ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠥᠯᠥᠨ ᠪᠣᠶ᠋ᠢᠷ ᠬᠣᠲᠠ ᠵᠢᠨ ᠤᠢ ᠰᠢᠭᠤᠶ ᠵᠢᠨ ᠠᠵᠢᠯ᠎ᠤᠨ ᠦᠷᠳᠡᠭᠡ᠎ᠠᠴᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠤᠢ ᠰᠢᠭᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠯᠭᠡᠷᠡᠭᠦᠯᠦᠯᠲᠡ ᠵᠢᠨ ᠲᠦᠰᠦᠯ᠎ᠤᠨ ᠬᠣᠯᠪᠣᠭᠳᠠᠯ ᠪᠦᠬᠦᠢ ᠠᠵᠢᠯ᠎ᠢ ᠨᠠᠢ᠌ᠳᠠᠪᠤᠷᠢᠵᠢᠭᠤᠯᠪᠠ
ᠨᠡᠶ᠋ᠢᠲᠡᠯᠡᠭᠰᠡᠨ ᠴᠠᠭ᠄ 2018-09-21

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                    ᠰᠦᠯᠵᠢᠶ᠎ᠡ ᠵᠢᠨ 7 ᠰᠠᠷ᠎ᠠ ᠵᠢᠨ 16᠎ᠤ ᠡᠳᠦᠷ᠎ᠤᠨ ᠮᠡᠳᠡᠭᠡ
     2018 ᠤᠨ᠎ᠤ 7 ᠰᠠᠷ᠎ᠠ ᠵᠢᠨ 9 ᠡᠳᠦᠷ᠎ᠠᠴᠠ 12᠎ᠤ ᠡᠳᠦᠷ ᠪᠤᠯᠳᠠᠯ᠎ᠠ᠂ ᠬᠤᠳᠠ ᠵᠢᠨ ᠤᠢ ᠰᠢᠭᠤᠶ ᠵᠢᠨ ᠠᠵᠢᠯ᠎ᠤᠨ ᠥᠷᠲᠡᠭᠡ ᠵᠠᠯᠠᠨ ᠠᠶ᠋ᠢᠯ ᠬᠤᠳᠠ ᠪᠠ ᠤᠷᠴᠤᠨ   ᠬᠤᠰᠢᠭᠤᠨ᠎ᠳᠤ ᠬᠦᠷᠴᠤ᠂ 2018 ᠤᠨ᠎ᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠤᠢ ᠰᠢᠭᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠯᠭᠡᠷᠡᠭᠦᠯᠦᠯᠳᠠ ᠵᠢᠨ ᠲᠦᠰᠦᠯ᠎ᠤᠨ ᠪᠣᠳᠠᠲᠠᠶ ᠬᠡᠷᠡᠭᠵᠢᠭᠦᠯᠬᠦ ᠠᠭᠤᠯᠭ᠎ᠠ᠂ ᠨᠠᠢ᠌ᠳᠠᠪᠤᠷᠢᠵᠢᠭᠤᠯᠬᠤ ᠤᠷᠤᠨ ᠬᠡᠪᠴᠢᠶ᠎ᠡ ᠵᠡᠷᠭᠡ ᠠᠵᠢᠯ᠎ᠤᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠢ᠌ᠴᠠᠭ᠋ᠠᠨ ᠦᠵᠡᠵᠡᠢ᠃
      ᠲᠦᠰᠦᠯ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠠᠵᠢᠯ᠎ᠤᠨ ᠶᠡᠷᠦᠩᠬᠡᠶ ᠥᠷᠲᠡᠭᠡ 7 ᠰᠠᠷ᠎ᠠ ᠵᠢᠨ ᠲᠤᠮᠳᠠ ᠰᠡᠭᠦᠯᠴᠢ᠎ᠪᠠᠷ ᠲᠦᠰᠦᠯ᠎ᠤᠨ ᠭᠡᠷ᠎ᠡ ᠲᠤᠭᠳᠠᠬᠤ ᠬᠢᠨᠠᠨ ᠲᠣᠭᠲᠠᠭ᠋ᠠᠬᠤ ᠬᠤᠷᠠᠯ᠎ᠢ ᠬᠤᠷᠠᠯᠳᠤᠭᠤᠯᠵᠦ᠂ ᠭᠡᠷ᠎ᠡ ᠪᠢᠴᠢᠭ᠎ᠤᠨ ᠪᠣᠳᠠᠲᠠᠶ ᠵᠦᠢ᠍ᠯ ᠵᠤᠷᠪᠤᠰ᠎ᠢ ᠰᠤᠳᠤᠯᠤᠨ ᠲᠤᠭᠳᠠᠭ᠋ᠠᠬᠤ ᠵᠢᠨ ᠬᠠᠮᠳᠤ ᠠᠯᠪᠠᠨ ᠶᠣᠰᠣᠭ᠋ᠠᠷ ᠭᠡᠷ᠎ᠡ ᠲᠤᠭᠳᠠᠵᠤ᠂ ᠬᠡᠷᠡᠭᠵᠢᠭᠦᠯᠬᠦ ᠲᠦᠯᠦᠪᠯᠡᠭᠡ ᠵᠢ ᠨᠠᠢ᠌ᠳᠠᠪᠤᠷᠢᠵᠢᠭᠤᠯᠪᠠ᠃
      ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠠᠴᠠ ᠲᠤᠬᠠᠶ ᠵᠢᠨ ᠭᠠᠵᠠᠷ᠎ᠤᠨ ᠣᠶ ᠰᠢᠭᠤᠶ ᠵᠢᠨ ᠲᠣᠪᠴᠢᠶ᠎ᠠ ᠵᠢᠨ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠵᠤ ᠪᠠᠶ᠋ᠢᠭ᠎ᠠ ᠤᠳᠤᠷᠢᠳᠤᠯᠭ᠎ᠠ᠎ᠲᠠᠢ ᠨᠠᠷᠢᠨ ᠬᠢᠨᠠᠮᠠᠭ᠋ᠠᠶ᠎ᠪᠠᠷ ᠰᠠᠨᠠᠯ ᠵᠶ᠋ᠠᠨ ᠰᠤᠯᠢᠯᠴᠠᠵᠠᠦ᠂ ᠡᠨᠡ ᠵᠢᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠯᠭᠡᠷᠡᠭᠦᠯᠦᠯᠳᠠ ᠵᠢᠨ ᠲᠦᠰᠦᠯ᠎ᠤᠨ ᠬᠡᠷᠡᠭᠵᠢᠭᠦᠯᠦᠯᠳᠡ ᠵᠢᠨ ᠪᠤᠯᠤᠮᠵᠢᠲᠤ ᠴᠢᠨᠠᠷ᠎ᠢ ᠰᠤᠳᠤᠯᠵᠦ᠂ ᠬᠡᠷᠡᠭᠵᠢᠭᠦᠯᠬᠦ ᠲᠦᠰᠦᠯ᠎ᠤᠨ ᠤᠷᠤᠨ ᠬᠡᠪᠴᠢᠶᠠᠨ᠎ᠳᠤ ᠬᠠᠶ᠋ᠢᠨ ᠬᠡᠮᠵᠢᠯᠳᠠ ᠬᠢᠵᠦ᠂ ᠲᠠᠷᠠᠭ᠋ᠠᠴᠢ ᠵᠢᠨ ᠠᠯᠬᠤᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠯᠭᠡᠷᠡᠭᠦᠯᠦᠯᠳᠠ ᠵᠢᠨ ᠭᠡᠷ᠎ᠡ ᠵᠢ ᠲᠤᠭᠳᠠᠬᠤ᠎ᠳᠤ ᠪᠡᠯᠡᠳᠬᠡᠯ ᠬᠢᠪᠠ᠃

ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠎ᠠᠴᠠ ᠬᠠᠪᠰᠤᠷᠤᠨ ᠲᠡᠳᠬᠦᠬᠦ ᠴᠡᠭ᠎ᠲᠤ ᠮᠣᠳᠣ ᠲᠠᠷᠢᠬᠤ ᠠᠵᠢᠯᠯᠠᠭ᠎ᠠ ᠵᠢ ᠶᠠᠪᠤᠭᠳᠠᠭᠤᠯᠪᠠ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠥᠪᠥᠷ ᠮᠣᠩᠭᠣᠯ᠎ᠤᠨ ᠮᠢᠶᠠᠨ ᠳ᠋ᠦ᠋ ᠾᠧ ᠭᠤᠤᠯ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠲᠤᠷᠰᠢᠯᠲᠠ ᠵᠢᠨ ᠴᠡᠭ᠎ᠲᠤ ᠰᠢᠯᠭ᠋ᠠᠨ ᠠᠪᠬᠤ ᠪᠠᠶ᠋ᠢᠴᠠᠭ᠋ᠠᠯᠲᠠ ᠬᠢᠪᠡ
ᠦᠬᠠᠢ ᠬᠤᠲᠠ ᠵᠢᠨ ᠤᠢ ᠰᠢᠭᠤᠢ ᠵᠢᠨ ᠲᠤᠪᠴᠢᠶ᠎ᠠ ᠵᠢᠨ ᠮᠡᠳᠡᠭᠦᠯᠦᠭᠰᠡᠨ 2018 ᠣᠨ᠎ᠤ ᠲᠥᠪ᠎ᠤᠨ ᠡᠳ᠋᠎ᠤᠨ ᠵᠠᠰᠠᠭ᠎ᠤᠨ ᠤᠢ ᠰᠢᠭᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠯᠭᠡᠷᠡᠭᠦᠯᠦᠯᠲᠡ ᠵᠢᠨ ᠵᠢᠱ᠌ᠢᠶ᠎ᠡ ᠦᠵᠡᠭᠦᠯᠬᠦ ᠲᠦᠰᠦᠪ᠎ᠢ ᠣᠯᠣᠰ᠎ᠠᠴᠠ ᠵᠦᠪᠰᠢᠶᠡᠷᠡᠪᠡ
ᠤᠯᠤᠰ᠎ᠤᠨ ᠤᠢ ᠰᠢᠭᠤᠢ ᠵᠢᠨ ᠲᠣᠪᠴᠢᠶ᠎ᠠ ᠵᠢᠨ ᠪᠠᠶ᠋ᠢᠴᠠᠭ᠋ᠠᠬᠤ ᠲᠥᠯᠥᠪᠵᠢᠭᠦᠯᠭᠡ ᠵᠢᠨ ᠵᠢᠷᠤᠭ ᠲᠥᠯᠥᠪᠯᠡᠭᠡᠨ᠎ᠤ ᠬᠦᠷᠢᠶᠡᠯᠡᠩ᠎ᠠᠴᠠ ᠬᠥᠯᠥᠨ ᠪᠤᠢ᠌ᠷ ᠬᠤᠳᠠ ᠵᠢᠨ ᠰᠢᠨ᠎ᠡ ᠪᠠᠷᠭᠤ ᠪᠠᠷᠠᠭᠤᠨ ᠬᠣᠰᠢᠭᠣᠨ᠎ᠳᠤ ᠬᠦᠷᠴᠦ 2008 — 2012 ᠣᠨ ᠬᠢᠨᠠᠨ ᠪᠠᠶ᠋ᠢᠴᠠᠭ᠋ᠠᠬᠤ ᠣᠶ᠋ᠢᠵᠢᠭᠤᠯᠬᠤ ᠲᠦᠰᠦᠪ᠎ᠢ ᠪᠠᠶ᠋ᠢᠴᠠᠭ᠋ᠠᠨ ᠰᠤᠳᠤᠯᠤᠯᠲᠠ ᠬᠢᠪᠠ
ᠭᠠᠨᠰᠦ ᠮᠤᠵᠢ ᠵᠢᠨ GEF ᠵᠢᠱ᠌ᠢᠶ᠎ᠡ ᠦᠵᠡᠭᠦᠯᠬᠦ ᠴᠢᠭ᠎ᠤᠨ ᠯᠦᠩᠨᠠᠨ (ᠭᠠᠨᠰᠣ᠎ᠠᠴᠠ ᠡᠮᠦᠨᠡᠰᠢᠬᠢ)᠎ᠤ ᠠᠵᠤ ᠠᠬᠤᠶ ᠵᠢᠨ ᠤᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠶᠡᠷᠮ᠎ᠡ ᠰᠤᠳᠤᠯᠭ᠋ᠠᠨ᠎ᠤ ᠭᠠᠵᠠᠷ᠎ᠠᠴᠠ ᠬᠤᠨᠭ᠌ᠭᠤᠯᠵᠢ ᠠᠮᠢ ᠠᠬᠤᠶ ᠵᠢ ᠰᠡᠷᠭᠦᠭᠡᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠴᠢᠭ᠎ᠲᠤ ᠬᠦᠷᠴᠦ ᠪᠠᠶ᠋ᠢᠴᠠᠭ᠋ᠠᠯᠲᠠ ᠬᠢᠵᠤ ᠰᠤᠷᠤᠯᠴᠠᠪᠠ
 
             蒙ICP备05000248号