ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠠᠶᠠᠨᠨᠠᠭᠤᠷ ᠬᠤᠳᠠ ᠤᠢ ᠰᠢᠭᠤᠶ ᠵᠢᠨ ᠡᠬᠢ ᠪᠠᠶᠠᠯᠢᠭ᠎ᠢ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠵᠢᠯ᠎ᠢ ᠯᠠᠪᠳᠠᠭᠣᠨ ᠲᠣᠭᠲᠠᠭᠤᠨ ᠵᠶ᠋ᠠᠷ ᠠᠬᠢᠭᠤᠯᠪᠠ
ᠨᠡᠶ᠋ᠢᠲᠡᠯᠡᠭᠰᠡᠨ ᠴᠠᠭ᠄ 2018-08-29

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ 6 ᠰᠠᠷ᠎ᠠ ᠵᠢᠨ 25᠎ᠤ ᠡᠳᠦᠷ᠎ᠤᠨ ᠮᠡᠳᠡᠭᠡ

      ᠳᠡᠭᠡᠷ᠎ᠡ ᠬᠠᠭ᠋ᠠᠰ ᠵᠢᠯ᠎ᠳᠤ᠂ ᠪᠠᠶᠠᠨᠨᠠᠭᠤᠷ ᠬᠣᠲᠠ ᠵᠢᠨ ᠤᠢ ᠰᠢᠭᠤᠶ ᠵᠢᠨ ᠲᠣᠪᠴᠢᠶ᠎ᠠ ᠤᠢ ᠰᠢᠭᠤᠶ ᠵᠢᠨ ᠡᠬᠢ ᠪᠠᠶᠠᠯᠢᠭ᠎ᠢ ᠦᠨᠡᠯᠡᠨ ᠵᠢᠱ᠌ᠢᠬᠦ ᠬᠠᠮᠢᠶᠠᠷᠣᠯᠲᠠ ᠵᠢᠨ ᠠᠵᠢᠯ᠎ᠢ ᠳᠥᠷᠪᠡᠨ ᠲᠠᠯ᠎ᠠ᠎ᠠᠴᠠ ᠦᠨᠡᠨ ᠬᠦ᠌ ᠴᠢᠩᠭ᠋ᠠᠳᠬᠠᠪᠠ᠃ ᠨᠢᠭᠡ᠎ᠳᠤ᠂ ᠦᠨᠡᠯᠡᠨ ᠵᠢᠱ᠌ᠢᠬᠦ ᠵᠠᠭᠤᠴᠢᠯᠠᠭᠤᠷ ᠺᠣᠮᠫᠠᠨᠢ ᠵᠢᠨ ᠬᠢᠨᠠᠠ ᠬᠠᠮᠢᠶᠠᠷᠤᠯᠲᠠ ᠵᠢ ᠴᠢᠩᠭ᠋ᠠᠳᠬᠠᠵᠤ᠂   ᠺᠣᠮᠫᠠᠨᠢ ᠵᠢᠨ ᠬᠠᠤᠯᠢ ᠶᠣᠰᠣᠨ᠎ᠤ ᠡᠵᠡᠩᠨᠡᠯᠲᠡ ᠵᠢ ᠪᠠᠲᠤᠯᠠᠨ᠎ᠠ᠃ ᠬᠣᠶᠠᠷ᠎ᠲᠤ᠂ 《ᠦᠨᠡᠯᠡᠨ ᠵᠢᠱ᠌ᠢᠬᠦ ᠵᠦᠢ᠍ᠯᠡᠰ᠎ᠤᠨ ᠰᠠᠨᠠᠭᠤᠯᠭ᠎ᠠ ᠵᠢᠨ ᠪᠢᠴᠢᠭ》᠎ᠢ ᠬᠢᠨᠠᠨ ᠬᠠᠷᠭᠤᠭᠤᠯᠬᠤ ᠵᠢ   ᠴᠢᠩᠭ᠋ᠠᠳᠬᠠᠵᠤ᠂ ᠦᠨᠡᠯᠡᠨ ᠵᠢᠱ᠌ᠢᠬᠦ ᠥᠢ᠍ᠯᠡ ᠠᠵᠢᠯᠯᠠᠭ᠎ᠠ ᠵᠢᠷᠤᠮᠵᠢᠭᠰᠠᠨ ᠡᠰᠡᠬᠦ᠂ ᠦᠨᠡᠯᠡᠨ ᠵᠢᠱ᠌ᠢᠬᠦ ᠵᠢᠷᠤᠮ᠎ᠨᠢ ᠬᠠᠤᠯᠢ ᠶᠣᠰᠣᠨ᠎ᠳᠤ ᠨᠡᠶ᠋ᠢᠴᠡᠬᠦ ᠡᠰᠡᠬᠦ᠂   ᠦᠨᠡᠯᠡᠨ ᠵᠢᠱ᠌ᠢᠬᠦ ᠮᠠᠲ᠋ᠧᠷᠢᠶᠠᠯ ᠪᠦᠷᠢᠨ ᠲᠡᠭᠦᠯᠳᠡᠷ ᠪᠠᠶ᠋ᠢᠬᠤ ᠡᠰᠡᠬᠦ ᠵᠢ ᠪᠠᠶ᠋ᠢᠴᠠᠭ᠋ᠠᠨ᠂ ᠤᠢ ᠰᠢᠭᠤᠶ ᠵᠢᠨ ᠡᠬᠢ ᠪᠠᠶᠠᠯᠢᠭ᠎ᠢ ᠦᠨᠡᠯᠡᠨ ᠵᠢᠱ᠌ᠢᠬᠦ ᠬᠠᠤᠯᠢ ᠶᠣᠰᠣᠨ᠎ᠤ ᠴᠢᠨᠠᠷ ᠪᠣᠯᠤᠨ ᠪᠦᠳᠦᠮᠵᠢᠳᠦ ᠴᠢᠨᠠᠷ᠎ᠢ ᠦᠨᠡᠨ ᠬᠦ᠌ ᠪᠠᠲᠤᠯᠠᠨ᠎ᠠ᠃ ᠭᠤᠷᠪᠠ᠎ᠳᠤ᠂ ᠤᠢ ᠰᠢᠭᠤᠶ ᠵᠢᠨ ᠡᠬᠢ ᠪᠠᠶᠠᠯᠢᠭ᠎ᠢ ᠦᠨᠡᠯᠡᠨ ᠵᠢᠱ᠌ᠢᠬᠦ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂   ᠳᠠᠩᠰᠠᠯᠠᠭᠤᠯᠬᠤ ᠵᠢᠷᠤᠮ᠎ᠢ ᠴᠢᠩᠭ᠎ᠠ ᠬᠢᠨᠠᠨ ᠪᠠᠲᠤᠯᠠᠨ᠎ᠠ᠃ ᠲᠦᠷᠪᠡ᠎ᠳᠤ᠂ ᠲᠡᠨᠭᠰᠡ ᠡᠪᠬᠡᠮᠡᠯ᠎ᠤᠨ ᠪᠠᠶ᠋ᠢᠭᠤᠯᠣᠯᠲᠠ ᠵᠢ ᠵᠢᠷᠤᠮᠵᠢᠭᠤᠯᠵᠤ᠂ ᠳᠠᠩᠰᠠ ᠡᠪᠬᠡᠮᠡᠯ᠎ᠤᠨ ᠮᠠᠲ᠋ᠧᠷᠢᠶᠠᠯ᠎ᠢ ᠲᠤᠰᠬᠠᠶ ᠬᠠᠳᠠᠭ᠋ᠠᠯᠠᠵᠤ᠂ ᠠᠩᠭᠢᠯᠠᠨ ᠬᠠᠮᠢᠶᠠᠷᠤᠨ᠎ᠠ᠃
      ᠣᠳᠣᠬᠠᠨ ᠪᠣᠯᠲᠠᠯ᠎ᠠ᠂ ᠪᠦᠬᠦ ᠬᠤᠳᠠ ᠨᠡᠢ᠌ᠲᠡ 10 ᠤᠢ ᠰᠢᠭᠤᠶ ᠵᠢᠨ ᠡᠬᠢ ᠪᠠᠶᠠᠯᠢᠭ᠎ᠢ ᠦᠨᠡᠯᠡᠨ ᠵᠢᠱ᠌ᠢᠬᠦ ᠲᠤᠬᠠᠢ᠌ᠯᠠᠭᠰᠠᠨ ᠠᠵᠢᠯ᠎ᠢ ᠥᠷᠨᠢᠭᠦᠯᠵᠦ᠂ ᠦᠨᠡᠯᠡᠨ ᠵᠢᠱ᠌ᠢᠯᠲᠡ ᠵᠢᠨ ᠲᠠᠯᠠᠪᠠᠶ 6496.9 ᠮᠥ᠍᠂ ᠦᠨᠡᠯᠡᠨ ᠵᠢᠱ᠌ᠢᠭᠰᠡᠨ ᠪᠦᠬᠦ ᠦᠷᠲᠡᠭ᠎ᠨᠢ 7085.5 ᠲᠦᠮᠡᠨ ᠲᠥᠭᠥᠷᠢᠭ ᠪᠣᠯᠤᠨ᠎ᠠ; ᠪᠦᠬᠦ ᠬᠤᠳᠠ ᠨᠡᠢ᠌ᠲᠡ 6 ᠤᠢ ᠮᠣᠳᠣᠨ᠎ᠤ ᠡᠷᠬᠡ ᠵᠢᠨ ᠪᠠᠷᠢᠴᠠᠭ᠋ᠠᠳᠤ ᠵᠢᠭᠡᠯᠡᠯᠭᠡ ᠲᠠᠯᠪᠢᠵᠤ᠂ ᠪᠠᠷᠢᠴᠠᠭ᠋ᠠᠲᠤ ᠵᠢᠭᠡᠯᠡᠯᠭᠡ ᠵᠢᠨ ᠵᠣᠭᠣᠰ᠎ᠤᠨ ᠲᠣᠭ᠎ᠠ᠎ᠨᠢ 4893.9 ᠲᠦᠮᠡᠨ ᠲᠥᠭᠥᠷᠢᠭ ᠪᠣᠯᠵᠤ᠂ ᠤᠢ ᠰᠢᠭᠤᠶ ᠵᠢᠨ ᠡᠬᠢ ᠪᠠᠶᠠᠯᠢᠭ ᠡᠳ᠋ ᠬᠦᠷᠦᠩᠭᠡ ᠵᠢ ᠠᠮᠢᠯᠠᠭᠤᠯᠪᠠ᠃  

ᠢᠷᠡᠯᠲᠡ᠄ ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠣᠯ ᠠᠢ᠌ᠮᠠᠭ ᠤᠯᠤᠰ᠎ᠤᠨ ᠦᠮᠴᠢᠯᠡᠯᠲᠤ ᠤᠢ ᠰᠢᠭᠤᠶ ᠵᠢᠨ ᠲᠠᠯᠠᠪᠠᠢ᠎ᠳᠤ ᠪᠠᠶ᠋ᠢᠬᠤ ᠠᠵᠢᠯᠲᠠᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ ᠨᠢᠭᠡᠨᠲᠡ 98 %᠎ᠳᠤ ᠬᠦᠷᠴᠡᠶ
ᠦᠪᠤᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠴᠢᠩᠱ᠌ᠠᠨ ᠠᠭᠤᠯᠠ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠨᠠᠮ᠎ᠤᠨ ᠭᠡᠰᠢᠭᠦᠨ ᠺᠠᠳ᠋ᠷᠴᠣᠳ᠎ᠤᠨ ᠣᠨᠣᠯ ᠵᠶ᠋ᠠᠷ ᠵᠡᠪᠰᠡᠭᠯᠡᠬᠦ ᠰᠣᠷᠢᠯᠲᠠ ᠵᠢ ᠥᠷᠨᠢᠭᠦᠯᠪᠡ
ᠬᠥᠯᠥᠨ ᠪᠣᠢ᠌ᠷ ᠬᠤᠳᠠ ᠵᠢᠨ ᠨᠠᠨ ᠮᠣ᠌ ᠣᠢ ᠰᠢᠭᠤᠢ ᠵᠢᠨ ᠲᠣᠪᠴᠢᠶ᠎ᠠ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠪᠡᠯᠴᠢᠭᠡᠷᠯᠡᠭᠦᠯᠬᠦ ᠵᠢ ᠴᠠᠭ᠋ᠠᠵᠠᠯᠠᠨ ᠲᠠᠷᠢᠶᠠᠯᠠᠬᠤ ᠵᠢ ᠵᠤᠭᠰᠣᠭ᠋ᠠᠵᠣ ᠬᠣᠷᠢᠨ ᠪᠢᠲᠡᠭᠦᠮᠵᠢᠯᠡᠬᠦ ᠠᠵᠢᠯ᠎ᠢ ᠬᠦᠴᠦᠯᠡᠨ ᠠᠬᠢᠭᠤᠯᠪᠠ
ᠬᠦᠯᠦᠨ ᠪᠤᠢ᠌ᠷ᠎ᠤᠨ ᠵᠠᠯᠠᠨ ᠠᠶ᠋ᠢᠯ ᠬᠤᠳᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠰᠢᠭᠤᠶ᠋ᠢᠲᠤ ᠣᠷᠣᠨ᠎ᠤ ᠠᠮᠤᠷ ᠲᠦᠪᠰᠢᠨ ᠪᠤᠰᠤ ᠲᠠᠯᠳᠠ ᠭᠡᠮ᠎ᠢ ᠪᠦᠬᠦ ᠬᠦᠴᠦᠨ ᠵᠶ᠋ᠡᠷ ᠵᠶ᠋ᠡᠨ ᠵᠢᠭᠰᠠᠭ᠋ᠠᠨ ᠪᠠᠶ᠋ᠢᠴᠠᠭ᠋ᠠᠪᠠ
ᠫᠠᠺᠢᠰᠲ᠋ᠠᠨ᠎ᠳᠤ ᠬᠦᠨᠳᠦ ᠨᠤᠴᠢᠳᠠᠢ ᠰᠦᠷᠳᠡᠬᠦᠯᠦᠯ᠎ᠤᠨ ᠳᠠᠭ᠋ᠠᠷᠢᠯᠳᠠ ᠭᠠᠷᠣᠭᠰᠠᠨ ᠲᠤᠬᠠᠢ ᠰᠢ ᠵᠢᠨ ᠫᠢᠩ ᠫᠠᠺᠢᠰᠲ᠋ᠠᠨ᠎ᠤ ᠶᠡᠷᠦᠩᠭᠡᠢ᠌ᠯᠡᠭᠴᠢ ᠡᠾᠸᠦ᠋ᠰᠠᠢ᠌ᠨ᠎ᠳᠤ ᠲᠤᠬᠤᠨᠢᠭᠤᠯᠬᠤ ᠴᠠᠬᠢᠯᠭ᠋ᠠᠨ ᠴᠢᠮᠡᠭᠡ ᠢᠯᠡᠭᠡᠪᠡ
 
             蒙ICP备05000248号