ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ 6 ᠰᠠᠷ᠎ᠠ ᠵᠢᠨ 25᠎ᠤ ᠡᠳᠦᠷ᠎ᠤᠨ ᠮᠡᠳᠡᠭᠡ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮᠲᠤ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠬᠣ ᠵᠢᠨ ᠲᠦᠯᠦᠭᠡ᠂ ᠶᠡᠷᠦᠩᠬᠡᠶ ᠱᠦᠵᠢ ᠰᠢ ᠵᠢᠨ ᠫᠢᠩ᠎ᠤᠨ 《ᠪᠦᠬᠦ ᠨᠠᠮ᠎ᠳᠤ᠎ᠪᠠᠨ ᠨᠢᠭᠡᠨ ᠶᠡᠬᠡ ᠰᠣᠷᠣᠯᠴᠠᠯᠭ᠎ᠠ ᠶᠠᠪᠤᠭᠤᠯᠤᠶ᠎ᠠ》 ᠭᠡᠬᠦ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠬᠠᠶ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠬᠣᠰᠢᠭᠤ ᠵᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ 6 ᠰᠠᠷ᠎ᠠ ᠵᠢᠨ 21᠎ᠤ ᠡᠳᠦᠷ᠂ ᠴᠢᠩᠱ᠌ᠠᠨ ᠠᠭᠤᠯᠠ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠨᠠᠮ᠎ᠤᠨ ᠭᠡᠰᠢᠭᠦᠨ ᠺᠠᠳ᠋ᠷᠴᠣᠳ᠎ᠤᠨ ᠣᠨᠣᠯ ᠵᠶ᠋ᠡᠷ ᠵᠡᠪᠰᠡᠭᠯᠡᠬᠦ ᠰᠣᠷᠢᠯᠲᠠ ᠵᠢ ᠥᠷᠨᠢᠭᠦᠯᠪᠡ᠃
ᠲᠣᠰ ᠤᠳᠠᠭ᠋ᠠᠨ᠎ᠤ ᠰᠣᠷᠢᠯᠲᠠ᠎ᠨᠢ ᠬᠣᠰᠢᠭᠤ ᠵᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠨᠠᠶ᠋ᠢᠷᠠᠭᠤᠯᠤᠨ ᠪᠢᠴᠢᠭᠰᠡᠨ 《ᠨᠠᠮ᠎ᠤᠨ ᠭᠡᠰᠢᠭᠦᠨ ᠺᠠᠳ᠋ᠷᠴᠣᠳ᠎ᠤᠨ ᠣᠨᠣᠯ᠎ᠤᠨ ᠵᠡᠪᠰᠡᠭᠯᠡᠯ᠎ᠤᠨ ᠲᠸᠰᠲᠤᠨ ᠰᠢᠯᠭ᠋ᠠᠯᠲᠠ ᠵᠢᠨ ᠬᠠᠭᠤᠳᠠᠰᠤ》 ᠵᠢ ᠬᠡᠷᠡᠭᠯᠡᠵᠦ᠂ ᠭᠤᠤᠯᠳᠠᠭᠣ ᠨᠠᠮ᠎ᠤᠨ ᠭᠡᠰᠢᠭᠦᠨ ᠺᠠᠳ᠋ᠷᠴᠤᠳ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮᠲᠤ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠠᠩᠬᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ 70 ᠵᠢᠯ᠎ᠤᠨ ᠣᠶ᠎ᠳᠤ ᠪᠢᠴᠢᠭᠰᠡᠨ ᠪᠢᠴᠢᠭᠡᠰᠦᠨ᠎ᠳᠠᠬᠢ ᠵᠣᠷᠢᠭ ᠰᠠᠨᠠᠭ᠎ᠠ᠂ ᠤᠯᠠᠭ᠋ᠠᠨᠮᠥ᠋ᠴᠢᠷ᠎ᠤᠨ ᠲᠤᠭᠯᠠᠭᠴᠢᠳ᠎ᠲᠤ ᠥᠭᠭᠦᠭᠰᠡᠨ ᠬᠠᠷᠢᠭᠤ ᠵᠠᠬᠢᠳᠠᠯ ᠪᠢᠴᠢᠭᠰᠡᠨ ᠵᠣᠷᠢᠭ ᠰᠠᠨᠠᠭ᠎ᠠ ᠵᠡᠷᠭᠡ ᠠᠭᠤᠯᠭ᠎ᠠ ᠵᠢᠨ ᠲᠤᠭᠤᠷᠢᠨ᠎ᠳᠤ ᠰᠤᠷᠤᠯᠴᠠᠵᠤ ᠡᠵᠡᠮᠰᠢᠭᠰᠡᠨ ᠪᠠᠶ᠋ᠢᠳᠠᠯ᠎ᠳᠤ ᠰᠣᠷᠢᠯᠲᠠ ᠬᠢᠨ᠎ᠡ᠃
ᠰᠣᠷᠢᠯᠲᠠ ᠬᠢᠬᠦ ᠶᠠᠪᠤᠴᠠ ᠳᠤᠮᠳᠠ᠂ ᠨᠠᠮ᠎ᠤᠨ ᠭᠡᠰᠢᠭᠦᠳ ᠪᠦᠷ ᠨᠠᠷᠢᠨ ᠬᠢᠨᠠᠮᠠᠭ᠋ᠠᠶ ᠪᠣᠳᠣᠯᠬᠢᠯᠠᠵᠤ᠂ ᠲᠤᠰ ᠪᠡᠶ᠎ᠡ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠰᠡᠳᠦᠪ ᠬᠠᠷᠢᠭᠤᠯᠪᠠ᠃ ᠲᠸᠰᠲ ᠬᠢᠬᠦ᠎ᠪᠠᠷ ᠳᠠᠮᠵᠢᠨ᠂ ᠨᠠᠮ᠎ᠤᠨ ᠭᠡᠰᠢᠭᠦᠨ ᠺᠠᠳ᠋ᠷᠴᠤᠳ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠴᠢᠮᠥᠭᠡ ᠪᠠ ᠵᠣᠷᠢᠭ ᠰᠠᠨᠠᠭ᠋ᠠᠨ᠎ᠤ ᠮᠥᠨ ᠴᠢᠨᠠᠷ᠎ᠢ ᠨᠡᠩ ᠰᠠᠶ᠋ᠢᠲᠤᠷ ᠣᠶ᠋ᠢᠯᠠᠭ᠋ᠠᠵᠤ᠂ ᠤᠯᠤᠰ ᠲᠦᠷᠦ ᠵᠢᠨ ᠤᠨᠤᠯ᠎ᠤᠨ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠴᠢᠩᠭ᠋ᠠᠳᠬᠠᠵᠤ᠂ ᠤᠯᠠᠮ ᠨᠢᠭᠡ ᠠᠯᠬᠤᠮ ᠴᠢᠩᠭ᠋ᠠᠳᠬᠠᠵᠤ᠂ ᠤᠨᠤᠯ ᠵᠶ᠋ᠠᠷ ᠵᠡᠪᠰᠡᠭᠯᠡᠬᠦ ᠵᠢ ᠣᠯᠠᠮ ᠨᠢᠭᠡ ᠠᠯᠬᠤᠮ ᠴᠢᠩᠭ᠋ᠠᠳᠬᠠᠪᠠ᠃