ᠣᠨ᠎ᠤ ᠰᠢᠭᠤᠶ᠋ᠢᠲᠤ ᠭᠠᠵᠠᠷ᠎ᠤᠨ ᠠᠰᠢᠭᠯᠠᠯᠲᠠ ᠵᠢᠨ ᠣᠳᠣᠬᠢ ᠪᠠᠶ᠋ᠢᠳᠠᠯ ᠪᠠ ᠨᠡᠮᠡᠭᠳᠡᠵᠤ ᠬᠤᠷᠤᠭᠳᠠᠬᠣ ᠬᠤᠪᠢᠷᠠᠯᠲᠠ ᠵᠢᠨ ᠪᠠᠶ᠋ᠢᠳᠠᠯ᠎ᠢ ᠣᠨᠣᠪᠴᠢᠲᠠᠶ ᠡᠵᠡᠮᠰᠢᠬᠦ ᠵᠢᠨ ᠲᠥᠯᠥᠭᠡ᠂ ᠰᠢᠭᠤᠶ᠋ᠢᠲᠤ ᠭᠠᠵᠠᠷ᠎ᠤᠨ ᠪᠠᠶ᠋ᠢᠴᠠᠭ᠋ᠠᠯᠲᠠ ᠵᠢᠨ ᠲᠣᠭ᠎ᠠ ᠪᠠ ᠰᠢᠭᠤᠶ᠋ᠢᠲᠤ ᠭᠠᠵᠠᠷ᠎ᠤᠨ ᠲᠤᠭ᠎ᠠ ᠬᠥᠮᠥᠷᠭᠡ ᠵᠢᠨ ᠦᠨᠡᠨ ᠪᠣᠳᠠᠲᠤ ᠴᠢᠨᠠᠷ᠂ ᠵᠥᠪ ᠣᠨᠣᠪᠴᠢᠲᠤ ᠴᠢᠨᠠᠷ ᠪᠣᠯᠤᠨ ᠪᠦᠳᠦᠮᠵᠢᠳᠦ ᠴᠢᠨᠠᠷ᠎ᠢ ᠪᠠᠲᠤᠯᠠᠬᠤ ᠵᠢᠨ ᠲᠦᠯᠦᠭᠡ ᠰᠢᠯᠢ ᠵᠢᠨ ᠭᠣᠣᠯ ᠠᠶ᠋ᠢᠮᠠᠭ᠎ᠤᠨ ᠣᠶ ᠰᠢᠭᠤᠶ ᠵᠢᠨ ᠲᠣᠪᠴᠢᠶᠠᠨ᠎ᠤ ᠨᠢᠭᠡᠳᠦᠯᠲᠡᠶ ᠲᠣᠬᠢᠷᠠᠭᠤᠯᠤᠯᠲᠠ ᠪᠠ ᠪᠠᠶ᠋ᠢᠷᠢᠯᠠᠭᠤᠯᠤᠯᠲᠠ ᠶᠣᠰᠣᠭ᠋ᠠᠷ᠂ ᠪᠠᠷᠠᠭᠤᠨ ᠦᠵᠦᠮᠦᠴᠢᠨ ᠬᠣᠰᠢᠭᠤᠨ᠎ᠤ ᠣᠶ ᠰᠢᠭᠤᠶ ᠵᠢᠨ ᠲᠣᠪᠴᠢᠶ᠎ᠠ ᠲᠤᠰᠬᠠᠶ ᠮᠡᠷᠭᠡᠵᠢᠯᠲᠡᠨ ᠵᠶ᠋ᠠᠷ ᠪᠦᠷᠢᠯᠳᠦᠭᠰᠡᠨ ᠣᠨ᠎ᠤ ᠰᠢᠭᠤᠶ᠋ᠢᠲᠤ ᠭᠠᠵᠠᠷ᠎ᠢ ᠦᠭᠡᠷᠡᠴᠢᠯᠡᠬᠦ ᠪᠠᠢ᠌ᠴᠠᠭ᠋ᠠᠯᠲᠠ ᠵᠢᠨ ᠳᠤᠭᠤᠶ᠋ᠢᠯᠠᠩ᠎ᠢ ᠪᠠᠢ᠌ᠭᠤᠯᠤᠨ᠂ ᠣᠨ᠎ᠤ ᠰᠢᠭᠤᠶ᠋ᠢᠲᠤ ᠭᠠᠵᠠᠷ᠎ᠢ ᠦᠭᠡᠷᠡᠴᠢᠯᠡᠨ ᠪᠠᠶ᠋ᠢᠴᠠᠭ᠋ᠠᠬᠤ ᠠᠵᠢᠯ᠎ᠢ ᠭᠠᠷᠳᠠᠨ ᠥᠷᠨᠢᠭᠦᠯᠪᠡ᠃ ᠪᠠᠶ᠋ᠢᠴᠠᠭ᠋ᠠᠬᠤ ᠳᠤᠭᠤᠶ᠋ᠢᠯᠠᠩ 2016-2017 ᠣᠨ᠎ᠤ ᠤᠢ ᠰᠢᠭᠤᠶ ᠵᠢᠨ ᠳᠠᠭ᠋ᠠᠭᠤᠯᠢ ᠭᠡᠷᠡᠯ ᠵᠢᠷᠤᠭ᠎ᠤᠨ ᠬᠠᠷᠢᠴᠠᠭᠤᠯᠤᠨ ᠮᠠᠭ᠋ᠠᠳᠯᠠᠯᠢ ᠣᠩᠰᠢᠨ᠂ ᠵᠢᠷ᠎ᠤᠨ ᠭᠣᠣᠯ ᠪᠠᠯᠭ᠋ᠠᠰᠤᠨ᠎ᠳᠤ ᠭᠦᠨᠵᠡᠭᠡᠶ᠋ᠢᠷᠡᠵᠤ᠂ ᠭᠣᠷᠣᠬᠠᠨ ᠠᠭᠤᠯᠠ᠂ ᠬᠤᠭᠤᠢ᠌ᠯᠠᠲᠤ ᠭᠣᠣᠯ ᠪᠠᠯᠭ᠋ᠠᠰᠤ᠂ ᠳᠠᠶᠠᠨ ᠤᠢ ᠰᠢᠭᠤᠶ ᠵᠢᠨ ᠲᠠᠯᠠᠪᠠᠢ ᠵᠡᠷᠭᠡ 26 ᠬᠡᠰᠡᠭ ᠬᠤᠪᠢᠷᠠᠯᠲᠠ ᠵᠢᠨ ᠵᠢᠷᠤᠭᠲᠤ ᠲᠣᠯᠪᠣ ᠡᠭᠦᠰᠦᠭᠰᠡᠨ ᠲᠤᠬᠠᠶ ᠵᠢᠨ ᠭᠠᠵᠠᠷ᠎ᠤᠨ ᠪᠠᠶ᠋ᠢᠴᠠᠭ᠋ᠠᠯᠲᠠ ᠬᠢᠬᠦ ᠵᠢᠨ ᠬᠠᠮᠲᠤ ᠪᠠᠶ᠋ᠢᠭ᠋ᠠᠯᠢ ᠵᠢᠨ ᠣᠨ᠎ᠤ ᠳᠣᠲᠣᠷᠠᠬᠢ ᠡᠯ᠎ᠡ ᠲᠥᠷᠥᠯ᠎ᠤᠨ ᠣᠶ ᠰᠢᠭᠤᠶ ᠵᠢᠨ ᠡᠵᠡᠩᠨᠡᠯᠲᠡ ᠵᠢᠨ ᠠᠵᠢᠯᠯᠠᠭ᠎ᠠ᠂ ᠰᠢᠭᠤᠶ᠋ᠢᠲᠤ ᠭᠠᠵᠠᠷ᠎ᠤᠨ ᠠᠰᠢᠭᠯᠠᠯᠲᠠ ᠵᠢᠨ ᠪᠠᠶ᠋ᠢᠳᠠᠯ᠂ ᠡᠷᠬᠡ ᠵᠢᠨ ᠬᠠᠷᠢᠶᠠᠯᠠᠯ᠂ ᠹᠠᠺᠲ᠋ᠤᠷ ᠵᠡᠷᠭᠡ ᠮᠡᠳᠡᠭᠡ ᠵᠠᠩᠭᠢ ᠵᠢᠨ ᠬᠤᠪᠢᠷᠠᠯᠲᠠ ᠵᠢᠨ ᠪᠠᠶ᠋ᠢᠳᠠᠯ᠎ᠢ ᠬᠢᠨᠠᠨ ᠬᠠᠷᠭᠤᠭᠤᠯᠵᠤ ᠰᠢᠨᠡᠳᠬᠡᠪᠡ᠃ ᠡᠨᠡ ᠣᠳᠠᠭ᠋ᠠᠨ᠎ᠤ ᠰᠢᠭᠤᠢ᠌ᠲᠤ ᠭᠠᠵᠠᠷ᠎ᠢ ᠦᠭᠡᠷᠡᠴᠢᠯᠡᠨ ᠪᠠᠢ᠌ᠴᠠᠭ᠋ᠠᠬᠣ ᠠᠵᠢᠯ᠎ᠳᠤ 38 ᠬᠡᠰᠡᠭ ᠰᠢᠭᠤᠢ᠌ᠲᠣ ᠭᠠᠵᠠᠷ ᠬᠣᠯᠪᠣᠭᠳᠠᠨ᠂ 20 ᠡᠳᠦᠷ᠎ᠤᠨ ᠠᠵᠢᠯᠯᠠᠬᠤ ᠴᠠᠭ ᠵᠶ᠋ᠠᠷ ᠵᠢᠱ᠌ᠢᠵᠤ ᠪᠠᠶ᠋ᠢᠨ᠎ᠠ᠃