ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠢᠩᠭ᠋ᠠᠨ ᠠᠶ᠋ᠢᠮᠠᠭ᠎ᠤᠨ ᠣᠢ ᠰᠢᠭᠣᠢ ᠵᠢᠨ ᠠᠭ᠋ᠠᠷ᠎ᠤᠨ ᠠᠶᠠᠯᠠᠯ᠎ᠤᠨ ᠥᠷᠲᠡᠭᠡᠨ᠎ᠤ ᠨᠠᠮ᠎ᠤᠨ ᠡᠭᠦᠷ᠎ᠠᠴᠠ ᠲᠤᠰᠢᠶᠠᠯ᠎ᠳᠤ ᠪᠠᠶ᠋ᠢᠭ᠎ᠠ ᠨᠠᠮ᠎ᠤᠨ ᠭᠡᠰᠢᠭᠦᠨ᠎ᠤ ᠨᠡᠶ᠋ᠢᠭᠡᠮ ᠲᠣᠭᠣᠷᠢᠭ᠎ᠲᠤ ᠭᠦᠨᠵᠡᠭᠡᠢ᠌ᠷᠡᠨ ᠤᠯᠠᠨ ᠲᠦᠮᠡᠨ᠎ᠲᠠᠢ ᠬᠠᠷᠢᠯᠴᠠᠨ ᠦᠢ᠍ᠯᠡᠴᠢᠯᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠪᠠ
ᠨᠡᠶ᠋ᠢᠲᠡᠯᠡᠭᠰᠡᠨ ᠴᠠᠭ᠄ 2018-09-15

      ᠤᠢ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ 7 ᠰᠠᠷ᠎ᠠ ᠵᠢᠨ 24᠎ᠤ ᠡᠳᠦᠷ᠎ᠤᠨ ᠮᠡᠳᠡᠭᠡ
      ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠬᠤ ᠵᠢᠨ ᠲᠦᠯᠦᠭᠡ᠂ 《ᠬᠣᠶᠠᠷ᠎ᠢ ᠰᠤᠷᠤᠯᠴᠠᠵᠤ ᠬᠢᠷᠢ ᠲᠡᠩᠴᠡᠭᠰᠡᠨ ᠨᠠᠮ᠎ᠤᠨ ᠭᠡᠰᠢᠭᠦᠨ ᠪᠤᠯᠬᠤ》 ᠰᠤᠷᠤᠯᠴᠠᠯᠭ᠎ᠠ ᠬᠥᠮᠦᠵᠢᠯ᠎ᠤᠨ ᠪᠠᠢ᠌ᠢ᠍ᠨᠭ᠌ᠭᠤᠵᠢᠭᠤᠯᠤᠯᠲᠠ᠂ ᠳᠦᠷᠢᠮᠵᠢᠭᠦᠯᠦᠯᠲᠡ ᠵᠢ ᠭᠦᠨᠵᠡᠭᠡᠶ ᠲᠦᠯᠬᠢᠨ ᠠᠬᠢᠭᠤᠯᠵᠤ᠂ ᠨᠠᠮ᠎ᠤᠨ ᠭᠡᠰᠢᠭᠦᠨ᠎ᠤ ᠬᠠᠷᠢᠭᠤᠴᠠᠯᠭ᠋ᠠᠲᠤ ᠤᠬᠠᠮᠰᠠᠷ ᠪᠠ ᠦᠢ᠍ᠯᠡᠴᠢᠯᠡᠬᠦ ᠦᠵᠡᠯ ᠤᠬᠠᠮᠰᠠᠷ᠎ᠢ ᠨᠡᠮᠡᠭᠳᠡᠭᠦᠯᠵᠤ᠂ ᠤᠯᠠᠨ ᠲᠦᠮᠡᠨ᠎ᠤ ᠦᠢ᠍ᠯᠡᠴᠢᠯᠡᠭᠡ᠎ᠲᠠᠢ ᠨᠢᠭᠲᠠ ᠬᠠᠷᠢᠯᠴᠠᠨ᠂ ᠨᠠᠮ᠎ᠤᠨ ᠭᠡᠰᠢᠭᠦᠨ᠎ᠤ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠦᠯᠦᠭᠡ᠂ 7 ᠰᠠᠷ᠎ᠠ ᠵᠢᠨ 19᠎ᠤ ᠡᠳᠦᠷ᠎ᠤᠨ ᠦᠳᠡ ᠵᠢᠨ ᠡᠮᠦᠨ᠎ᠡ᠂ ᠤᠯᠠᠭ᠋ᠠᠨᠬᠣᠲᠠ ᠵᠢᠨ ᠠᠭ᠋ᠠᠷ᠎ᠤᠨ ᠠᠶᠠᠯᠠᠯ᠎ᠤᠨ ᠤᠢ ᠰᠢᠭᠤᠶ ᠬᠠᠮᠠᠭ᠋ᠠᠯᠠᠬᠤ   ᠦᠷᠲᠡᠭᠡᠨ᠎ᠤ ᠨᠠᠮ᠎ᠤᠨ ᠡᠭᠦᠷ᠎ᠠᠴᠠ ᠲᠤᠰᠢᠶᠠᠯ᠎ᠳᠤ ᠪᠠᠶ᠋ᠢᠭ᠎ᠠ ᠨᠠᠮ᠎ᠤᠨ ᠭᠡᠰᠢᠭᠦᠨ᠎ᠤ ᠡᠦ ᠢ ᠵᠡᠭᠡᠯᠢ ᠵᠢᠨ ᠳᠠᠢ᠌ᠴᠢᠨ ᠲᠣᠭᠣᠷᠢᠭ᠎ᠲᠤ ᠤᠯᠠᠨ ᠲᠦᠮᠡᠨ᠎ᠲᠠᠢ   ᠬᠠᠷᠢᠯᠴᠠᠨ ᠦᠢ᠍ᠯᠡᠴᠢᠯᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠪᠡ  ᠃
      ᠲᠤᠰᠢᠶᠠᠯ᠎ᠳᠤ ᠪᠠᠶ᠋ᠢᠭ᠎ᠠ ᠨᠠᠮ᠎ᠤᠨ ᠭᠡᠰᠢᠭᠦᠨ ᠤᠷᠢᠳ ᠬᠣᠵᠢᠳ ᠣᠢ ᠰᠢᠭᠤᠢ ᠵᠢᠨ ᠠᠭ᠋ᠠᠷ᠎ᠤᠨ ᠠᠶᠠᠯᠠᠯ᠎ᠤᠨ ᠥᠷᠲᠡᠭᠡᠨ᠎ᠤ ᠨᠠᠮ᠎ᠤᠨ ᠡᠭᠦᠷ᠎ᠠᠴᠠ ᠬᠠᠮᠲᠤᠷᠠᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠬᠦᠷᠳᠡᠬᠦ᠎ᠳᠤ ᠬᠥᠪᠡᠭᠡᠳᠡᠵᠦ ᠪᠠᠶ᠋ᠢᠭ᠎ᠠ ᠬᠣᠶᠠᠷ ᠭᠡᠷ ᠪᠦᠯᠢ ᠵᠢ ᠣᠷᠢᠳ ᠬᠣᠵᠢᠳ ᠰᠣᠷᠪᠣᠯᠵᠢᠯᠠᠨ᠂ ᠬᠠᠮᠲᠤᠷᠠᠨ   ᠲᠡᠳᠭᠦᠭᠳᠡᠭᠰᠡᠨ ᠡᠲᠡᠭᠡᠳ᠎ᠨᠢ ᠴᠥᠮ ᠭᠠᠨᠢ ᠨᠠᠰᠤᠲᠠᠨ ᠪᠠᠢ᠌ᠵᠣ᠂ ᠲᠡᠳᠡᠨ᠎ᠳᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ᠂ ᠨᠠᠮ᠎ᠤᠨ ᠱᠤᠭᠤᠮ ᠴᠢᠭᠯᠡᠯᠲᠡ ᠲᠦᠷᠦ ᠵᠢᠨ ᠪᠤᠳᠦᠯᠭ᠎ᠠ ᠵᠢᠨ ᠲᠤᠬᠠᠢ ᠤᠬᠠᠭᠤᠯᠭ᠎ᠠ ᠬᠢᠵᠦ ᠲᠠᠶ᠋ᠢᠯᠪᠤᠷᠢᠯᠠᠨ ᠶᠠᠷᠢᠭᠰᠠᠨ ᠪᠥᠭᠡᠳ ᠢᠳᠡᠰᠢᠨ ᠲᠣᠰᠣ ᠪᠣᠯᠤᠨ ᠲᠠᠬᠢᠶᠠᠨ ᠥᠨᠳᠡᠭᠡ ᠬᠦᠷᠭᠡᠵᠦ᠂ ᠲᠡᠳᠡᠨ᠎ᠲᠠᠢ ᠳᠣᠲᠣᠨᠣ᠎ᠪᠠᠷ ᠶᠠᠷᠢᠯᠴᠠᠵᠤ᠂ ᠬᠦᠴᠢᠷᠳᠡᠯ᠎ᠲᠠᠢ ᠬᠡᠷ ᠪᠦᠯᠢ ᠵᠢᠨ ᠦᠨᠳᠦᠰᠦᠨ ᠪᠠᠶ᠋ᠢᠳᠠᠯ ᠵᠢᠴᠢ ᠪᠡᠶ᠎ᠡ ᠮᠠᠬᠠᠪᠣᠳ᠎ᠤᠨ ᠪᠠᠶ᠋ᠢᠳᠠᠯ᠎ᠢ ᠣᠶ᠋ᠢᠯᠠᠭ᠋ᠠᠵᠤ᠂ ᠰᠢᠢᠳᠪᠦᠷᠢᠯᠡᠬᠦ ᠴᠢᠬᠤᠯᠠᠲᠠᠶ ᠠᠰᠠᠭᠤᠳᠠᠯ᠎ᠢ ᠯᠠᠪᠯᠠᠨ ᠠᠰᠠᠭᠤᠪᠠ᠃

      ᠡᠨᠡ ᠤᠳᠠᠭ᠋ᠠᠨ᠎ᠤ ᠲᠤᠰᠢᠶᠠᠯ᠎ᠳᠤ ᠪᠠᠶ᠋ᠢᠭ᠎ᠠ ᠨᠠᠮ᠎ᠤᠨ ᠭᠡᠰᠢᠭᠦᠨ᠎ᠠᠴᠠ ᠨᠡᠶ᠋ᠢᠭᠡᠮ ᠲᠣᠭᠣᠷᠢᠭ᠎ᠲᠤ ᠥᠷᠨᠢᠭᠦᠯᠦᠭᠰᠡᠨ ᠠᠵᠢᠯᠯᠠᠭ᠎ᠠ᠎ᠳᠤ᠂ ᠠᠭ᠋ᠠᠷ᠎ᠤᠨ ᠠᠶᠠᠯᠠᠯ᠎ᠤᠨ ᠥᠷᠲᠡᠭᠡᠨ᠎ᠤ ᠪᠦᠬᠦ ᠨᠠᠮ᠎ᠤᠨ ᠭᠡᠰᠢᠭᠦᠳ ᠢᠳᠡᠪᠬᠢᠲᠡᠶ᠎ᠪᠠᠷ ᠣᠷᠣᠯᠴᠠᠵᠤ᠂ ᠨᠠᠮ᠎ᠤᠨ ᠭᠡᠰᠢᠭᠦᠨ ᠨᠢᠭᠡᠪᠦᠷᠢ ᠵᠢᠨ ᠦᠢ᠍ᠯᠡᠳᠦᠯ᠎ᠢ ᠪᠠᠳᠠᠷᠠᠭᠤᠯᠵᠤ᠂ ᠨᠡᠶ᠋ᠢᠭᠡᠮ ᠲᠣᠭᠣᠷᠢᠭ᠎ᠤᠨ ᠤᠯᠠᠨ ᠲᠦᠮᠡᠨ᠎ᠳᠤ ᠬᠠᠯᠠᠭᠤᠨ ᠳᠤᠯᠠᠭ᠋ᠠᠨ ᠬᠠᠶ᠋ᠢᠷ᠎ᠠ ᠬᠠᠯᠠᠮᠵᠢ ᠣᠯᠭᠣᠵᠣ᠂ ᠬᠠᠪᠰᠤᠷᠤᠨ ᠲᠡᠳᠭᠦᠭᠳᠡᠭᠰᠡᠨ ᠡᠷᠦᠬᠡ ᠵᠢᠨ ᠰᠠᠢ᠌ᠨ ᠦᠨᠡᠯᠡᠯᠲᠡ ᠵᠢ ᠣᠯᠤᠭᠰᠠᠨ ᠪᠠᠶ᠋ᠢᠨ᠎ᠠ᠂ ᠣᠢ ᠰᠢᠭᠣᠢ ᠵᠢᠨ ᠠᠭ᠋ᠠᠷ᠎ᠤᠨ ᠠᠶᠠᠯᠠᠯ᠎ᠤᠨ ᠥᠷᠲᠡᠭᠡᠨ᠎ᠤ ᠨᠠᠮ᠎ᠤᠨ ᠡᠭᠦᠷ᠎ᠤᠨ᠎ᠬᠢᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠬᠣᠷᠢᠶᠠᠨ᠎ᠤ ᠨᠢᠭᠡᠳᠦᠯᠲᠡᠶ ᠤᠳᠤᠷᠢᠳᠤᠯᠭ᠎ᠠ ᠳᠣᠣᠷ᠎ᠠ ᠡᠨᠡ ᠬᠦ᠌ ᠠᠵᠢᠯᠯᠠᠭ᠎ᠠ ᠵᠢ ᠪᠦᠲᠦᠮᠵᠢᠲᠡᠶ ᠦᠷᠬᠦᠯᠵᠢᠯᠡᠨ ᠥᠷᠨᠢᠭᠦᠯᠬᠦ᠎ᠪᠠᠷ ᠪᠠᠢ᠌ᠨ᠎ᠠ᠃ 

ᠢᠷᠡᠯᠲᠡ᠄ ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠠᠷᠣᠨ ᠬᠣᠰᠢᠭᠣᠨ᠎ᠳᠤ ᠭᠦᠨᠵᠡᠭᠡᠢ᠌ᠷᠡᠵᠦ ᠤᠯᠤᠰ᠎ᠤᠨ ᠥᠮᠴᠢᠯᠡᠯᠲᠦ ᠤᠢ ᠰᠢᠭᠤᠶ ᠵᠢᠨ ᠲᠠᠯᠠᠪᠠᠢ ᠵᠢᠨ ᠥᠭᠡᠷᠡᠴᠢᠯᠡᠯᠲᠡ ᠪᠠ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠡ
ᠣᠷᠳᠣᠰ ᠬᠣᠲᠠ ᠵᠢᠨ ᠳᠠᠯᠠᠳ ᠬᠤᠰᠢᠭᠤᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠵᠠᠬᠢᠳᠠᠯ ᠰᠤᠷᠪᠤᠯᠵᠢᠯᠠᠭ᠎ᠠ ᠵᠢᠨ ᠬᠡᠷᠡᠭ᠎ᠢ ᠢᠳᠡᠪᠬᠢᠲᠡᠶ᠎ᠪᠠᠷ ᠰᠢᠢ᠍ᠳᠪᠤᠷᠢᠯᠡᠵᠦ᠂ ᠣᠯᠠᠨ ᠲᠦᠮᠡᠨ᠎ᠤ ᠵᠥᠷᠢᠴᠡᠯ᠎ᠢ ᠨᠠᠮᠳᠠᠭᠤᠯᠪᠠ
ᠬᠦᠯᠤᠨ ᠪᠤᠢ᠌ᠷ᠎ᠤᠨ ᠵᠠᠯᠠᠨ ᠠᠶ᠋ᠢᠯ ᠬᠤᠲᠠ ᠵᠢᠨ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ ᠨᠢᠭᠡᠨ ᠤᠯᠤᠰ᠎ᠤᠨ ᠬᠣᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ ᠪᠤᠯᠬᠤ ᠣᠭᠣᠯᠢ ᠵᠢ ᠠᠮᠵᠢᠯᠲᠠ᠎ᠲᠠᠢ ᠠᠪᠤᠷᠠᠪᠠ
ᠬᠥᠯᠥᠨ ᠪᠣᠶ᠋ᠢᠷ ᠬᠣᠲᠠ ᠵᠢᠨ ᠤᠢ ᠰᠢᠭᠤᠶ ᠵᠢᠨ ᠠᠵᠢᠯ᠎ᠤᠨ ᠦᠷᠳᠡᠭᠡ᠎ᠠᠴᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠤᠢ ᠰᠢᠭᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠯᠭᠡᠷᠡᠭᠦᠯᠦᠯᠲᠡ ᠵᠢᠨ ᠲᠦᠰᠦᠯ᠎ᠤᠨ ᠬᠣᠯᠪᠣᠭᠳᠠᠯ ᠪᠦᠬᠦᠢ ᠠᠵᠢᠯ᠎ᠢ ᠨᠠᠢ᠌ᠳᠠᠪᠤᠷᠢᠵᠢᠭᠤᠯᠪᠠ
ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠎ᠠᠴᠠ ᠬᠠᠪᠰᠤᠷᠤᠨ ᠲᠡᠳᠬᠦᠬᠦ ᠴᠡᠭ᠎ᠲᠤ ᠮᠣᠳᠣ ᠲᠠᠷᠢᠬᠤ ᠠᠵᠢᠯᠯᠠᠭ᠎ᠠ ᠵᠢ ᠶᠠᠪᠤᠭᠳᠠᠭᠤᠯᠪᠠ
 
             蒙ICP备05000248号