ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠰᠢᠯᠢ ᠵᠢᠨ ᠭᠣᠣᠯ ᠠᠢ᠌ᠮᠠᠭ ᠤᠯᠤᠰ᠎ᠤᠨ ᠦᠮᠴᠢᠯᠡᠯᠲᠤ ᠤᠢ ᠰᠢᠭᠤᠶ ᠵᠢᠨ ᠲᠠᠯᠠᠪᠠᠢ᠎ᠳᠤ ᠪᠠᠶ᠋ᠢᠬᠤ ᠠᠵᠢᠯᠲᠠᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ ᠨᠢᠭᠡᠨᠲᠡ 98 %᠎ᠳᠤ ᠬᠦᠷᠴᠡᠶ
ᠨᠡᠶ᠋ᠢᠲᠡᠯᠡᠭᠰᠡᠨ ᠴᠠᠭ᠄ 2018-08-29

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ 6 ᠰᠠᠷ᠎ᠠ ᠵᠢᠨ 25᠎ᠤ ᠡᠳᠦᠷ᠎ᠤᠨ ᠮᠡᠳᠡᠭᠡ

      ᠡᠨᠡ ᠵᠢᠯ ᠪᠣᠯ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠣᠭᠰᠠᠨ ᠳᠥᠷᠪᠡᠳᠦᠭᠡᠷ ᠵᠢᠯ ᠪᠤᠯᠤᠨ᠎ᠠ᠂ ᠮᠥᠨ ᠴᠦ᠍ ᠤᠯᠤᠰ᠂ ᠥᠪᠡᠷᠲᠡᠭᠡᠨ ᠵᠠᠰᠠᠭ ᠣᠷᠣᠨ᠎ᠤ ᠪᠠᠶ᠋ᠢᠴᠠᠭ᠋ᠠᠨ ᠰᠢᠯᠭ᠋ᠠᠵᠤ ᠠᠪᠬᠤ ᠵᠠᠩᠭᠢᠯᠠᠭ᠎ᠠ ᠵᠢᠨ ᠵᠢᠯ ᠮᠥᠨ᠃ ᠠᠶ᠋ᠢᠮᠠᠭ᠎ᠤᠨ ᠨᠠᠮ᠎ᠤᠨ ᠬᠣᠷᠢᠶ᠎ᠠ᠂ ᠵᠠᠬᠢᠷᠭ᠎ᠠ ᠡᠨᠡ ᠬᠦ᠌ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠶ᠋ᠢᠨ᠎ᠠ᠃ 6 ᠰᠠᠷ᠎ᠠ ᠵᠢᠨ 8᠎ᠤ ᠡᠳᠦᠷ᠂ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠠᠵᠢᠯ᠎ᠤᠨ ᠲᠤᠬᠢᠷᠠᠭᠤᠯᠤᠯᠳᠠ ᠵᠢᠨ ᠬᠤᠷᠠᠯ᠎ᠢ ᠲᠤᠰᠬᠠᠶ᠋ᠢᠯᠠᠨ ᠬᠤᠷᠠᠯᠳᠤᠭᠤᠯᠵᠤ᠂ ᠪᠦᠬᠦ ᠠᠢ᠌ᠮᠠᠭ᠎ᠤᠨ ᠤᠯᠤᠰ᠎ᠤᠨ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠵᠢᠨ ᠠᠬᠢᠴᠠ ᠵᠢᠨ ᠪᠠᠶ᠋ᠢᠳᠠᠯ ᠪᠣᠯᠤᠨ ᠣᠷᠣᠰᠢᠵᠤ ᠪᠠᠶ᠋ᠢᠭ᠎ᠠ ᠠᠰᠠᠭᠤᠳᠠᠯ᠎ᠢ ᠵᠠᠷᠯᠠᠭᠰᠠᠨ   ᠪᠥᠭᠡᠳ ᠳᠠᠷᠠᠭ᠋ᠠᠴᠢ ᠵᠢᠨ ᠠᠯᠬᠤᠮ᠎ᠤᠨ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃ ᠣᠳᠣᠬᠠᠨ ᠪᠣᠯᠲᠠᠯ᠎ᠠ᠂ ᠪᠦᠬᠦ ᠠᠢ᠌ᠮᠠᠭ᠎ᠤᠨ ᠤᠯᠤᠰ᠎ᠤᠨ ᠥᠮᠴᠢᠯᠡᠯᠲᠤ ᠤᠢ ᠰᠢᠭᠤᠶ ᠵᠢᠨ ᠲᠠᠯᠠᠪᠠᠢ᠎ᠳᠤ ᠪᠣᠳᠠᠲᠠᠶ ᠪᠠᠶ᠋ᠢᠭ᠎ᠠ ᠬᠥᠮᠦᠨ᠎ᠤ ᠲᠣᠭ᠎ᠠ᠎ᠨᠢ 852᠂ ᠲᠡᠭᠦᠨ᠎ᠳᠤ᠄ 836 ᠬᠥᠮᠦᠨ᠎ᠨᠢ ᠨᠢᠭᠡᠨᠲᠡ ᠪᠦᠷ ᠨᠠᠰᠤᠵᠢᠯᠲᠡ ᠵᠢᠨ ᠳᠠᠭ᠋ᠠᠳᠬᠠᠯ᠎ᠳᠤ ᠣᠷᠣᠯᠴᠠᠵᠤ᠂ ᠳᠠᠭ᠋ᠠᠳᠬᠠᠯ᠎ᠳᠤ ᠣᠷᠣᠯᠴᠠᠭᠰᠠᠨ ᠨᠤᠷᠮ᠎ᠠ᠎ᠨᠢ 98%᠎ᠳᠤ ᠬᠦᠷᠴᠡᠶ  ; 838 ᠬᠥᠮᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠵᠤ᠂ ᠳᠠᠭ᠋ᠠᠳᠬᠠᠯ᠎ᠳᠤ ᠣᠷᠣᠯᠴᠠᠭᠰᠠᠨ ᠨᠤᠷᠮ᠎ᠠ᠎ᠨᠢ 98%᠎ᠳᠤ ᠬᠦᠷᠴᠡᠶ᠃ ᠤᠳᠤ ᠪᠠᠶ᠋ᠢᠭ᠎ᠠ 188 ᠠᠵᠢᠯᠯᠠᠵᠤ ᠪᠠᠶ᠋ᠢᠭ᠎ᠠ ᠠᠵᠢᠯᠲᠠᠨ ᠠᠵᠢᠯᠴᠢᠨ᠎ᠤ ᠳᠤᠮᠳᠠ ᠨᠢᠭᠡᠨᠲᠡ 138 ᠬᠥᠮᠦᠨ ᠭᠡᠷ ᠪᠠᠶ᠋ᠢᠰᠢᠩ᠎ᠤᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ᠎ᠲᠠᠢ ᠪᠠᠢ᠌ᠵᠤ᠂ ᠲᠤᠰᠢᠶᠠᠵᠤ ᠬᠠᠳᠠᠭ᠋ᠠᠯᠠᠭᠰᠠᠨ ᠨᠤᠷᠮ᠎ᠠ᠎ᠨᠢ 73 %᠎ᠲᠤ ᠬᠦᠷᠴᠦ ᠪᠤᠶ᠃

ᠢᠷᠡᠯᠲᠡ᠄ ᠰᠢᠯᠢ ᠵᠢᠨ ᠭᠣᠣᠯ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠪᠤᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠴᠢᠩᠱ᠌ᠠᠨ ᠠᠭᠤᠯᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠨᠠᠮ᠎ᠤᠨ ᠭᠡᠰᠢᠭᠦᠨ ᠺᠠᠳ᠋ᠷᠴᠣᠳ᠎ᠤᠨ ᠣᠨᠣᠯ ᠵᠶ᠋ᠠᠷ ᠵᠡᠪᠰᠡᠭᠯᠡᠬᠦ ᠰᠣᠷᠢᠯᠲᠠ ᠵᠢ ᠥᠷᠨᠢᠭᠦᠯᠪᠡ
ᠬᠥᠯᠥᠨ ᠪᠣᠢ᠌ᠷ ᠬᠤᠳᠠ ᠵᠢᠨ ᠨᠠᠨ ᠮᠣ᠌ ᠣᠢ ᠰᠢᠭᠤᠢ ᠵᠢᠨ ᠲᠣᠪᠴᠢᠶ᠎ᠠ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠪᠡᠯᠴᠢᠭᠡᠷᠯᠡᠭᠦᠯᠬᠦ ᠵᠢ ᠴᠠᠭ᠋ᠠᠵᠠᠯᠠᠨ ᠲᠠᠷᠢᠶᠠᠯᠠᠬᠤ ᠵᠢ ᠵᠤᠭᠰᠣᠭ᠋ᠠᠵᠣ ᠬᠣᠷᠢᠨ ᠪᠢᠲᠡᠭᠦᠮᠵᠢᠯᠡᠬᠦ ᠠᠵᠢᠯ᠎ᠢ ᠬᠦᠴᠦᠯᠡᠨ ᠠᠬᠢᠭᠤᠯᠪᠠ
ᠬᠦᠯᠦᠨ ᠪᠤᠢ᠌ᠷ᠎ᠤᠨ ᠵᠠᠯᠠᠨ ᠠᠶ᠋ᠢᠯ ᠬᠤᠳᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠰᠢᠭᠤᠶ᠋ᠢᠲᠤ ᠣᠷᠣᠨ᠎ᠤ ᠠᠮᠤᠷ ᠲᠦᠪᠰᠢᠨ ᠪᠤᠰᠤ ᠲᠠᠯᠳᠠ ᠭᠡᠮ᠎ᠢ ᠪᠦᠬᠦ ᠬᠦᠴᠦᠨ ᠵᠶ᠋ᠡᠷ ᠵᠶ᠋ᠡᠨ ᠵᠢᠭᠰᠠᠭ᠋ᠠᠨ ᠪᠠᠶ᠋ᠢᠴᠠᠭ᠋ᠠᠪᠠ
ᠫᠠᠺᠢᠰᠲ᠋ᠠᠨ᠎ᠳᠤ ᠬᠦᠨᠳᠦ ᠨᠤᠴᠢᠳᠠᠢ ᠰᠦᠷᠳᠡᠬᠦᠯᠦᠯ᠎ᠤᠨ ᠳᠠᠭ᠋ᠠᠷᠢᠯᠳᠠ ᠭᠠᠷᠣᠭᠰᠠᠨ ᠲᠤᠬᠠᠢ ᠰᠢ ᠵᠢᠨ ᠫᠢᠩ ᠫᠠᠺᠢᠰᠲ᠋ᠠᠨ᠎ᠤ ᠶᠡᠷᠦᠩᠭᠡᠢ᠌ᠯᠡᠭᠴᠢ ᠡᠾᠸᠦ᠋ᠰᠠᠢ᠌ᠨ᠎ᠳᠤ ᠲᠤᠬᠤᠨᠢᠭᠤᠯᠬᠤ ᠴᠠᠬᠢᠯᠭ᠋ᠠᠨ ᠴᠢᠮᠡᠭᠡ ᠢᠯᠡᠭᠡᠪᠡ
ᠹᠸᠩᠵᠸᠨ ᠬᠤᠳᠠ ᠵᠢᠨ ᠣᠢ ᠰᠢᠭᠤᠢ ᠵᠢᠨ ᠰᠡᠷᠭᠡᠶ᠋ᠢᠯᠡᠨ ᠵᠠᠰᠠᠬᠤ ᠥᠷᠲᠡᠭᠡ ᠤᠯᠤᠰ᠎ᠤᠨ ᠲᠡᠰ᠎ᠤᠨ ᠭᠣᠣᠯ ᠰᠢᠯᠭ᠋ᠠᠨ ᠮᠡᠳᠡᠭᠦᠯᠬᠦ ᠴᠡᠭ᠎ᠤᠨ ᠭᠣᠣᠯ ᠬᠢᠨᠠᠯᠲᠠ ᠵᠢᠨ ᠡᠲᠡᠭᠡᠳ ᠦᠬᠡᠷ ᠡᠷᠪᠡᠬᠡᠶ ᠵᠢ ᠬᠢᠨᠠᠨ ᠬᠡᠮᠵᠢᠬᠦ ᠪᠠᠶ᠋ᠢᠴᠠᠭ᠋ᠠᠯᠲᠠ ᠵᠢ ᠨᠠᠷᠢᠨ ᠬᠢᠨᠠᠮᠠᠭ᠋ᠠᠶ ᠥᠷᠨᠢᠭᠦᠯᠪᠡ
 
             蒙ICP备05000248号