ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ ᠬᠥᠬᠡᠬᠣᠲᠠ ᠵᠢᠨ 6 ᠰᠠᠷ᠎ᠠ ᠵᠢᠨ 13᠎ᠤ ᠡᠳᠦᠷ᠎ᠤᠨ ᠮᠡᠳᠡᠭᠡ
ᠬᠦᠬᠡᠬᠤᠲᠠ ᠵᠢᠨ ᠶᠢᠰᠦᠨ ᠬᠣᠰᠢᠭᠤ ᠰᠢᠶᠠᠨ ᠲᠣᠭᠣᠷᠢᠭ᠎ᠤᠨ ᠰᠢᠭᠤᠢ᠌ᠲᠤ ᠭᠠᠵᠠᠷ᠎ᠢ ᠦᠭᠡᠷᠡᠴᠢᠯᠡᠬᠦ ᠪᠠᠢ᠌ᠴᠠᠯᠭ᠋ᠠᠲᠠ ᠵᠢᠨ ᠠᠵᠢᠯ ᠬᠢᠵᠦ ᠪᠠᠢ᠌ᠭ᠎ᠠ ᠠᠵᠢᠯᠲᠠᠳ᠎ᠤᠨ ᠮᠡᠷᠭᠡᠵᠢᠯ᠎ᠤᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠤᠨ ᠵᠥᠪ ᠣᠨᠣᠪᠴᠢᠲᠤ ᠴᠢᠨᠠᠷ᠎ᠢ ᠳᠡᠭᠡᠭᠰᠢᠯᠡᠭᠦᠯᠬᠦ ᠵᠢᠨ ᠲᠦᠯᠦᠭᠡ᠂ ᠬᠥᠬᠡᠬᠣᠲᠠ ᠵᠢᠨ ᠤᠢ ᠰᠢᠭᠤᠶ ᠵᠢᠨ ᠲᠣᠪᠴᠢᠶ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ ᠬᠣᠯᠪᠣᠭᠳᠠᠯ ᠪᠦᠬᠦᠢ ᠲᠤᠰᠬᠠᠶ ᠮᠡᠷᠭᠡᠵᠢᠯᠲᠡᠨ᠎ᠢ ᠤᠷᠢᠵᠤ᠂ 2018 ᠣᠨ᠎ᠤ 6 ᠰᠠᠷ᠎ᠠ ᠵᠢᠨ 4 -5᠎ᠤ ᠡᠳᠦᠷ ᠬᠥᠬᠡᠬᠣᠲᠠ ᠵᠢᠨ ᠵᠢᠨ ᠡᠾᠸ ᠪᠠᠭᠤᠳᠠᠯ᠎ᠳᠤ ᠨᠢᠭᠡ ᠡᠳᠦᠷ ᠬᠠᠭ᠋ᠠᠰ᠎ᠤᠨ ᠬᠤᠭᠤᠴᠠᠭ᠎ᠠ᠎ᠲᠠᠢ 2017 ᠣᠨ᠎ᠤ ᠰᠢᠭᠤᠢ᠌ᠲᠤ ᠭᠠᠵᠠᠷ᠎ᠢ ᠦᠭᠡᠷᠡᠴᠢᠯᠡᠬᠦ ᠪᠠᠢ᠌ᠴᠠᠯᠭ᠋ᠠᠲᠠ ᠵᠢᠨ ᠠᠵᠢᠯ᠎ᠤᠨ ᠪᠣᠯᠪᠠᠰᠤᠷᠠᠭᠤᠯᠤᠯ᠎ᠤᠨ ᠠᠩᠭᠢ ᠡᠷᠬᠢᠯᠡᠵᠦ᠂ ᠪᠥᠬᠥ ᠬᠣᠲᠠ ᠵᠢᠨ ᠤᠢ ᠰᠢᠭᠤᠶ ᠵᠢᠨ ᠰᠢᠰᠲᠸᠮ ᠤᠨ 31 ᠬᠥᠮᠦᠨ ᠪᠣᠯᠪᠠᠰᠤᠷᠠᠭᠤᠯᠤᠯ᠎ᠳᠤ ᠣᠷᠣᠯᠴᠠᠭᠰᠠᠨ ᠪᠠᠶ᠋ᠢᠨ᠎ᠠ᠃
ᠡᠩ ᠲᠡᠷᠢᠭᠦᠨ᠎ᠳᠤ᠂ ᠬᠣᠲᠠ ᠵᠢᠨ ᠤᠢ ᠰᠢᠭᠤᠶ ᠵᠢᠨ ᠲᠣᠪᠴᠢᠶ᠎ᠠ ᠵᠢᠨ ᠡᠬᠢ ᠪᠠᠶᠠᠯᠢᠭ ᠤᠢ ᠰᠢᠭᠤᠶ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠵᠢᠨ ᠯᠢᠦ ᠿᠦᠢ ᠵᠢᠶᠦ᠋ᠨ ᠰᠠᠯᠠᠭ᠋ᠠᠨ ᠳᠠᠷᠤᠭ᠎ᠠ ᠠᠩᠭᠢ ᠨᠡᠭᠡᠭᠡᠨ ᠶᠠᠷᠢᠶ᠎ᠠ ᠲᠠᠯᠪᠢᠵᠤ᠂ ᠪᠣᠯᠪᠠᠰᠤᠷᠠᠭᠤᠯᠤᠯ᠎ᠤᠨ ᠠᠨᠭ᠌ᠬᠢ ᠨᠡᠭᠡᠭᠡᠬᠦ ᠠᠴᠢ ᠬᠣᠯᠪᠣᠭᠳᠠᠯ ᠪᠠ 2017 ᠣᠨ᠎ᠤ ᠰᠢᠭᠤᠢ᠌ᠲᠤ ᠭᠠᠵᠠᠷ᠎ᠤᠨ ᠬᠣᠪᠢᠷᠠᠯᠲᠠ ᠵᠢ ᠪᠠᠶ᠋ᠢᠴᠠᠭ᠋ᠠᠬᠤ ᠠᠵᠢᠯ᠎ᠤᠨ ᠱᠠᠭ᠋ᠠᠷᠳᠠᠯᠭ᠎ᠠ ᠵᠢ ᠲᠠᠨᠢᠯᠴᠠᠭᠤᠯᠵᠤ᠂ ᠤᠢ ᠰᠢᠭᠤᠶ ᠵᠢᠨ ᠡᠬᠢ ᠪᠠᠶᠠᠯᠢᠭ᠎ᠢ ᠰᠢᠮᠳᠠᠭᠤᠯᠤᠨ ᠪᠠᠶ᠋ᠢᠴᠠᠭ᠋ᠠᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠵᠠᠶ᠃ ᠳᠠᠷᠠᠭ᠎ᠠ᠎ᠨᠢ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠪᠠᠶ᠋ᠢᠴᠠᠭ᠋ᠠᠬᠤ ᠲᠥᠯᠥᠪᠵᠢᠭᠦᠯᠭᠡ ᠵᠢᠨ ᠬᠦᠷᠢᠶᠡᠯᠡᠩ᠎ᠤᠨ ᠯᠢᠦ ᠢᠦᠶ ᠫᠢᠩ ᠡᠷᠬᠢᠯᠡᠭᠴᠢ 2017 ᠣᠨ᠎ᠤ ᠰᠢᠭᠤᠢ᠌ᠲᠤ ᠭᠠᠵᠠᠷ᠎ᠢ ᠦᠭᠡᠷᠡᠴᠢᠯᠡᠬᠦ ᠪᠠᠢ᠌ᠴᠠᠯᠭ᠋ᠠᠲᠠ ᠵᠢᠨ ᠠᠵᠢᠯ᠎ᠤᠨ ᠴᠢᠬᠤᠯᠠ ᠴᠢᠨᠠᠷ ᠪᠣᠯᠤᠨ ᠦᠷ᠎ᠡ ᠪᠦᠲᠦᠭᠡᠯ᠎ᠢ ᠰᠢᠯᠭ᠋ᠠᠨ ᠠᠪᠬᠤ ᠱᠠᠭ᠋ᠠᠷᠳᠠᠯᠭ᠎ᠠ ᠵᠢᠨ ᠲᠤᠬᠠᠢ ᠶᠠᠷᠢᠶ᠎ᠠ ᠲᠠᠯᠪᠢᠪᠠ᠃ ᠢᠨᠵᠸᠨ᠋ᠸᠷᠢᠩ᠎ᠤᠨ ᠡᠷᠳᠡᠮᠲᠡᠨ ᠯᠢ ᠭᠦᠸᠸ ᠯᠢᠶᠠᠩ 2017 ᠣᠨ᠎ᠤ ᠰᠢᠭᠤᠢ᠌ᠲᠤ ᠭᠠᠵᠠᠷ᠎ᠢ ᠦᠭᠡᠷᠡᠴᠢᠯᠡᠬᠦ ᠪᠠᠢ᠌ᠴᠠᠯᠭ᠋ᠠᠲᠠ ᠵᠢᠨ ᠮᠡᠷᠭᠡᠵᠢᠯ᠎ᠤᠨ ᠳᠦᠷᠢᠮ ᠲᠤᠭᠲᠠᠭ᠋ᠠᠯ᠂ ᠰᠢᠨ᠎ᠡ ᠳᠦᠷᠢᠮ ᠲᠤᠭᠲᠠᠭ᠋ᠠᠯ᠎ᠤᠨ ᠬᠤᠪᠢᠷᠠᠭᠰᠠᠨ ᠠᠭᠤᠯᠭ᠎ᠠ᠂ ᠲᠣᠭ᠎ᠠ ᠪᠦᠷᠢᠳᠬᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠪᠣᠯᠤᠨ ᠯᠣᠭᠢᠭ᠎ᠤᠨ ᠬᠠᠷᠢᠴᠠᠭ᠎ᠠ᠎ᠳᠤ ᠭᠣᠣᠯᠳᠠᠯᠭ᠎ᠠ᠎ᠲᠠᠢ ᠲᠠᠶ᠋ᠢᠯᠪᠤᠷᠢᠯᠠᠯᠲᠠ ᠬᠢᠵᠡᠶ᠃ ᠢᠨᠵᠸᠨ᠋ᠸᠷᠢᠩ᠎ᠤᠨ ᠡᠷᠳᠡᠮᠲᠡᠨ ᠶᠠᠩ ᠰᠢᠣᠸᠠᠢ ᠳ᠋ᠦᠩ 2017 ᠣᠨ᠎ᠤ ᠰᠢᠭᠤᠢ᠌ᠲᠤ ᠭᠠᠵᠠᠷ᠎ᠤᠨ ᠬᠣᠪᠢᠷᠠᠯᠲᠠ ᠵᠢᠨ ᠲᠤᠭ᠎ᠠ ᠬᠥᠮᠥᠷᠭᠡ ᠵᠢᠨ ᠪᠠᠶ᠋ᠢᠭᠤᠯᠤᠯᠲᠠ ᠪᠠ ᠵᠠᠰᠠᠪᠤᠷᠢ ᠣᠷᠣᠭᠤᠯᠬᠤ ᠮᠡᠷᠭᠡᠵᠢᠯ᠎ᠤᠨ ᠱᠠᠭ᠋ᠠᠷᠳᠠᠯᠭ᠎ᠠ᠎ᠳᠤ ᠪᠣᠳᠠᠲᠠᠶ ᠲᠠᠶ᠋ᠢᠯᠪᠤᠷᠢᠯᠠᠯᠲᠠ ᠬᠢᠵᠡᠶ᠃
ᠲᠣᠰ ᠣᠳᠠᠭ᠋ᠠᠨ᠎ᠤ ᠪᠣᠯᠪᠠᠰᠤᠷᠠᠭᠤᠯᠤᠯ ᠵᠶ᠋ᠠᠷ ᠳᠠᠮᠵᠢᠨ᠂ ᠰᠣᠷᠣᠯᠴᠠᠭᠰᠠᠳ ᠰᠢᠭᠤᠢ᠌ᠲᠤ ᠭᠠᠵᠠᠷ᠎ᠢ ᠦᠭᠡᠷᠡᠴᠢᠯᠡᠬᠦ ᠪᠠᠢ᠌ᠴᠠᠯᠭ᠋ᠠᠲᠠ ᠵᠢᠨ ᠰᠢᠨ᠎ᠡ ᠳᠦᠷᠢᠮᠵᠢᠯ᠎ᠤᠨ ᠮᠡᠷᠭᠡᠵᠢᠯ ᠠᠷᠭ᠎ᠠ ᠳᠡᠮ᠎ᠢ ᠨᠡᠯᠢᠶᠡᠳ ᠰᠠᠶ᠋ᠢᠨ ᠡᠵᠡᠮᠰᠢᠨ᠂ ᠲᠧᠭᠨᠢᠭ ᠮᠡᠷᠭᠡᠵᠢᠯ᠎ᠤᠨ ᠬᠢᠷᠢ ᠬᠡᠮᠵᠢᠶ᠎ᠡ᠎ᠪᠠᠨ ᠪᠦᠲᠦᠮᠵᠢᠲᠡᠶ᠎ᠪᠠᠷ ᠳᠡᠭᠡᠭᠰᠢᠯᠡᠭᠦᠯᠵᠡᠢ᠂ ᠬᠥᠬᠡᠬᠣᠲᠠ ᠵᠢᠨ 2017 ᠣᠨ᠎ᠤ ᠰᠢᠭᠤᠢ᠌ᠲᠤ ᠭᠠᠵᠠᠷ᠎ᠢ ᠦᠭᠡᠷᠡᠴᠢᠯᠡᠬᠦ ᠪᠠᠢ᠌ᠴᠠᠯᠭ᠋ᠠᠲᠠ ᠵᠢᠨ ᠠᠵᠢᠯ᠎ᠤᠨ ᠲᠡᠭᠦᠰ ᠠᠮᠵᠢᠯᠲᠠ᠎ᠲᠠᠢ ᠪᠡᠶᠡᠯᠡᠭᠳᠡᠬᠦ᠎ᠳᠤ ᠰᠠᠭᠤᠷᠢ ᠲᠠᠯᠪᠢᠵᠤ ᠥᠭᠴᠡᠶ᠃