦᠭᠡᠳ ᠭᠠᠴᠠᠭ᠋ᠠᠨ᠎ᠤ ᠨᠠᠮ᠎ᠤᠨ ᠡᠭᠦᠷ᠎ᠲᠤ ᠨᠠᠮ᠎ᠤᠨ ᠪᠠᠶ᠋ᠢᠭᠤᠯᠤᠯᠲᠠ ᠪᠣᠯᠤᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠡᠷᠭᠡ ᠠᠭᠤᠯᠭ᠎ᠠ ᠪᠦᠬᠦᠢ ᠨᠣᠮ ᠪᠢᠴᠢᠭ ᠬᠦᠷᠭᠡᠭᠰᠡᠨ ᠪᠠᠶ᠋ᠢᠨ᠎ᠠ᠃
      ᠬᠡᠰᠡᠭ ᠬᠤᠭᠤᠴᠠᠭ᠋ᠠᠨ᠎ᠤ ᠲᠤᠷᠰᠢ᠂ ᠬᠤᠳᠠ ᠵᠢᠨ ᠤᠢ ᠰᠢᠭᠤᠶ ᠵᠢᠨ ᠡᠯᠡᠰᠦ ᠵᠠᠰᠠᠬᠤ ᠦᠷᠲᠡᠭᠡ ᠵᠢᠨ ᠨᠠᠮ᠎ᠤᠨ ᠡᠭᠦᠷ ᠲᠤᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠬᠤ ᠲᠡᠭᠡᠷ᠎ᠡ ᠬᠦᠴᠦ ᠲᠠᠯᠪᠢᠵᠦ᠂ ᠶᠠᠳᠠᠭᠤ ᠵᠢ ᠲᠡᠳᠬᠦᠬᠦ ᠪᠡᠷᠬᠡ ᠰᠡᠳᠦᠪ᠎ᠢ ᠰᠢᠢᠳᠪᠦᠷᠢᠯᠡᠬᠦ ᠪᠠ ᠬᠥᠳᠡᠭᠡ ᠲᠣᠰᠬᠣᠨ᠎ᠢ ᠬᠥᠭᠵᠢᠭᠦᠯᠬᠦ ᠠᠵᠤ ᠦᠢ᠍ᠯᠡᠰ᠎ᠲᠤ ᠢᠳᠡᠪᠬᠢᠲᠡᠶ ᠣᠷᠣᠯᠴᠠᠵᠤ᠂ ᠶᠤᠸᠠᠨ ᠪᠦᠦ ᠱᠠᠨ ᠲᠣᠭᠣᠷᠢᠭ᠎ᠤᠨ ᠹᠧᠩ ᠱᠦᠢ ᠭᠧᠤ ᠪᠠᠯᠭ᠋ᠠᠰᠤᠨ᠎ᠤ ᠳ᠋ᠠ ᠪᠸᠢ ᠬᠠᠢ ᠲᠤᠰᠬᠤᠨ᠎ᠲᠠᠢ ᠠᠮᠢ ᠠᠬᠤᠶ ᠵᠢᠨ ᠠᠵᠤ ᠦᠢ᠍ᠯᠡᠰ᠎ᠤᠨ ᠬᠦᠷᠢᠶᠡᠨ᠎ᠳᠤ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ ᠡᠯᠡᠰᠦ ᠵᠢ ᠵᠠᠰᠠᠬᠤ ᠦᠷᠲᠡᠭᠡ ᠵᠢᠨ ᠨᠠᠮ᠎ᠤᠨ ᠡᠭᠦᠷ᠎ᠨᠢ ᠳ᠋ᠠ ᠪᠸᠢ ᠬᠠᠢ ᠲᠤᠰᠬᠤᠨ᠎ᠤ ᠬᠥᠭᠵᠢᠯᠲᠡ ᠵᠢᠨ ᠪᠣᠳᠠᠲᠤ ᠬᠡᠷᠡᠭᠴᠡᠭᠡ ᠵᠢ ᠦᠨᠳᠦᠰᠦᠯᠡᠵᠦ᠂ ᠲᠦᠷᠦ ᠵᠢᠨ ᠪᠤᠳᠤᠯᠭ᠎ᠠ ᠪᠠ ᠮᠡᠷᠭᠡᠵᠢᠯ᠎ᠤᠨ ᠲᠠᠯ᠎ᠠ᠎ᠪᠠᠷ ᠵᠦᠢ ᠵᠣᠬᠢᠰᠲᠠᠶ ᠳᠡᠮᠵᠢᠯᠭᠡ ᠦᠵᠡᠬᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠲᠣᠰᠬᠣᠨ᠎ᠤ ᠠᠮᠢ ᠠᠬᠤᠶ ᠵᠢᠨ ᠠᠵᠤ ᠦᠢ᠍ᠯᠡᠰ᠎ᠤᠨ ᠬᠥᠭᠵᠢᠨ ᠪᠤᠵᠠᠭ᠋ᠠᠢ᠌ᠷᠠᠬᠤ᠎ᠳᠤ ᠲᠤᠰᠠᠯᠠᠵᠦ᠂ ᠲᠤᠬᠠᠶ ᠵᠢᠨ ᠭᠠᠵᠠᠷ᠎ᠤᠨ ᠲᠣᠰᠬᠣᠨ᠎ᠤ ᠠᠷᠠᠳ᠎ᠲᠤ ᠠᠰᠢᠭ ᠬᠦᠷᠳᠡᠭᠡᠯ ᠤᠯᠭᠤᠪᠠ᠃

ᠢᠷᠡᠯᠲᠡ᠄ ᠤᠯᠠᠭ᠋ᠠᠨᠬᠠᠳᠠ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ ᠬᠣᠲᠠ ᠵᠢᠨ ᠬᠠᠭᠤᠴᠢᠨ ᠪᠠᠷᠭᠤ ᠬᠣᠰᠢᠭᠤᠨ᠎ᠤ ᠣᠶ ᠰᠢᠭᠤᠶ ᠵᠢᠨ ᠲᠣᠪᠴᠢᠶᠠᠨ᠎ᠤ ᠭᠠᠯ ᠰᠡᠷᠭᠡᠶ᠋ᠢᠯᠡᠯᠲᠡ ᠵᠢᠨ ᠵᠢᠯᠣᠭᠣᠳᠬᠤ ᠭᠠᠵᠠᠷ ᠣᠳᠣᠬᠠᠨ᠎ᠤ ᠭᠠᠯ ᠰᠡᠷᠭᠡᠶ᠋ᠢᠯᠡᠬᠦ ᠠᠵᠢᠯ᠎ᠢ ᠦᠨᠡᠨᠬᠦ ᠴᠢᠩᠭ᠋ᠠᠳᠬᠠᠬᠤ ᠲᠤᠬᠠᠢ ᠪᠠᠴᠢᠮ ᠬᠤᠷᠠᠯ ᠬᠤᠷᠠᠯᠳᠤᠭᠤᠯᠪᠠ
ᠬᠥᠬᠡᠬᠣᠲᠠ ᠵᠢᠨ ᠤᠢ ᠰᠢᠭᠤᠶ ᠵᠢᠨ ᠲᠣᠪᠴᠢᠶ᠎ᠠ 2017 ᠣᠨ᠎ᠤ ᠰᠢᠭᠤᠢ᠌ᠲᠤ ᠭᠠᠵᠠᠷ᠎ᠢ ᠦᠭᠡᠷᠡᠴᠢᠯᠡᠬᠦ ᠪᠠᠢ᠌ᠴᠠᠭ᠋ᠠᠯᠲᠠ ᠵᠢᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
ᠥᠪᠥᠷ ᠮᠣᠩᠭᠣᠯ᠎ᠤᠨ ᠳᠠᠯᠠᠨ ᠬᠠᠷ᠎ᠠ ᠠᠭᠤᠯᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠬᠦ ᠶᠡᠬᠡ ᠵᠢᠭᠰᠠᠭ᠋ᠠᠨ ᠪᠠᠶ᠋ᠢᠴᠠᠭ᠋ᠠᠯᠲᠠ ᠵᠢᠨ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠪᠡ
ᠰᠢᠯᠢ ᠵᠢᠨ ᠭᠣᠣᠯ ᠠᠶ᠋ᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠣᠶ ᠰᠢᠭᠤᠶ ᠵᠢᠨ ᠲᠣᠪᠴᠢᠶ᠎ᠡ ᠰᠢᠭᠤᠢ᠌ᠲᠤ ᠭᠠᠵᠠᠷ᠎ᠢ ᠦᠭᠡᠷᠡᠴᠢᠯᠡᠬᠦ ᠪᠡᠢ᠌ᠴᠠᠭ᠋ᠠᠯᠲᠠ ᠵᠢᠨ ᠠᠵᠢᠯ᠎ᠢ ᠥᠷᠨᠢᠭᠦᠯᠪᠡ
ᠪᠠᠶᠠᠨᠨᠠᠭᠤᠷ ᠬᠤᠳᠠ ᠤᠢ ᠰᠢᠭᠤᠶ ᠵᠢᠨ ᠡᠬᠢ ᠪᠠᠶᠠᠯᠢᠭ᠎ᠢ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠵᠢᠯ᠎ᠢ ᠯᠠᠪᠳᠠᠭᠣᠨ ᠲᠣᠭᠲᠠᠭᠤᠨ ᠵᠶ᠋ᠠᠷ ᠠᠬᠢᠭᠤᠯᠪᠠ
 
             蒙ICP备05000248号