ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠯᠤᠨ ᠪᠤᠢ᠌ᠷ᠎ᠤᠨ ᠵᠠᠯᠠᠨ ᠠᠶ᠋ᠢᠯ ᠬᠤᠲᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠨᠢᠭᠡᠨ ᠤᠯᠤᠰ᠎ᠤᠨ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ ᠪᠤᠯᠬᠤ ᠣᠭᠣᠯᠢ ᠵᠢ ᠠᠮᠵᠢᠯᠲᠠ᠎ᠲᠠᠢ ᠠᠪᠤᠷᠠᠪᠠ
ᠨᠡᠶ᠋ᠢᠲᠡᠯᠡᠭᠰᠡᠨ ᠴᠠᠭ᠄ 2018-09-21

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ

                        ᠰᠦᠯᠵᠢᠶ᠎ᠡ ᠵᠢᠨ 7 ᠰᠠᠷ᠎ᠠ ᠵᠢᠨ 13᠎ᠤ ᠡᠳᠦᠷ᠎ᠤᠨ ᠮᠡᠳᠡᠭᠡ
   

     7 ᠰᠠᠷ᠎ᠠ ᠵᠢᠨ 8᠎ᠤ ᠡᠳᠦᠷ᠂ ᠵᠠᠯᠠᠨ ᠠᠶ᠋ᠢᠯ ᠬᠤᠳᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ ᠮᠢᠶᠣᠣ ᠡᠯ ᠱᠠᠨ ᠠᠭᠤᠯᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ ᠵᠢᠨ ᠠᠷᠠᠳ᠎ᠤᠨ ᠴᠠᠭᠳᠠᠭ᠎ᠠ ᠪᠤᠯᠤᠨ ᠮᠢᠶᠣᠣ ᠡᠯ ᠱᠠᠨ ᠠᠭᠤᠯᠠ ᠵᠢᠨ ᠤᠢ ᠰᠢᠭᠤᠢ ᠵᠢᠨ ᠲᠠᠯᠠᠪᠠᠢ ᠵᠢᠨ ᠠᠵᠢᠯᠲᠠᠨ ᠬᠠᠮᠲᠤ᠎ᠪᠠᠷ ᠨᠢᠭᠡᠨ ᠤᠯᠤᠰ᠎ᠤᠨ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ ᠪᠤᠯᠬᠤ ᠣᠭᠣᠯᠢ ᠵᠢᠨ ᠵᠤᠯᠵᠠᠭ᠎ᠠ ᠵᠢ ᠠᠪᠤᠷᠠᠪᠠ᠃
      ᠲᠤᠰ ᠡᠳᠦᠷ᠎ᠤᠨ ᠦᠳᠡ ᠵᠢᠨ ᠡᠮᠦᠨᠡᠬᠢ 9 ᠴᠠᠭ᠎ᠲᠤ᠂ ᠮᠢᠶᠣᠣ ᠡᠯ ᠱᠠᠨ ᠠᠭᠤᠯᠠ ᠵᠢᠨ ᠤᠢ ᠰᠢᠭᠤᠢ ᠵᠢᠨ ᠲᠠᠯᠠᠪᠠᠢ ᠵᠢᠨ ᠬᠠᠮᠢᠶᠠᠷᠤᠨ ᠬᠠᠮᠠᠭ᠋ᠠᠯᠠᠬᠤ ᠥᠷᠲᠡᠭᠡ ᠵᠢᠨ ᠠᠵᠢᠯᠲᠠᠨ᠎ᠠᠴᠠ ᠶᠠᠩ ᠴᠢ ᠱᠠᠨ ᠤᠰᠤᠨ ᠴᠥᠭᠥᠷᠥᠮ᠎ᠤᠨ ᠣᠷᠴᠢᠮ ᠴᠠᠭᠳᠠᠨ ᠬᠦᠷᠬᠦ ᠦᠶᠡᠰ ᠨᠢᠭᠡᠨ ᠰᠢᠷᠬᠠᠲᠤᠭᠰᠠᠨ ᠤᠭᠤᠯᠢ ᠵᠢ ᠣᠯᠵᠤ ᠮᠡᠳᠡᠭᠰᠡᠨ ᠪᠠᠢ᠌ᠨ᠎ᠠ᠃ ᠨᠠᠰᠢ ᠴᠠᠰᠢ ᠥᠩᠭᠡᠷᠡᠬᠦ ᠲᠡᠷᠭᠡ ᠤᠨᠤᠭ᠋ᠠᠨ᠎ᠤ 《ᠰᠦᠷᠳᠡᠭᠦᠯᠦᠯ》᠎ᠠᠴᠠ ᠵᠠᠢ᠌ᠯᠠᠭᠤᠯᠬᠤ ᠵᠢᠨ ᠲᠥᠯᠥᠭᠡ᠂ ᠬᠠᠮᠢᠶᠠᠷᠤᠨ ᠬᠠᠮᠠᠭ᠋ᠠᠯᠠᠬᠤ ᠦᠷᠳᠡᠭᠡ ᠵᠢᠨ ᠠᠵᠢᠯᠳᠠᠨ ᠲᠡᠬᠦᠨ᠎ᠢ ᠲᠠᠪᠡᠷᠢᠨ ᠠᠪᠴᠤ᠂ ᠲᠡᠷᠡ ᠳᠣᠣᠷ᠎ᠠ᠎ᠪᠠᠨ ᠵᠠᠯᠠᠨ ᠠᠶ᠋ᠢᠯ ᠬᠤᠳᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠲᠠᠢ ᠬᠠᠷᠢᠯᠴᠠᠨ᠂ ᠴᠠᠭ ᠲᠤᠬᠠᠶ᠎ᠳᠤᠨᠢ ᠬᠣᠲᠠ ᠵᠢᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠮᠢᠶᠣᠣ ᠡᠯ ᠱᠠᠨ ᠠᠭᠤᠯᠠ ᠵᠢᠨ ᠲᠣᠮᠢᠯᠠᠭᠰᠠᠨ ᠰᠠᠯᠪᠤᠷᠢ᠎ᠳᠤ ᠬᠦᠷᠭᠡᠪᠡ᠃ ᠠᠷᠠᠳ᠎ᠤᠨ ᠴᠠᠭᠳᠠᠭ᠎ᠠ ᠨᠠᠷᠢᠨ ᠬᠢᠨᠠᠮᠠᠬᠠᠢ ᠠᠵᠢᠭᠯᠠᠯᠳᠠ᠎ᠪᠠᠷ ᠳᠠᠮᠵᠢᠨ᠂ ᠪᠢᠴᠢᠬᠠᠨ ᠣᠭᠣᠯᠢ ᠵᠢᠨ ᠪᠡᠶ᠎ᠡ᠎ᠨᠢ ᠡᠷᠡᠬᠦᠯ᠎ᠤᠨ ᠬᠡᠪ ᠪᠠᠶ᠋ᠢᠳᠠᠯ᠎ᠲᠠᠢ᠂ ᠢᠯᠡᠳᠲᠡ ᠰᠢᠷᠬ᠎ᠠ ᠪᠠᠢ᠌ᠬᠤ ᠦᠭᠡᠢ ᠵᠢ ᠲᠤᠳᠤᠯᠠᠪᠠ᠃ ᠭᠡᠪᠡᠴᠦ ᠣᠶ᠋ᠢᠷ᠎ᠠ᠎ᠳᠤ ᠵᠠᠯᠠᠨ ᠠᠶ᠋ᠢᠯ ᠬᠤᠳᠠ᠎ᠳᠤ ᠤᠯᠠᠷᠢᠯ᠎ᠤᠨ ᠴᠢᠨᠠᠷᠲᠠᠶ ᠬᠤᠷ᠎ᠠ ᠪᠣᠷᠣᠭ᠋ᠠᠨ᠎ᠲᠠᠢ ᠡᠳᠦᠷ ᠦᠷᠬᠦᠯᠵᠢᠯᠡᠬᠦᠯᠬᠦ ᠪᠤᠯᠬᠤᠷ᠂ ᠠᠷᠠᠳ᠎ᠤᠨ ᠴᠠᠭᠳᠠᠭ᠎ᠠ᠎ᠠᠴᠠ ᠪᠢᠴᠢᠬᠠᠨ ᠤᠭᠤᠯᠢ ᠵᠢ ᠰᠢᠩᠭᠡᠯᠢᠭ᠎ᠲᠤ ᠲᠡᠵᠢᠭᠡᠵᠦ᠂ ᠴᠠᠭ ᠠᠭᠤᠷ ᠲᠤᠬᠢᠷᠠᠮᠵᠢᠳᠠᠢ ᠦᠶᠡᠰ ᠡᠬᠡ ᠪᠠᠢ᠌ᠭ᠋ᠠᠯᠢ᠎ᠳᠤ ᠪᠤᠴᠠᠭ᠋ᠠᠨ ᠲᠠᠯᠪᠢᠬᠤ᠎ᠪᠠᠷ ᠪᠤᠢ᠃
      ᠵᠡᠷᠯᠢᠭ ᠠᠮᠢᠳᠠᠨ᠎ᠢ ᠬᠠᠮᠠᠭ᠋ᠠᠯᠠᠬᠤ ᠲᠤᠰᠬᠠᠶ ᠠᠵᠢᠯᠯᠠᠭ᠎ᠠ ᠵᠢᠨ ᠲᠠᠰᠤᠷᠠᠯᠲᠠ ᠦᠭᠡᠢ ᠭᠦᠨᠵᠡᠭᠡᠶ᠋ᠢᠷᠡᠬᠦ ᠪᠠ ᠬᠠᠤᠯᠢ ᠬᠡᠷᠡᠭᠵᠢᠭᠦᠯᠬᠦ ᠰᠤᠷᠲᠠᠯ ᠤᠬᠠᠭᠤᠯᠭ᠎ᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢ ᠳᠠᠭ᠋ᠠᠯᠳᠤᠨ᠂ ᠥᠷᠭᠡᠨ ᠤᠯᠠᠨ ᠬᠤᠳᠠ ᠵᠢᠨ ᠠᠷᠠᠳ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠪᠠ ᠠᠪᠤᠷᠠᠨ ᠲᠤᠰᠠᠯᠠᠬᠤ ᠤᠬᠠᠮᠰᠠᠷ ᠢᠯᠡᠳᠲᠡ ᠴᠢᠩᠭ᠋ᠠᠷᠠᠵᠤ ᠪᠠᠢ᠌ᠨ᠎ᠠ᠃ ᠵᠠᠯᠠᠨ ᠠᠶ᠋ᠢᠯ ᠬᠤᠳᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠠᠮᠢ ᠠᠬᠤᠶ ᠵᠢᠨ ᠡᠬᠢ ᠪᠠᠶᠠᠯᠢᠭ᠎ᠢ ᠬᠠᠮᠠᠭ᠋ᠠᠯᠠᠬᠤ ᠵᠢ ᠴᠢᠩᠭ᠋ᠠᠳᠬᠠᠬᠤ ᠵᠢᠨ ᠬᠠᠮᠲᠤ᠂ ᠰᠢᠷᠬᠠᠲᠤᠭᠰᠠᠨ ᠠᠮᠢᠲᠠᠨ᠎ᠢ ᠲᠡᠩᠬᠡᠷᠡᠭᠦᠯᠦᠨ ᠲᠤᠰᠠᠯᠠᠬᠤ ᠡᠷᠴᠢᠮ ᠵᠶ᠋ᠡᠨ ᠨᠡᠮᠡᠭᠳᠡᠭᠦᠯᠵᠦ᠂ ᠠᠪᠠ ᠠᠩᠨᠠᠯ᠎ᠳᠤ ᠴᠢᠩᠭ᠎ᠠ ᠴᠣᠬᠢᠯᠲᠠ ᠥᠭᠴᠦ᠂ ᠬᠡᠭᠡᠷ᠎ᠡ ᠵᠢᠨ ᠠᠮᠢᠲᠠᠨ᠎ᠢ ᠠᠷᠠᠯᠵᠢᠶᠠᠯᠠᠬᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠦᠴᠦᠲᠡᠶ ᠳᠠᠷᠤᠯᠳᠠ ᠦᠭᠴᠦ᠂ ᠬᠡᠭᠡᠷ᠎ᠡ ᠵᠢᠨ ᠠᠮᠢᠲᠠᠨ᠎ᠳᠤ ᠨᠡᠩ ᠰᠠᠶ᠋ᠢᠨ ᠣᠷᠣᠰᠢᠨ ᠲᠤᠭᠳᠠᠨᠢᠯ ᠪᠤᠯᠤᠨ ᠦᠷᠡᠵᠢᠯ᠎ᠤᠨ ᠪᠠᠲᠤᠯᠠᠭ᠎ᠠ ᠤᠯᠭᠤᠵᠠᠢ᠃ (ᠴᠸᠨ ᠰᠢᠦ ᠳ᠋ᠦᠩ)


ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ ᠬᠣᠲᠠ ᠵᠢᠨ ᠤᠢ ᠰᠢᠭᠤᠶ ᠵᠢᠨ ᠠᠵᠢᠯ᠎ᠤᠨ ᠦᠷᠳᠡᠭᠡ᠎ᠠᠴᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠤᠢ ᠰᠢᠭᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠯᠭᠡᠷᠡᠭᠦᠯᠦᠯᠲᠡ ᠵᠢᠨ ᠲᠦᠰᠦᠯ᠎ᠤᠨ ᠬᠣᠯᠪᠣᠭᠳᠠᠯ ᠪᠦᠬᠦᠢ ᠠᠵᠢᠯ᠎ᠢ ᠨᠠᠢ᠌ᠳᠠᠪᠤᠷᠢᠵᠢᠭᠤᠯᠪᠠ
ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠎ᠠᠴᠠ ᠬᠠᠪᠰᠤᠷᠤᠨ ᠲᠡᠳᠬᠦᠬᠦ ᠴᠡᠭ᠎ᠲᠤ ᠮᠣᠳᠣ ᠲᠠᠷᠢᠬᠤ ᠠᠵᠢᠯᠯᠠᠭ᠎ᠠ ᠵᠢ ᠶᠠᠪᠤᠭᠳᠠᠭᠤᠯᠪᠠ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠥᠪᠥᠷ ᠮᠣᠩᠭᠣᠯ᠎ᠤᠨ ᠮᠢᠶᠠᠨ ᠳ᠋ᠦ᠋ ᠾᠧ ᠭᠤᠤᠯ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠲᠤᠷᠰᠢᠯᠲᠠ ᠵᠢᠨ ᠴᠡᠭ᠎ᠲᠤ ᠰᠢᠯᠭ᠋ᠠᠨ ᠠᠪᠬᠤ ᠪᠠᠶ᠋ᠢᠴᠠᠭ᠋ᠠᠯᠲᠠ ᠬᠢᠪᠡ
ᠦᠬᠠᠢ ᠬᠤᠲᠠ ᠵᠢᠨ ᠤᠢ ᠰᠢᠭᠤᠢ ᠵᠢᠨ ᠲᠤᠪᠴᠢᠶ᠎ᠠ ᠵᠢᠨ ᠮᠡᠳᠡᠭᠦᠯᠦᠭᠰᠡᠨ 2018 ᠣᠨ᠎ᠤ ᠲᠥᠪ᠎ᠤᠨ ᠡᠳ᠋᠎ᠤᠨ ᠵᠠᠰᠠᠭ᠎ᠤᠨ ᠤᠢ ᠰᠢᠭᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠯᠭᠡᠷᠡᠭᠦᠯᠦᠯᠲᠡ ᠵᠢᠨ ᠵᠢᠱ᠌ᠢᠶ᠎ᠡ ᠦᠵᠡᠭᠦᠯᠬᠦ ᠲᠦᠰᠦᠪ᠎ᠢ ᠣᠯᠣᠰ᠎ᠠᠴᠠ ᠵᠦᠪᠰᠢᠶᠡᠷᠡᠪᠡ
ᠤᠯᠤᠰ᠎ᠤᠨ ᠤᠢ ᠰᠢᠭᠤᠢ ᠵᠢᠨ ᠲᠣᠪᠴᠢᠶ᠎ᠠ ᠵᠢᠨ ᠪᠠᠶ᠋ᠢᠴᠠᠭ᠋ᠠᠬᠤ ᠲᠥᠯᠥᠪᠵᠢᠭᠦᠯᠭᠡ ᠵᠢᠨ ᠵᠢᠷᠤᠭ ᠲᠥᠯᠥᠪᠯᠡᠭᠡᠨ᠎ᠤ ᠬᠦᠷᠢᠶᠡᠯᠡᠩ᠎ᠠᠴᠠ ᠬᠥᠯᠥᠨ ᠪᠤᠢ᠌ᠷ ᠬᠤᠳᠠ ᠵᠢᠨ ᠰᠢᠨ᠎ᠡ ᠪᠠᠷᠭᠤ ᠪᠠᠷᠠᠭᠤᠨ ᠬᠣᠰᠢᠭᠣᠨ᠎ᠳᠤ ᠬᠦᠷᠴᠦ 2008 — 2012 ᠣᠨ ᠬᠢᠨᠠᠨ ᠪᠠᠶ᠋ᠢᠴᠠᠭ᠋ᠠᠬᠤ ᠣᠶ᠋ᠢᠵᠢᠭᠤᠯᠬᠤ ᠲᠦᠰᠦᠪ᠎ᠢ ᠪᠠᠶ᠋ᠢᠴᠠᠭ᠋ᠠᠨ ᠰᠤᠳᠤᠯᠤᠯᠲᠠ ᠬᠢᠪᠠ
 
             蒙ICP备05000248号