ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ
ᠰᠦᠯᠵᠢᠶ᠎ᠡ ᠵᠢᠨ 7 ᠰᠠᠷ᠎ᠠ ᠵᠢᠨ 12᠎ᠤᠨ ᠡᠳᠦᠷ᠎ᠤᠨ ᠮᠡᠳᠡᠭᠡ
2018 ᠣᠨ᠎ᠳᠤ᠂ ᠣᠷᠳᠣᠰ ᠬᠣᠲᠠ ᠵᠢᠨ ᠳᠠᠯᠠᠳ ᠬᠤᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠠᠴᠠ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠤᠨ ᠬᠠᠷᠢᠭᠤᠴᠠᠯᠭ᠎ᠠ ᠵᠢ ᠴᠢᠩᠭ᠋ᠠᠷᠠᠭᠤᠯᠬᠤ᠎ᠪᠠᠷ ᠬᠠᠷᠠᠯᠲᠠ᠎ᠪᠠᠨ ᠪᠣᠯᠭ᠋ᠠᠵᠤ᠂ ᠬᠦᠴᠦᠲᠡᠶ ᠠᠷᠭ᠎ᠠ ᠬᠡᠮᠵᠢᠶ᠎ᠡ᠎ᠪᠠᠷ ᠵᠠᠬᠢᠳᠠᠯ ᠰᠤᠷᠪᠤᠯᠵᠢᠯᠠᠭ᠎ᠠ ᠵᠢᠨ ᠬᠡᠷᠡᠭ᠎ᠢ ᠪᠠᠶ᠋ᠢᠴᠠᠭ᠋ᠠᠬᠤ ᠠᠵᠢᠯ᠎ᠢ ᠴᠢᠷᠮᠠᠶ᠋ᠢᠨ ᠬᠢᠵᠦ ᠪᠠᠢ᠌ᠨ᠎ᠠ᠃
ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠤᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠵᠢᠨ ᠲᠤᠰᠠᠳᠠ᠂ ᠳᠠᠯᠠᠳ ᠬᠤᠰᠢᠭᠤᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠤᠳᠤᠷᠢᠳᠤᠯᠭ᠎ᠠ᠎ᠠᠴᠠ ᠡᠨᠡ ᠬᠦ᠌ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠤᠰᠬᠠᠶ ᠵᠠᠬᠢᠳᠠᠯ ᠰᠤᠷᠪᠤᠯᠵᠢᠯᠠᠭ᠎ᠠ ᠵᠢ ᠬᠦᠯᠢᠶᠡᠨ ᠠᠪᠬᠤ ᠲᠠᠰᠤᠭ᠎ᠢ ᠪᠠᠶ᠋ᠢᠭᠤᠯᠤᠭᠰᠠᠨ ᠮᠦᠷᠳᠡᠭᠡᠨ ᠵᠠᠬᠢᠳᠠᠯ ᠰᠤᠷᠪᠤᠯᠵᠢᠯᠠᠭ᠎ᠠ ᠵᠢᠨ ᠲᠤᠰᠬᠠᠶ ᠠᠵᠢᠯᠲᠠᠨ᠎ᠢ ᠲᠤᠬᠢᠷᠠᠭᠤᠯᠵᠦ᠂ ᠬᠣᠯᠪᠣᠭᠳᠠᠯ ᠪᠦᠬᠦᠢ ᠬᠥᠮᠦᠰ᠎ᠢ ᠱᠠᠭ᠋ᠠᠷᠳᠠᠵᠤ᠂ ᠵᠠᠬᠢᠳᠠᠯ ᠰᠤᠷᠪᠤᠯᠵᠢᠯᠠᠭ᠎ᠠ ᠵᠢᠨ ᠬᠡᠷᠡᠭ᠎ᠢ ᠬᠦᠯᠢᠶᠡᠨ ᠠᠪᠬᠤ᠂ ᠤᠯᠠᠮᠵᠢᠯᠠᠬᠤ ᠪᠠ ᠰᠢᠢᠳᠪᠦᠷᠢᠯᠡᠬᠦ ᠵᠢ ᠰᠠᠢ᠌ᠳᠤᠷ ᠬᠢᠵᠦ᠂ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠬᠦᠯᠢᠶᠠᠨ ᠠᠪᠬᠤ ᠪᠤᠶᠤ ᠲᠤᠢ᠌ᠯᠪᠤᠷᠢᠳᠠᠢ ᠰᠢᠢ᠍ᠳᠪᠤᠷᠢᠯᠡᠬᠦ᠎ᠠᠴᠠ ᠳᠠᠳᠠᠭ᠋ᠠᠯᠵᠠᠬᠤ ᠵᠢ ᠴᠡᠭᠡᠷᠯᠡᠵᠦ᠂ ᠲᠤᠰᠬᠠᠭᠰᠠᠨ ᠪᠠᠶ᠋ᠢᠳᠠᠯ᠎ᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠨᠠᠷᠢᠨ ᠬᠢᠨᠠᠮᠠᠭ᠋ᠠᠶ ᠬᠠᠷᠭᠤᠭᠤᠯᠤᠨ᠎ᠠ᠃ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠵᠠᠬᠢᠳᠠᠯ ᠰᠤᠷᠪᠤᠯᠵᠢᠯᠠᠭ᠎ᠠ ᠵᠢᠨ ᠬᠡᠷᠡᠭ ᠪᠦᠷᠢ ᠵᠢ ᠴᠥᠮ ᠲᠣᠪᠴᠢᠶᠠᠨ ᠳᠠᠷᠤᠭ᠎ᠠ᠎ᠪᠠᠷ ᠬᠢᠨᠠᠭᠤᠯᠵᠤ ᠵᠥᠪᠰᠢᠶᠡᠷᠡᠭᠦᠯᠦᠭᠰᠡᠨ᠎ᠤ ᠲᠡᠷᠡᠭ᠎ᠠ᠂ ᠪᠣᠳᠠᠲᠠᠶ ᠬᠡᠷᠡᠭ ᠰᠢᠢᠳᠪᠦᠷᠢᠯᠡᠬᠦ ᠰᠠᠯᠠᠭ᠎ᠠ ᠮᠥᠴᠢᠷ᠎ᠲᠤ ᠲᠤᠰᠢᠶᠠᠨ ᠥᠭᠴᠦ᠂ ᠵᠠᠬᠢᠳᠠᠯ ᠰᠤᠷᠪᠤᠯᠵᠢᠯᠠᠭ᠎ᠠ ᠵᠢᠨ ᠵᠦᠢ᠍ᠯᠡᠰ᠎ᠢ ᠪᠠᠢ᠌ᠴᠠᠭ᠋ᠠᠨ ᠲᠤᠳᠤᠯᠠᠵᠦ᠂ ᠬᠠᠮᠤᠭ ᠡᠴᠦᠰ᠎ᠲᠤ ᠬᠠᠤᠯᠢ ᠳᠦᠷᠢᠮ᠎ᠤᠨ ᠠᠯᠪᠠᠨ ᠭᠡᠷ᠎ᠲᠤ ᠲᠤᠰᠢᠶᠠᠨ ᠥᠭᠴᠦ᠂ ᠨᠠᠢ᠌ᠳᠠ᠎ᠳᠤᠨᠢ ᠬᠤᠷᠢᠶᠠᠩᠭᠤᠢ᠌ᠯᠠᠭᠰᠠᠨ᠎ᠤ ᠳᠠᠷᠠᠭ᠎ᠠ ᠳᠡᠭᠡᠭᠰᠢ ᠮᠡᠳᠡᠬᠦᠯᠦᠨ᠎ᠡ᠃ 2018 ᠣᠨ᠎ᠤ ᠳᠡᠭᠡᠷ᠎ᠡ ᠬᠠᠭ᠋ᠠᠰ ᠵᠢᠯ᠎ᠳᠤ᠂ ᠳᠠᠯᠠᠳ ᠬᠤᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠠᠴᠠ ᠵᠠᠬᠢᠳᠠᠯ ᠰᠤᠷᠪᠤᠯᠵᠢᠯᠠᠭ᠎ᠠ ᠵᠢᠨ ᠬᠡᠷᠡᠭ᠎ᠢ 3 ᠬᠤᠪᠢ ᠵᠢ ᠬᠦᠯᠢᠶᠡᠨ ᠠᠪᠴᠤ᠂ ᠡᠭᠦᠨ᠎ᠳᠤ ᠨᠢᠭᠡᠨᠲᠡ ᠨᠢᠭᠡ ᠬᠤᠪᠢ ᠵᠢ ᠬᠤᠭᠤᠴᠠᠭ᠎ᠠ ᠶᠣᠰᠣᠭ᠋ᠠᠷ ᠬᠠᠷᠢᠭᠤᠯᠲᠠ ᠦᠭᠭᠦᠭᠰᠡᠨ ᠪᠦᠭᠡᠳ ᠪᠤᠰᠤᠳ ᠬᠣᠶᠠᠷ ᠬᠤᠪᠢ ᠵᠢ ᠶᠠᠭ ᠪᠠᠢ᠌ᠴᠠᠭ᠋ᠠᠨ ᠲᠤᠳᠤᠯᠠᠵᠦ ᠪᠤᠢ᠃
ᠣᠷᠳᠣᠰ ᠬᠣᠲᠠ ᠵᠢᠨ ᠳᠠᠯᠠᠳ ᠬᠤᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠡᠯ᠎ᠡ ᠲᠦᠷᠦᠯ᠎ᠤᠨ ᠵᠠᠬᠢᠳᠠᠯ ᠰᠤᠷᠪᠤᠯᠵᠢᠯᠠᠭ᠎ᠠ ᠵᠢᠨ ᠬᠡᠷᠡᠭ᠎ᠢ ᠴᠥᠮ ᠴᠠᠭ ᠲᠤᠬᠠᠶ᠎ᠳᠤᠨᠢ ᠰᠢᠢᠳᠪᠦᠷᠢᠯᠡᠵᠦ᠂ ᠶᠡᠬᠡ ᠬᠡᠮᠵᠢᠶᠠᠨ᠎ᠤ ᠵᠠᠬᠢᠳᠠᠯ ᠰᠤᠷᠪᠤᠯᠵᠢᠯᠠᠭ᠎ᠠ ᠵᠢᠨ ᠵᠥᠷᠢᠴᠡᠯ᠎ᠢ ᠪᠦᠲᠦᠮᠵᠢᠲᠡᠶ᠎ᠪᠠᠷ ᠨᠠᠮᠳᠠᠭᠤᠯᠤᠨ ᠰᠢᠢ᠍ᠳᠪᠦᠷᠢᠯᠡᠵᠦ᠂ ᠤᠯᠠᠨ ᠲᠦᠮᠡᠨ᠎ᠤ ᠬᠠᠤᠯᠢ ᠶᠣᠰᠣᠨ᠎ᠤ ᠠᠰᠢᠭ ᠲᠤᠰᠠ ᠪᠠ ᠨᠡᠶ᠋ᠢᠭᠡᠮ᠎ᠤᠨ ᠡᠶ᠎ᠡ ᠵᠤᠬᠢᠴᠠᠯᠳᠤ ᠲᠣᠭᠲᠠᠭᠤᠨ ᠪᠠᠶ᠋ᠢᠳᠠᠯ᠎ᠢ ᠦᠨᠡᠨ ᠬᠦ᠌ ᠬᠠᠮᠠᠭ᠋ᠠᠯᠠᠵᠤ ᠴᠢᠳᠠᠭᠰᠠᠨ ᠪᠠᠢ᠌ᠨ᠎ᠠ᠃ (ᠣᠷᠳᠣᠰ ᠬᠣᠲᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠮᠠᠲᠸᠷᠢᠶᠠᠯ ᠬᠠᠩᠭ᠋ᠠᠵᠦ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠮᠤᠷ᠎ᠢ ᠬᠠᠮᠠᠭ᠋ᠠᠯᠠᠬᠤ ᠰᠠᠯᠪᠤᠷᠢ ᠠᠩᠭᠢ ᠨᠠᠢ᠌ᠷᠠᠭᠤᠯᠪᠠ)