ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ 6 ᠰᠠᠷ᠎ᠠ ᠵᠢᠨ 8᠎ᠤ ᠡᠳᠦᠷ᠎ᠤᠨ ᠮᠡᠳᠡᠭᠡ
6 ᠰᠠᠷ᠎ᠠ ᠵᠢᠨ 5᠎ᠤ ᠡᠳᠦᠷ᠂ ᠬᠥᠯᠥᠨ ᠪᠣᠶ᠋ᠢᠷ ᠬᠣᠲᠠ ᠵᠢᠨ ᠬᠠᠭᠤᠴᠢᠨ ᠪᠠᠷᠭᠣ ᠬᠣᠰᠢᠭᠤᠨ᠎ᠤ ᠣᠶ ᠰᠢᠭᠤᠶ ᠵᠢᠨ ᠲᠣᠪᠴᠢᠶᠠᠨ᠎ᠤ ᠭᠠᠯ ᠰᠡᠷᠭᠡᠶ᠋ᠢᠯᠡᠯᠲᠡ ᠵᠢᠨ ᠵᠢᠯᠣᠭᠣᠳᠬᠤ ᠭᠠᠵᠠᠷ ᠪᠠᠴᠢᠮ ᠬᠤᠷᠠᠯ ᠬᠤᠷᠠᠯᠳᠤᠭᠤᠯᠵᠤ ᠳᠡᠭᠡᠳᠦ ᠱᠠᠲᠤᠨ᠎ᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠳᠲᠡᠷ ᠲᠦᠷᠭᠡᠨ ᠤᠯᠠᠮᠵᠢᠯᠠᠡ ᠨᠠᠶ᠋ᠢᠳᠠᠪᠤᠷᠢᠵᠢᠭᠤᠯᠪᠠ᠃ ᠬᠤᠷᠠᠯ᠎ᠢ ᠬᠣᠰᠢᠭᠤ ᠵᠢᠨ ᠵᠠᠰᠠᠭ᠎ᠤᠨ ᠣᠷᠳᠣᠨ᠎ᠤ ᠳᠡᠳ᠋ ᠬᠣᠰᠢᠭᠤ ᠵᠢᠨ ᠳᠠᠷᠤᠭ᠎ᠠ ᠪᠠᠶ ᠱᠣ᠌ ᠭᠤᠸᠠᠩ ᠡᠷᠬᠢᠯᠡᠵᠦ᠂ ᠬᠣᠰᠢᠭᠤ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠰᠢᠭᠤᠨ ᠳᠠᠷᠤᠭ᠎ᠠ ᠲᠡᠮᠦᠷᠬᠦᠦ ᠴᠢᠬᠤᠯᠠ ᠶᠠᠷᠢᠶ᠎ᠠ ᠲᠠᠯᠪᠢᠵᠠᠶ᠂ ᠬᠣᠰᠢᠭᠤ ᠵᠢᠨ ᠵᠠᠰᠠᠭ᠎ᠤᠨ ᠣᠷᠳᠣᠨ᠎ᠤ ᠳᠡᠳ᠋ ᠬᠤᠰᠢᠭᠣᠨ ᠳᠠᠷᠤᠭ᠎ᠠ᠂ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠲᠣᠪᠴᠢᠶᠠᠨ ᠳᠠᠷᠤᠭ᠎ᠠ ᠬᠠᠰᠪᠠᠭ᠋ᠠᠨᠠ᠂ ᠬᠣᠰᠢᠭᠤ ᠵᠢᠨ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠵᠢᠯᠣᠭᠣᠳᠬᠤ ᠭᠠᠵᠠᠷ᠎ᠤᠨ ᠪᠦᠷᠢᠯᠳᠦᠬᠦᠨ ᠨᠢᠭᠡᠴᠡ ᠵᠢᠨ ᠭᠣᠣᠯ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠪᠠ᠃
ᠲᠡᠮᠦᠷᠬᠦᠦ ᠵᠢᠭ᠋ᠠᠵᠤ ᠭᠠᠷᠭ᠋ᠠᠭᠰᠠᠨ᠎ᠨᠢ᠂ ᠣᠳᠣᠬᠠᠨ᠎ᠳᠤ᠂ ᠪᠥᠬᠥ ᠬᠣᠲᠠ ᠵᠢᠨ ᠳᠤᠯᠠᠭ᠋ᠠᠨ᠎ᠤ ᠬᠡᠮᠵᠢᠶ᠎ᠡ ᠦᠷᠬᠦᠯᠵᠢᠯᠡᠨ ᠳᠡᠭᠡᠭᠰᠢᠯᠡᠵᠦ ᠭᠠᠩ ᠬᠠᠭᠤᠷᠠᠢ ᠶᠡᠬᠡ ᠰᠠᠯᠬᠢ ᠵᠢᠨ ᠠᠭᠤᠷ ᠠᠮᠢᠰᠬᠣᠯ᠎ᠲᠠᠢ᠂ ᠭᠠᠯ᠎ᠤᠨ ᠠᠶᠤᠯ᠎ᠤᠨ ᠳᠡᠰ᠎ᠨᠢ ᠦᠨᠳᠦᠷ ᠪᠠᠢ᠌ᠵᠣ᠂ ᠤᠢ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ ᠲᠣᠩ ᠠᠮᠠᠷᠬᠠᠨ ᠡᠭᠦᠰᠴᠦ᠂ ᠶᠡᠬᠡ ᠬᠢᠩᠭ᠋ᠠᠨ ᠳᠠᠪᠠᠭ᠎ᠠ ᠵᠢᠨ ᠤᠮᠠᠷᠠᠲᠤ ᠬᠡᠰᠡᠭ᠎ᠤᠨ ᠰᠢᠭᠤᠶ᠋ᠢᠲᠤ ᠣᠷᠣᠨ᠎ᠤ ᠬᠠᠨ ᠮᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠠ ᠴᠢ ᠴᠢᠶᠠᠨ ᠤᠢ ᠰᠢᠭᠤᠶ ᠵᠢᠨ ᠲᠣᠪᠴᠢᠶ᠎ᠠ ᠵᠢᠨ ᠠᠪᠠ ᠭᠤᠤᠯ᠎ᠤᠨ ᠣᠶ ᠰᠢᠭᠤᠶ ᠵᠢᠨ ᠲᠠᠯᠠᠪᠠᠶ᠎ᠳᠤ ᠬᠣᠶ᠋ᠢᠨ᠎ᠠ ᠬᠣᠶ᠋ᠢᠨ᠎ᠠ᠎ᠠᠴᠠ᠎ᠪᠠᠨ ᠤᠢ ᠰᠢᠭᠤᠶ ᠵᠢᠨ ᠭᠠᠯ ᠲᠦᠢ᠍ᠮᠡᠷ ᠭᠠᠷᠴᠣ᠂ ᠡᠯ᠎ᠡ ᠭᠠᠯ᠎ᠤᠨ ᠠᠶᠣᠯᠢ ᠰᠡᠷᠭᠡᠶ᠋ᠢᠯᠡᠨ ᠵᠢᠯᠣᠭᠣᠳᠬᠤ ᠭᠠᠵᠠᠷ᠎ᠤᠨ ᠪᠦᠷᠢᠯᠳᠦᠬᠦᠨ ᠨᠢᠭᠡᠴᠡ ᠡᠷᠬᠡᠪᠰᠢ 《ᠣᠳᠣᠬᠠᠨ᠎ᠤ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠢ ᠪᠦᠬᠦ ᠬᠦᠴᠦ᠎ᠪᠠᠷ ᠵᠶ᠋ᠠᠨ ᠰᠠᠢ᠌ᠳᠣᠷ ᠬᠢᠬᠦ ᠲᠤᠬᠠᠶ ᠪᠠᠴᠢᠮ ᠮᠡᠳᠡᠭᠳᠡᠯ》 ᠪᠠ 《ᠶᠡᠷᠦᠩᠬᠡᠶ ᠰᠠᠶ᠋ᠢᠳ ᠯᠢ ᠺᠧ ᠴᠢᠶᠠᠩ ᠵᠡᠷᠭᠡ ᠤᠳᠤᠷᠢᠳᠣᠯᠭ᠎ᠠ ᠵᠢᠨ ᠴᠣᠬᠣᠯᠠᠪᠤᠷᠢᠯᠠᠭᠰᠠᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠲᠤᠬᠠᠶ ᠪᠠᠴᠢᠮ ᠮᠡᠳᠡᠭᠳᠡᠯ》 ᠭᠡᠬᠦ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠱᠠᠲᠦ ᠱᠠᠲᠦ᠎ᠪᠠᠷ ᠴᠢᠩᠭ᠎ᠠ ᠬᠠᠷᠢᠭᠤᠴᠠᠵᠤ᠂ ᠬᠠᠪᠤᠷ᠎ᠤᠨ ᠰᠡᠷᠭᠡᠶ᠋ᠢᠯᠡᠯᠲᠡ ᠵᠢᠨ ᠠᠵᠢᠯ᠎ᠢ ᠠᠮᠵᠢᠯᠲᠠ᠎ᠲᠠᠢ᠎ᠪᠠᠷ ᠪᠡᠶᠡᠯᠡᠭᠦᠯᠬᠦ ᠵᠢ ᠦᠨᠡᠨᠬᠦ ᠪᠠᠲᠤᠯᠠᠨ᠎ᠠ᠃
ᠲᠡᠮᠦᠷᠬᠦᠦ ᠴᠢᠬᠤᠯᠠᠴᠢᠯᠠᠭᠰᠠᠨ᠎ᠨᠢ᠂ ᠨᠢᠭᠡ᠎ᠳᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠭᠠᠯ ᠰᠡᠷᠭᠡᠶ᠋ᠢᠯᠡᠬᠦ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠣᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠭᠠᠯ ᠰᠡᠷᠭᠡᠶ᠋ᠢᠯᠡᠬᠦ ᠰᠠᠯᠠᠭ᠎ᠠ ᠮᠥᠴᠢᠷ᠎ᠤᠳ ᠬᠠᠪᠤᠷ᠎ᠤᠨ ᠰᠡᠷᠭᠡᠶ᠋ᠢᠯᠡᠯᠲᠡ ᠵᠢᠨ ᠰᠡᠭᠦᠯᠴᠢ ᠵᠢᠨ ᠦᠶ᠎ᠡ ᠵᠢᠨ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠣᠳᠣᠬᠠᠨ᠎ᠤ ᠭᠠᠯ ᠰᠡᠷᠭᠡᠶ᠋ᠢᠯᠡᠬᠦ ᠠᠵᠢᠯ᠎ᠤᠨ ᠲᠥᠪ ᠴᠢᠩᠭ᠎ᠠ ᠴᠢᠨᠠᠷ᠂ ᠲᠤᠯᠭ᠋ᠠᠮ᠎ᠠ ᠴᠢᠨᠠᠷ᠎ᠤᠨ ᠲᠤᠬᠠᠶ ᠲᠠᠨᠢᠯᠲᠠ ᠵᠢ ᠦᠨᠡᠨ ᠬᠦ᠌ ᠴᠢᠩᠭ᠋ᠠᠷᠠᠭᠤᠯᠤᠨ᠎ᠠ᠂ ᠮᠢᠨᠴᠦᠭᠦᠷᠡᠬᠦ ᠦᠵᠡᠯ ᠰᠠᠨᠠᠭ᠎ᠠ ᠪᠠ ᠭᠣᠷᠢᠳᠠᠬᠤ ᠪᠣᠳᠣᠯ᠎ᠢ ᠡᠷᠡᠰ ᠲᠡᠪᠴᠢᠵᠦ᠂ ᠭᠠᠯ ᠳᠦᠢ᠍ᠮᠡᠷᠢ ᠰᠡᠷᠭᠡᠶ᠋ᠢᠯᠡᠬᠦ ᠬᠠᠷᠢᠭᠤᠴᠠᠯᠭ᠎ᠠ ᠵᠢᠨ ᠳᠦᠷᠢᠮ᠎ᠢ ᠱᠠᠲᠦ ᠱᠠᠲᠦ᠎ᠪᠠᠷ ᠴᠢᠩᠭ᠎ᠠ ᠬᠠᠷᠢᠭᠤᠴᠠᠵᠤ᠂ ᠳᠠᠷᠤᠯᠲᠠ ᠥᠭᠭᠦᠨ᠎ᠡ; ᠬᠣᠶᠠᠷ᠎ᠲᠤ᠂ ᠭᠠᠯ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠢᠬᠲᠠᠷᠭᠤᠯᠤᠨ ᠴᠢᠩᠭ᠋ᠠᠳᠬᠠᠵᠣ᠂ ᠭᠠᠯ᠎ᠤᠨ ᠠᠶᠤᠯ᠎ᠤᠨ ᠲᠠᠯᠳᠠ ᠭᠡᠮ᠎ᠢ ᠦᠨᠡᠨᠬᠦ ᠵᠢᠭᠰᠠᠭ᠋ᠠᠨ ᠪᠠᠶ᠋ᠢᠴᠠᠭ᠋ᠠᠨ᠎ᠠ᠃ ᠬᠡᠭᠡᠷ᠎ᠡ ᠵᠢᠨ ᠭᠠᠯ᠎ᠤᠨ ᠡᠬᠢ ᠵᠢ ᠴᠢᠩᠭ᠎ᠠ ᠬᠠᠮᠢᠶᠠᠷᠤᠨ ᠡᠵᠡᠮᠳᠡᠨ᠎ᠡ᠂ ᠭᠠᠯ ᠰᠡᠷᠭᠡᠶ᠋ᠢᠯᠡᠬᠦ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠴᠠᠭ ᠬᠤᠭᠤᠴᠠᠭ᠎ᠠ᠂ ᠭᠣᠣᠯᠳᠠᠯᠭ᠎ᠠ᠎ᠲᠠᠢ ᠬᠥᠮᠦᠰ᠎ᠢ ᠴᠢᠩᠭ᠎ᠠ ᠬᠢᠨᠠᠨ ᠬᠠᠮᠢᠶᠠᠷᠴᠤ᠂ ᠬᠡᠰᠡᠭᠴᠢᠯᠡᠨ ᠳᠠᠭ᠋ᠠᠭ᠋ᠠᠴᠢᠯᠠᠵᠤ ᠬᠢᠨᠠᠨ ᠬᠠᠮᠢᠶᠠᠷᠴᠤ᠂ ᠴᠢᠩᠭ᠎ᠠ ᠪᠠᠶ᠋ᠢᠴᠠᠭ᠋ᠠᠨᠡ; ᠭᠤᠷᠪᠠ᠎ᠳᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠣ ᠪᠡᠯᠡᠳᠭᠡᠯ ᠠᠵᠢᠯ᠎ᠢ ᠰᠠᠢ᠌ᠲᠣᠷ ᠬᠢᠵᠦ᠂ ᠭᠠᠯ᠎ᠤᠨ ᠠᠶᠣᠯᠢ ᠪᠦᠲᠦᠮᠵᠢᠲᠡᠢ᠎ᠪᠠᠷ ᠰᠡᠷᠭᠡᠢ᠌ᠯᠡᠨ ᠬᠢᠵᠠᠭ᠋ᠠᠷᠯᠠᠨᠡ᠃ ᠡᠯ᠎ᠡ ᠭᠠᠯ᠎ᠢ ᠰᠡᠷᠭᠡᠢ᠌ᠯᠡᠬᠦ ᠬᠠᠷᠢᠭᠤᠴᠠᠯᠭ᠎ᠠ ᠵᠢᠨ ᠨᠢᠭᠡᠴᠡ ᠪᠠᠴᠢᠮ ᠪᠠᠢ᠌ᠳᠠᠯ᠎ᠤᠨ ᠪᠡᠯᠡᠳᠭᠡᠯ ᠠᠵᠢᠯ᠎ᠢ ᠰᠠᠢ᠌ᠳᠣᠷ ᠬᠢᠵᠦ᠂ ᠢᠯᠠᠩᠭᠤᠶ᠎ᠠ ᠣᠨᠴᠠ ᠶᠡᠬᠡ ᠭᠠᠯ᠎ᠤᠨ ᠠᠶᠣᠯᠢ ᠣᠨᠲᠠᠷᠭ᠋ᠠᠬᠣ ᠪᠡᠯᠡᠳᠭᠡᠯ ᠠᠵᠢᠯ᠎ᠢ ᠰᠠᠢ᠌ᠳᠣᠷ ᠬᠢᠨ᠎ᠡ᠃ ᠲᠦᠷᠪᠡ᠎ᠳᠤ᠂ ᠭᠠᠯ ᠰᠡᠷᠭᠡᠶ᠋ᠢᠯᠡᠬᠦ ᠵᠢᠵᠢᠭᠦᠷ᠎ᠤᠨ ᠲᠣᠬᠢᠷᠠᠭᠤᠯᠣᠯᠲᠠ ᠵᠢ ᠴᠢᠩᠭ᠋ᠠᠳᠬᠠᠵᠣ᠂ ᠮᠡᠳᠡᠭᠡ ᠵᠠᠩᠭᠢ ᠵᠢᠨ ᠰᠠᠭ᠋ᠠᠳ ᠦᠭᠡᠢ ᠨᠡᠪᠲᠡᠷᠡᠯᠭᠡ ᠵᠢ ᠦᠨᠡᠨ ᠬᠦ᠌ ᠪᠠᠲᠤᠯᠠᠨ᠎ᠡ᠃ ᠡᠯ᠎ᠡ ᠱᠠᠲᠤᠨ᠎ᠤ ᠭᠠᠯ ᠰᠡᠷᠭᠡᠶ᠋ᠢᠯᠡᠬᠦ ᠰᠠᠯᠠᠭ᠎ᠠ ᠮᠥᠴᠢᠷ᠎ᠤᠳ ᠭᠠᠯ ᠰᠡᠷᠭᠡᠶ᠋ᠢᠯᠡᠬᠦ ᠵᠢᠵᠢᠭᠦᠷ᠎ᠤᠨ ᠲᠣᠬᠢᠷᠠᠭᠤᠯᠣᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨᠡ᠂ ᠭᠣᠣᠯ ᠤᠳᠤᠷᠢᠳᠤᠯᠭ᠎ᠠ ᠪᠡᠶ᠎ᠡ᠎ᠪᠠᠷ ᠵᠶ᠋ᠠᠨ ᠡᠭᠡᠯᠵᠢ ᠳᠠᠭ᠋ᠠᠭᠤᠯᠵᠣ᠂ 24 ᠴᠠᠭ ᠵᠶ᠋ᠠᠷ ᠵᠢᠵᠢᠭᠦᠷᠯᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠠᠵᠢᠯ᠎ᠤᠨ ᠪᠠᠶ᠋ᠢᠷᠢ᠎ᠠᠴᠠ᠎ᠪᠠᠨ ᠰᠠᠯᠬᠤ᠂ ᠠᠵᠢᠯ᠎ᠤᠨ ᠪᠠᠶ᠋ᠢᠷᠢ᠎ᠪᠠᠨ ᠣᠷᠬᠢᠭᠳᠠᠭᠤᠯᠬᠤ ᠵᠢ ᠴᠢᠩᠭ᠎ᠠ ᠴᠠᠭ᠋ᠠᠵᠠᠯᠠᠨᠡ᠃