ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠯᠦᠨ ᠪᠤᠢ᠌ᠷ᠎ᠤᠨ ᠵᠠᠯᠠᠨ ᠠᠶ᠋ᠢᠯ ᠬᠤᠳᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠰᠢᠭᠤᠶ᠋ᠢᠲᠤ ᠣᠷᠣᠨ᠎ᠤ ᠠᠮᠤᠷ ᠲᠦᠪᠰᠢᠨ ᠪᠤᠰᠤ ᠲᠠᠯᠳᠠ ᠭᠡᠮ᠎ᠢ ᠪᠦᠬᠦ ᠬᠦᠴᠦᠨ ᠵᠶ᠋ᠡᠷ ᠵᠶ᠋ᠡᠨ ᠵᠢᠭᠰᠠᠭ᠋ᠠᠨ ᠪᠠᠶ᠋ᠢᠴᠠᠭ᠋ᠠᠪᠠ
ᠨᠡᠶ᠋ᠢᠲᠡᠯᠡᠭᠰᠡᠨ ᠴᠠᠭ᠄ 2018-09-15

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ 7 ᠰᠠᠷ᠎ᠠ ᠵᠢᠨ 2᠎ᠤᠨ ᠡᠳᠦᠷ᠎ᠤᠨ ᠮᠡᠳᠡᠭᠡ
      ᠣᠶ᠋ᠢᠷ᠎ᠠ᠎ᠳᠤ᠂ ᠵᠠᠯᠠᠨ ᠠᠶ᠋ᠢᠯ ᠬᠤᠳᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠣᠯᠣᠰ ᠲᠦᠷᠦ ᠵᠢᠨ ᠬᠠᠤᠯᠢ ᠴᠠᠭ᠋ᠠᠵᠠ ᠵᠢᠨ ᠬᠣᠷᠢᠶ᠎ᠠ ᠪᠣᠯᠤᠨ ᠳᠡᠭᠡᠳᠦ ᠱᠠᠲᠤᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ ᠬᠠᠷ᠎ᠠ ᠪᠦᠯᠦᠭᠲᠡᠨ᠎ᠢ ᠱᠦᠭᠦᠷᠳᠡᠨ ᠬᠠᠷᠭᠢᠰ ᠬᠦᠴᠦᠨ᠎ᠢ ᠠᠷᠢᠯᠭ᠋ᠠᠬᠣ ᠠᠵᠢᠯ᠎ᠤᠨ ᠲᠤᠬᠠᠶ ᠶᠡᠷᠦᠩᠬᠡᠶ ᠲᠣᠬᠢᠷᠠᠭᠤᠯᠤᠨ ᠪᠠᠶ᠋ᠢᠷᠢᠯᠠᠭᠤᠯᠣᠯᠲᠠ ᠵᠢᠨ ᠶᠣᠰᠣᠭ᠋ᠠᠷ᠂ ᠰᠢᠭᠤᠶ᠋ᠢᠲᠤ ᠣᠷᠣᠨ᠎ᠤ ᠨᠡᠶ᠋ᠢᠭᠡᠮ᠎ᠤᠨ ᠠᠮᠤᠷ ᠲᠦᠪᠰᠢᠨ᠎ᠤ ᠪᠠᠶ᠋ᠢᠳᠠᠯ᠎ᠲᠠᠢ ᠨᠢᠭᠲᠠ ᠤᠶᠠᠯᠳᠤᠭᠤᠯᠤᠨ᠂ ᠭᠠᠷᠮᠠᠭ᠋ᠠᠶ ᠴᠠᠭᠳᠠᠭ᠎ᠠ ᠵᠢᠨ ᠬᠦᠴᠦᠨ᠎ᠢ ᠬᠦᠳᠡᠯᠭᠡᠨ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠴᠢᠩᠭ᠋ᠠᠷᠠᠭᠤᠯᠵᠤ᠂ ᠤᠬᠤᠷᠬᠠᠨ   ᠬᠤᠭᠤᠴᠠᠭ᠎ᠠ᠂ ᠲᠦᠷᠭᠡᠨ ᠠᠰᠢᠭ ᠲᠤᠰᠠ ᠦᠵᠡᠭᠦᠯᠬᠦ ᠲᠤᠰᠬᠠᠶ ᠵᠦᠢ᠍ᠯ ᠎ᠤᠨ ᠵᠢᠭᠰᠠᠭ᠋ᠠᠨ ᠪᠠᠶ᠋ᠢᠴᠠᠭ᠋ᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠢᠭᠤᠶ᠋ᠢᠲᠤ ᠣᠷᠣᠨ᠎ᠤ ᠨᠡᠶ᠋ᠢᠭᠡᠮ᠎ᠤᠨ ᠠᠮᠤᠷ᠎ᠢ ᠬᠠᠮᠠᠭ᠋ᠠᠯᠠᠬᠤ ᠲᠣᠭᠲᠠᠭᠤᠨ ᠪᠠᠶ᠋ᠢᠳᠠᠯ᠎ᠢ ᠪᠦᠬᠦ ᠬᠦᠴᠦᠨ ᠵᠶ᠋ᠠᠷ ᠵᠶ᠋ᠠᠨ ᠬᠠᠮᠠᠭ᠋ᠠᠯᠠᠪᠠ᠃
      ᠨᠢᠭᠡ᠎ᠳᠤ᠂ ᠤᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠲᠣᠭᠲᠠᠭᠤᠨ ᠪᠤᠰᠤ ᠡᠯᠸᠮᠸᠨ᠋ᠲ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠪᠠ᠃ ᠲᠤᠰ ᠲᠣᠪᠴᠢᠶ᠎ᠠ ᠲᠠᠷᠢᠶᠠᠯᠠᠩ᠎ᠤᠨ ᠵᠠᠬ᠎ᠠ ᠳᠡᠯᠭᠡᠭᠦᠷ᠎ᠤᠨ ᠪᠣᠳᠠᠲᠠᠶ ᠪᠠᠶ᠋ᠢᠳᠠᠯ᠎ᠳᠤ ᠴᠢᠭᠯᠡᠭᠦᠯᠦᠨ᠂ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠬᠠᠤᠯᠢ ᠬᠡᠷᠡᠭᠵᠢᠭᠦᠯᠦᠯᠲᠡ ᠵᠢᠨ ᠭᠣᠣᠯ ᠬᠦᠴᠦᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠠᠶ᠋ᠢᠭᠤᠯᠭ᠎ᠠ ᠵᠢᠨ ᠡᠯ᠎ᠡ ᠰᠠᠯᠠᠭ᠎ᠠ ᠮᠥᠴᠢᠷ ᠪᠠ ᠡᠯ᠎ᠡ ᠲᠣᠮᠢᠯᠠᠭᠰᠠᠨ ᠰᠠᠯᠪᠤᠷᠢ᠎ᠠᠴᠠ ᠡᠯ᠎ᠡ ᠤᠢ ᠰᠢᠭᠤᠶ ᠵᠢᠨ ᠲᠠᠯᠠᠪᠠᠢ᠂ ᠬᠠᠮᠢᠶᠠᠷᠴᠤ ᠬᠠᠮᠠᠭ᠋ᠠᠯᠠᠬᠤ ᠦᠷᠳᠡᠭᠡ ᠵᠢᠨ ᠵᠣᠬᠢᠴᠠᠭᠤᠯᠤᠨ ᠬᠠᠮᠵᠢᠯᠴᠠᠭ᠎ᠠ ᠵᠢ ᠴᠢᠩᠭ᠋ᠠᠳᠬᠠᠵᠤ᠂ 524 ᠤᠳᠠᠭ᠎ᠠ ᠴᠠᠭᠳᠠᠭ᠎ᠠ ᠬᠥᠳᠡᠯᠭᠡᠵᠦ᠂ 145 ᠤᠳᠠᠭ᠎ᠠ ᠲᠡᠷᠭᠡ ᠬᠥᠳᠡᠯᠭᠡᠵᠦ᠂ 9 ᠠᠵᠢᠯᠯᠠᠬᠤ ᠳᠤᠭᠤᠶ᠋ᠢᠯᠠᠩ ᠪᠦᠷᠢᠯᠳᠦᠵᠦ᠂   ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠨᠠᠷ ᠡᠯ᠎ᠡ ᠤᠢ ᠰᠢᠭᠤᠶ ᠵᠢᠨ ᠲᠠᠯᠠᠪᠠᠢ ᠵᠢᠨ ᠠᠵᠢᠯᠯᠠᠬᠤ ᠣᠷᠣᠨ ᠳᠣᠲᠣᠷᠠᠬᠢ ᠬᠡᠭᠡᠷ᠎ᠡ ᠭᠠᠳᠠᠨ᠎ᠠ ᠵᠢᠨ ᠲᠠᠷᠢᠶᠠᠯᠠᠩ ᠮᠠᠯ ᠠᠵᠤ ᠠᠬᠤᠶ ᠵᠢᠨ ᠣᠷᠣᠨ ᠴᠡᠭ᠂ ᠬᠠᠮᠢᠶᠠᠷᠴᠤ ᠬᠠᠮᠠᠭ᠋ᠠᠯᠠᠬᠤ ᠦᠷᠲᠡᠭᠡ᠂ ᠪᠠᠶ᠋ᠢᠴᠠᠭ᠋ᠠᠬᠤ ᠦᠷᠲᠡᠬᠡ ᠵᠡᠷᠭᠡ ᠰᠢᠭᠤᠶ᠋ᠢᠲᠤ ᠣᠷᠣᠨ᠎ᠤ ᠨᠢᠭᠡᠳᠦᠭᠡᠷ ᠱᠣᠭᠣᠮ᠎ᠳᠤ ᠭᠦᠨᠵᠡᠭᠡᠢ᠌ᠷᠡᠨ᠂ ᠬᠠᠨᠳᠤᠯᠭ᠋ᠠᠲᠤ ᠴᠢᠨᠠᠷᠲᠠᠶ᠎ᠪᠠᠷ ᠣᠶ᠋ᠢᠲᠤ ᠣᠷᠣᠨ᠎ᠳᠤ ᠣᠷᠣᠵᠣ ᠮᠡᠳᠡᠬᠦ 《ᠭᠤᠷᠪᠠ ᠥᠭᠡᠢ》 ᠬᠥᠮᠦᠰ ᠵᠢᠴᠢ ᠤᠢ ᠰᠢᠭᠤᠶ ᠵᠢᠨ ᠭᠠᠯ᠎ᠤᠨ ᠠᠶᠤᠯ᠎ᠤᠨ ᠳᠠᠯᠳᠠ ᠭᠡᠮ᠎ᠢ ᠲᠥᠪᠯᠡᠷᠡᠭᠦᠯᠦᠨ ᠵᠢᠭᠰᠠᠭ᠋ᠠᠨ ᠪᠠᠶ᠋ᠢᠴᠠᠭ᠋ᠠᠵᠤ᠂   ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠤᠬᠠᠭᠤᠯᠤᠨ ᠲᠠᠶ᠋ᠢᠯᠪᠤᠷᠢᠯᠠᠵᠤ᠂ ᠡᠶ᠎ᠡ ᠵᠣᠬᠢᠴᠠᠯᠲᠤ ᠲᠣᠭᠲᠠᠭᠤᠨ ᠪᠠᠶ᠋ᠢᠳᠠᠯ᠎ᠲᠠᠢ ᠰᠢᠭᠤᠶ᠋ᠢᠲᠤ ᠣᠷᠣᠨ᠎ᠢ ᠪᠠᠢ᠌ᠭᠤᠯᠬᠤ᠎ᠳᠤ ᠠᠮᠤᠷ ᠲᠦᠪᠰᠢᠨᠲᠤ ᠰᠠᠭᠤᠷᠢ ᠲᠠᠯᠪᠢᠵᠤ ᠦᠭᠴᠡᠢ᠃
      ᠬᠣᠶᠠᠷ᠎ᠲᠤ᠂ ᠡᠷᠴᠢᠮ ᠵᠶ᠋ᠠᠨ ᠴᠢᠩᠭ᠋ᠠᠷᠠᠭᠤᠯᠵᠤ᠂ ᠣᠢ ᠰᠢᠭᠣᠢ᠎ᠳᠤ ᠬᠣᠯᠪᠤᠭᠳᠠᠭᠰᠠᠨ ᠬᠠᠤᠯᠢ ᠵᠢ ᠵᠥᠷᠢᠴᠡᠵᠦ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ   ᠦᠭᠪᠡ᠃ ᠣᠢ ᠰᠢᠭᠣᠢ᠎ᠳᠤ ᠬᠣᠯᠪᠤᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠦᠭᠴᠦ   ᠪᠠᠶ᠋ᠢᠴᠠᠭ᠋ᠠᠨ ᠰᠢᠢᠳᠪᠦᠷᠢᠯᠡᠬᠦ ᠡᠷᠴᠢᠮ ᠵᠶ᠋ᠠᠨ ᠬᠠᠤᠯᠢ ᠶᠣᠰᠣᠭ᠋ᠠᠷ ᠴᠢᠩᠭ᠋ᠠᠳᠬᠠᠵᠤ᠂ ᠡᠯᠳᠡᠪ ᠵᠦᠢ᠍ᠯ᠎ᠤᠨ ᠤᠢ ᠰᠢᠭᠤᠶ ᠵᠢᠨ ᠠᠮᠢ ᠠᠬᠤᠶ ᠵᠢᠨ ᠡᠬᠢ ᠪᠠᠶᠠᠯᠢᠭ᠎ᠢ ᠡᠪᠳᠡᠬᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠪᠡ᠃ ᠤᠢ ᠰᠢᠭᠤᠶ ᠪᠣᠯᠤᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠢ ᠡᠪᠳᠡᠬᠦ ᠬᠠᠤᠯᠢ ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠡᠷᠡᠰ ᠬᠣᠷᠢᠭᠯᠠᠨ ᠵᠣᠭᠰᠣᠭ᠋ᠠᠵᠤ᠂ ᠥᠨᠳᠥᠷ ᠳᠠᠷᠤᠯᠲᠠᠲᠤ ᠰᠦᠷᠳᠡᠭᠦᠯᠬᠦ ᠪᠠᠶ᠋ᠢᠳᠠᠯ᠎ᠢ ᠢᠮᠠᠭᠲᠠ ᠪᠠᠲᠤᠯᠠᠵᠤ᠂ ᠤᠢ ᠰᠢᠭᠤᠶ ᠵᠢᠨ ᠠᠮᠢ ᠠᠬᠤᠶ ᠵᠢᠨ ᠠᠮᠤᠷ ᠲᠦᠪᠰᠢᠨ᠎ᠢ ᠪᠦᠬᠦ ᠬᠦᠴᠦ᠎ᠪᠠᠷ ᠵᠶ᠋ᠠᠨ ᠬᠠᠮᠠᠭ᠋ᠠᠯᠠᠪᠠ᠃ ᠳᠡᠭᠡᠳᠦ ᠬᠠᠭ᠋ᠠᠰ ᠵᠢᠯ᠂ ᠲᠤᠰ ᠲᠣᠪᠴᠢᠶ᠎ᠠ᠎ᠨᠢ 151 ᠡᠯ᠎ᠡ ᠲᠦᠷᠦᠯ᠎ᠤᠨ ᠣᠢ ᠰᠢᠭᠣᠢ᠎ᠳᠤ ᠬᠣᠯᠪᠤᠭᠳᠠᠭᠰᠠᠨ ᠬᠡᠷᠡᠭ᠎ᠢ ᠳᠠᠩᠰᠠᠯᠠᠨ᠂ 114   ᠬᠡᠷᠡᠭ᠎ᠢ ᠢᠯᠡᠷᠡᠭᠦᠯᠵᠦ᠂ ᠢᠯᠡᠷᠡᠭᠦᠯᠦᠭᠰᠡᠨ ᠨᠣᠷᠮ᠎ᠠ᠎ᠨᠢ 75.5%᠎ᠳᠤ ᠬᠦᠷᠴᠡᠢ᠃
      ᠭᠤᠷᠪᠠ᠎ᠳᠤ᠂ ᠵᠢᠵᠢᠭᠦᠷᠯᠡᠯ᠎ᠢ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠰᠢᠢᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠪᠠ᠃ 24 ᠴᠠᠭ᠎ᠤᠨ ᠵᠢᠵᠢᠭᠦᠷ ᠪᠡᠯᠡᠳᠬᠡᠯ᠎ᠤᠨ ᠲᠦᠷᠢᠮ ᠪᠠ ᠤᠳᠤᠷᠢᠳᠤᠯᠭ᠎ᠠ᠎ᠠᠴᠠ ᠵᠢᠵᠢᠭᠦᠷ ᠳᠠᠭ᠋ᠠᠭᠤᠯᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠴᠢᠬᠤᠯᠠ ᠶᠡᠬᠡ ᠪᠠᠶ᠋ᠢᠳᠠᠯ᠎ᠤᠨ ᠵᠢᠭ᠋ᠠᠪᠤᠷᠢ ᠠᠪᠴᠤ ᠮᠡᠳᠡᠭᠦᠯᠬᠦ   ᠳᠦᠷᠢᠮ᠎ᠢ ᠴᠢᠩᠭ᠎ᠠ ᠬᠡᠷᠡᠭᠵᠢᠭᠦᠯᠵᠤ᠂ ᠬᠦᠨᠳᠦ ᠶᠡᠬᠡ ᠬᠡᠷᠡᠭ᠂ ᠭᠡᠨᠡᠳᠲᠡ ᠡᠭᠦᠰᠦᠭᠰᠡᠨ ᠬᠡᠷᠡᠭ ᠪᠠ ᠪᠤᠰᠤᠳ ᠪᠠᠴᠢᠮ ᠪᠠᠶ᠋ᠢᠳᠠᠯ ᠲᠣᠭᠲᠠᠭ᠋ᠠᠯ ᠪᠠ ᠡᠮᠬᠢ ᠵᠢᠷᠤᠮ ᠶᠣᠰᠣᠭ᠋ᠠᠷ ᠴᠠᠭ ᠲᠤᠬᠠᠶ᠎ᠳᠤᠨᠢ ᠮᠡᠳᠡᠭᠦᠯᠬᠦ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠲᠣᠬᠢᠲᠠᠶ ᠠᠷᠭ᠋ᠠᠴᠠᠬᠤ ᠪᠠ ᠰᠢᠢᠳᠪᠦᠷᠢᠯᠡᠨ᠎ᠠ᠃


ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠫᠠᠺᠢᠰᠲ᠋ᠠᠨ᠎ᠳᠤ ᠬᠦᠨᠳᠦ ᠨᠤᠴᠢᠳᠠᠢ ᠰᠦᠷᠳᠡᠬᠦᠯᠦᠯ᠎ᠤᠨ ᠳᠠᠭ᠋ᠠᠷᠢᠯᠳᠠ ᠭᠠᠷᠣᠭᠰᠠᠨ ᠲᠤᠬᠠᠢ ᠰᠢ ᠵᠢᠨ ᠫᠢᠩ ᠫᠠᠺᠢᠰᠲ᠋ᠠᠨ᠎ᠤ ᠶᠡᠷᠦᠩᠭᠡᠢ᠌ᠯᠡᠭᠴᠢ ᠡᠾᠸᠦ᠋ᠰᠠᠢ᠌ᠨ᠎ᠳᠤ ᠲᠤᠬᠤᠨᠢᠭᠤᠯᠬᠤ ᠴᠠᠬᠢᠯᠭ᠋ᠠᠨ ᠴᠢᠮᠡᠭᠡ ᠢᠯᠡᠭᠡᠪᠡ
ᠹᠸᠩᠵᠸᠨ ᠬᠤᠳᠠ ᠵᠢᠨ ᠣᠢ ᠰᠢᠭᠤᠢ ᠵᠢᠨ ᠰᠡᠷᠭᠡᠶ᠋ᠢᠯᠡᠨ ᠵᠠᠰᠠᠬᠤ ᠥᠷᠲᠡᠭᠡ ᠤᠯᠤᠰ᠎ᠤᠨ ᠲᠡᠰ᠎ᠤᠨ ᠭᠣᠣᠯ ᠰᠢᠯᠭ᠋ᠠᠨ ᠮᠡᠳᠡᠭᠦᠯᠬᠦ ᠴᠡᠭ᠎ᠤᠨ ᠭᠣᠣᠯ ᠬᠢᠨᠠᠯᠲᠠ ᠵᠢᠨ ᠡᠲᠡᠭᠡᠳ ᠦᠬᠡᠷ ᠡᠷᠪᠡᠬᠡᠶ ᠵᠢ ᠬᠢᠨᠠᠨ ᠬᠡᠮᠵᠢᠬᠦ ᠪᠠᠶ᠋ᠢᠴᠠᠭ᠋ᠠᠯᠲᠠ ᠵᠢ ᠨᠠᠷᠢᠨ ᠬᠢᠨᠠᠮᠠᠭ᠋ᠠᠶ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠤᠨ ᠡᠳ᠋᠎ᠤᠨ ᠵᠠᠰᠠᠭ ᠠᠷᠠᠯᠵᠢᠶ᠎ᠠ᠂ ᠲᠠᠷᠢᠶᠠᠯᠠᠩ᠂ ᠤᠢ ᠰᠢᠭᠤᠶ᠂ ᠤᠰᠤᠨ ᠠᠰᠢᠭᠯᠠᠯᠲᠠ ᠵᠢᠨ ᠠᠵᠢᠯᠴᠢᠨ᠎ᠤ ᠡᠪᠯᠡᠯ᠎ᠤᠨ ᠲᠡᠷᠢᠭᠦᠯᠡᠭᠴᠢ ᠶᠦᠨ ᠯᠢ ᠫᠢᠩ ᠠᠵᠢᠯᠯᠠᠬᠤ ᠳᠤᠭᠤᠶ᠋ᠢᠯᠠᠩ᠎ᠤᠨ᠎ᠬᠢᠨ᠎ᠲᠠᠢ ᠬᠠᠮᠲᠤ᠎ᠪᠠᠷ ᠬᠤᠩᠭᠤᠯᠵᠢ ᠣᠶ ᠰᠢᠭᠤᠶ ᠵᠢᠨ ᠲᠣᠪᠴᠢᠶ᠎ᠠ᠎ᠳᠤ ᠬᠦᠷᠴᠦ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠣᠭᠣᠳᠪᠠ
ᠬᠢᠩᠭ᠋ᠠᠨ ᠠᠶ᠋ᠢᠮᠠᠭ᠎ᠤᠨ ᠣᠢ ᠰᠢᠭᠣᠢ ᠵᠢᠨ ᠠᠭ᠋ᠠᠷ᠎ᠤᠨ ᠠᠶᠠᠯᠠᠯ᠎ᠤᠨ ᠥᠷᠲᠡᠭᠡᠨ᠎ᠤ ᠨᠠᠮ᠎ᠤᠨ ᠡᠭᠦᠷ᠎ᠠᠴᠠ ᠲᠤᠰᠢᠶᠠᠯ᠎ᠳᠤ ᠪᠠᠶ᠋ᠢᠭ᠎ᠠ ᠨᠠᠮ᠎ᠤᠨ ᠭᠡᠰᠢᠭᠦᠨ᠎ᠤ ᠨᠡᠶ᠋ᠢᠭᠡᠮ ᠲᠣᠭᠣᠷᠢᠭ᠎ᠲᠤ ᠭᠦᠨᠵᠡᠭᠡᠢ᠌ᠷᠡᠨ ᠤᠯᠠᠨ ᠲᠦᠮᠡᠨ᠎ᠲᠠᠢ ᠬᠠᠷᠢᠯᠴᠠᠨ ᠦᠢ᠍ᠯᠡᠴᠢᠯᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠪᠠ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠠᠷᠣᠨ ᠬᠣᠰᠢᠭᠣᠨ᠎ᠳᠤ ᠭᠦᠨᠵᠡᠭᠡᠢ᠌ᠷᠡᠵᠦ ᠤᠯᠤᠰ᠎ᠤᠨ ᠥᠮᠴᠢᠯᠡᠯᠲᠦ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠪᠠ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠡ
 
             蒙ICP备05000248号