ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠠᠵᠢᠯ᠎ᠤᠨ ᠶᠡᠷᠦᠩᠬᠡᠶ ᠥᠷᠲᠡᠭᠡ ᠵᠢᠨ ᠣᠳᠣᠷᠢᠳᠣᠯᠭ᠎ᠠ᠎ᠠᠴᠠ ᠬᠥᠯᠥᠨ ᠪᠤᠢ᠌ᠷ᠎ᠤᠨ ᠵᠠᠯᠠᠨ ᠠᠶ᠋ᠢᠯ ᠬᠤᠳᠠ ᠵᠢᠨ ᠤᠢ ᠰᠢᠭᠤᠶ ᠵᠢᠨ ᠲᠧᠭᠨᠢᠭ ᠮᠡᠷᠭᠡᠵᠢᠯ᠎ᠢ ᠳᠡᠯᠭᠡᠷᠡᠭᠦᠯᠬᠦ ᠠᠵᠢᠯ᠎ᠢ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ
ᠨᠡᠶ᠋ᠢᠲᠡᠯᠡᠭᠰᠡᠨ ᠴᠠᠭ᠄ 2018-09-20

      ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 8 ᠰᠠᠷ᠎ᠠ ᠵᠢᠨ 22᠎ᠤᠨ ᠡᠳᠦᠷ ᠮᠡᠳᠡᠭᠡ
     2018 ᠣᠨ᠎ᠤ 8 ᠰᠠᠷ᠎ᠠ ᠵᠢᠨ 17᠎ᠤ ᠡᠳᠦᠷ᠎ᠠᠴᠠ 18᠎ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠠᠵᠢᠯ᠎ᠤᠨ ᠶᠡᠷᠦᠩᠬᠡᠶ ᠥᠷᠲᠡᠭᠡᠨ᠎ᠤ ᠳᠡᠳ᠋ ᠦᠷᠲᠡᠭᠡᠨ ᠳᠠᠷᠤᠭ᠎ᠠ ᠱᠠᠨ ᠸᠸᠢ᠂ ᠵᠠᠯᠠᠨ ᠠᠶ᠋ᠢᠯ ᠬᠤᠳᠠ ᠵᠢᠨ ᠤᠢ ᠰᠢᠭᠤᠶ ᠵᠢᠨ ᠲᠧᠭᠨᠢᠭ ᠮᠡᠷᠭᠡᠵᠢᠯ᠎ᠢ ᠳᠡᠯᠭᠡᠷᠡᠭᠦᠯᠬᠦ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ᠃ ᠬᠥᠯᠥᠨ ᠪᠤᠢ᠌ᠷ ᠬᠤᠳᠠ ᠵᠢᠨ ᠤᠢ ᠰᠢᠭᠤᠢ ᠵᠢᠨ ᠠᠵᠢᠯ᠎ᠤᠨ ᠦᠷᠲᠡᠭᠡ ᠵᠢᠨ ᠳᠡᠳ᠋ ᠳᠠᠷᠤᠭ᠎ᠠ ᠵᠢᠨ ᠢᠦᠶ ᠵᠢᠴᠢ ᠬᠣᠯᠪᠣᠭᠳᠠᠯ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠲᠠᠢ ᠬᠠᠮᠲᠤ᠎ᠪᠠᠷ ᠪᠠᠶ᠋ᠢᠴᠠᠭ᠋ᠠᠨ ᠰᠤᠳᠤᠯᠤᠯᠲᠠ ᠬᠢᠪᠡ᠃
      ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ᠎ᠠᠴᠠ ᠵᠠᠯᠠᠨ ᠠᠶ᠋ᠢᠯ ᠬᠤᠳᠠ ᠵᠢᠨ 2016 ᠣᠨ᠎ᠠᠴᠠ ᠨᠠᠰᠢᠬᠢ ᠤᠢ ᠰᠢᠭᠤᠶ ᠵᠢᠨ ᠲᠧᠭᠨᠢᠭ ᠮᠡᠷᠭᠡᠵᠢᠯ᠎ᠢ ᠳᠡᠯᠭᠡᠷᠡᠭᠦᠯᠬᠦ ᠠᠵᠢᠯ᠎ᠳᠤ ᠪᠥᠬᠥ ᠲᠠᠯ᠎ᠠ᠎ᠪᠠᠷ ᠪᠠᠶ᠋ᠢᠴᠠᠭ᠋ᠠᠨ ᠰᠤᠳᠤᠯᠤᠯᠲᠠ ᠬᠢᠵᠦ᠂ ᠳ᠋ᠠ ᠾᠧ ᠸᠠᠨ ᠪᠠᠯᠭ᠋ᠠᠰᠣᠨ᠎ᠳᠤ ᠭᠦᠨᠵᠡᠭᠡᠢ᠌ᠷᠡᠵᠦ᠂ ᠬᠡᠭᠡᠷ᠎ᠡ ᠵᠢᠨ ᠰᠢᠳ ᠪᠣᠶ᠋ᠢᠵᠢᠭᠤᠯᠬᠤ ᠮᠡᠷᠭᠡᠵᠢᠯ᠎ᠢ ᠳᠡᠯᠭᠡᠷᠡᠭᠦᠯᠦᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠂ ᠬᠠᠮᠢᠶᠠᠷᠤᠯᠲᠠ ᠵᠢ ᠪᠠᠶ᠋ᠢᠴᠠᠭ᠋ᠠᠵᠤ᠂ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠬᠤ᠎ᠪᠠᠷ ᠳᠠᠮᠵᠢᠨ ᠣᠶ᠋ᠢᠯᠠᠭ᠋ᠠᠵᠤ ᠮᠡᠳᠡᠭᠰᠡᠨ᠎ᠨᠢ᠂ ᠤᠢ ᠰᠢᠭᠤᠶ ᠵᠢᠨ ᠲᠧᠭᠨᠢᠭ ᠮᠡᠷᠭᠡᠵᠢᠯ᠎ᠢ ᠳᠡᠯᠭᠡᠷᠡᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠬᠡᠭᠡᠷ᠎ᠡ ᠵᠢᠨ ᠰᠢᠳ᠎ᠨᠢ ᠤᠢ ᠰᠢᠭᠤᠶ ᠵᠢᠨ ᠲᠧᠭᠨᠢᠭ ᠮᠡᠷᠭᠡᠵᠢᠯ᠎ᠢ ᠳᠡᠯᠭᠡᠷᠡᠭᠦᠯᠬᠦ᠎ᠪᠠᠷ ᠳᠠᠮᠵᠢᠭᠤᠯᠤᠨ ᠬᠡᠷᠡᠭᠵᠢᠭᠦᠯᠵᠤ᠂ ᠶᠠᠰᠤ ᠴᠢᠨᠠᠷ ᠪᠠ ᠲᠣᠭ᠋ᠠᠨ᠎ᠤ ᠲᠠᠯ᠎ᠠ᠎ᠪᠠᠷ ᠢᠯᠡᠳᠲᠡ ᠳᠡᠭᠡᠭᠰᠢᠯᠡᠵᠦ᠂ ᠮᠦ᠍ ᠪᠦᠷᠢ ᠵᠢᠨ ᠤᠨᠠᠯᠲᠠ᠎ᠨᠢ 30 ᠺᠢᠯᠣᠭ᠌ᠷᠠᠮ ᠪᠠᠶ᠋ᠢᠭᠰᠠᠨ᠎ᠠᠴᠠ᠎ᠪᠠᠨ 125 ᠺᠢᠯᠣᠭ᠌ᠷᠠᠮ ᠪᠤᠯᠤᠨ ᠳᠡᠭᠡᠭᠰᠢᠯᠡᠵᠦ᠂ ᠮᠦ᠍ ᠪᠦᠷᠢ ᠵᠢᠨ ᠣᠷᠣᠯᠭ᠎ᠠ᠎ᠨᠢ 1200 ᠲᠥᠭᠥᠷᠢᠭ ᠪᠤᠯᠤᠨ ᠨᠡᠮᠡᠭᠳᠡᠵᠦ᠂ ᠥᠷᠭᠡᠨ ᠤᠯᠠᠨ ᠣᠢ ᠵᠢᠨ ᠲᠠᠷᠢᠶᠠᠴᠢᠳ᠎ᠲᠤ ᠰᠢᠳ᠎ᠤᠨ ᠤᠢ ᠰᠢᠭᠤᠢ ᠵᠢᠨ ᠬᠠᠮᠢᠶᠠᠷᠤᠯᠲᠠ ᠵᠢᠨ ᠲᠠᠯ᠎ᠠ᠎ᠪᠠᠷ᠎ᠬᠢ ᠮᠡᠷᠭᠡᠵᠢᠯ᠎ᠤᠨ ᠪᠠᠲᠤᠯᠠᠭ᠎ᠠ ᠵᠢ ᠦᠨᠡᠨᠬᠦ ᠬᠠᠩᠭ᠋ᠠᠨ ᠦᠭᠴᠡᠢ᠃
      ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ᠎ᠠᠴᠠ ᠵᠠᠯᠠᠨ ᠠᠶ᠋ᠢᠯ ᠬᠤᠳᠠ ᠵᠢᠨ ᠤᠢ ᠰᠢᠭᠤᠶ ᠵᠢᠨ ᠲᠧᠭᠨᠢᠭ ᠮᠡᠷᠭᠡᠵᠢᠯ᠎ᠢ ᠳᠡᠯᠭᠡᠷᠡᠭᠦᠯᠬᠦ ᠬᠠᠮᠢᠶᠠᠷᠤᠯᠲᠠ ᠵᠢᠨ ᠠᠵᠢᠯ᠎ᠢ ᠭᠦᠢ᠍ᠴᠡᠳ ᠨᠤᠲᠠᠯᠠᠬᠤ ᠵᠢᠨ ᠬᠠᠮᠲᠤ ᠵᠢᠭ᠋ᠠᠵᠤ ᠭᠠᠷᠭ᠋ᠠᠭᠰᠠᠨ᠎ᠨᠢ᠂ ᠬᠥᠷᠰᠢ ᠵᠡᠷᠭᠡᠯᠡᠳᠡᠭᠡ ᠬᠣᠰᠢᠭᠤ ᠬᠣᠲᠠ ᠵᠡᠷᠭᠡ ᠭᠠᠵᠠᠷ ᠣᠷᠣᠨ᠎ᠲᠠᠢ ᠬᠠᠮᠲᠤᠷᠠᠨ ᠠᠵᠢᠯᠯᠠᠵᠣ᠂ ᠪᠣᠯᠪᠠᠰᠤᠷᠠᠯ ᠵᠶ᠋ᠠᠨ ᠴᠢᠩᠭ᠋ᠠᠳᠬᠠᠵᠤ᠂ ᠲᠧᠭᠨᠢᠭ ᠮᠡᠷᠭᠡᠵᠢᠯ᠎ᠢ ᠳᠡᠯᠭᠡᠷᠡᠭᠦᠯᠬᠦ ᠲᠠᠯᠠᠪᠠᠢ᠎ᠪᠠᠨ ᠥᠷᠭᠡᠳᠬᠡᠵᠦ᠂ ᠬᠡᠭᠡᠷ᠎ᠡ ᠵᠢᠨ ᠰᠢᠳ ᠲᠠᠷᠢᠬᠤ ᠬᠠᠮᠢᠶᠠᠷᠤᠯᠲᠠ ᠵᠢᠨ ᠮᠡᠷᠭᠡᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ ᠳᠡᠯᠭᠡᠷᠡᠭᠦᠯᠦᠨ᠂ ᠨᠡᠡᠭ ᠤᠯᠠᠨ ᠣᠢ ᠵᠢᠨ ᠲᠠᠷᠢᠶᠠᠴᠢᠳ᠎ᠢ ᠳᠠᠢ᠌ᠴᠢᠯᠠᠨ᠂ ᠢᠯᠠᠩᠭᠤᠶ᠎ᠠ ᠲᠠᠩᠰᠠ ᠡᠪᠬᠡᠮᠡᠯ ᠪᠠᠶ᠋ᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠵᠢ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠬᠤ᠎ᠪᠠᠷ ᠵᠢᠱ᠌ᠢᠵᠦ ᠪᠣᠶ᠃

ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠠᠶᠠᠨᠨᠠᠭᠤᠷ ᠬᠣᠲᠠ ᠵᠢᠨ ᠡᠯᠡᠰᠦ ᠵᠢ ᠪᠢᠳᠡᠬᠦᠮᠵᠢᠯᠡᠨ ᠨᠢᠰᠬᠡᠯ ᠵᠶ᠋ᠡᠷ ᠤᠢ᠌ᠵᠢᠭᠤᠯᠬᠤ ᠦᠷᠳᠡᠭᠡ 《ᠰᠢᠨ᠎ᠡ ᠴᠠᠭ ᠦᠶ᠎ᠡ᠂ ᠰᠢᠨ᠎ᠡ ᠪᠠᠶ᠋ᠢᠳᠠᠯ᠂ ᠰᠢᠨ᠎ᠡ ᠠᠵᠢᠯᠯᠠᠭ᠎ᠠ》᠎ᠪᠠᠷ ᠭᠣᠣᠯ ᠰᠡᠳᠦᠪ ᠪᠤᠯᠭ᠋ᠠᠭᠰᠠᠨ ᠴᠢᠩ ᠴᠦᠨ ᠬᠤ᠌ ᠨᠠᠭᠤᠷ᠎ᠲᠠᠬᠢ ᠠᠯᠬᠤᠭ᠎ᠠ ᠤᠷᠤᠯᠳᠤᠭ᠋ᠠᠨ᠎ᠤ ᠠᠵᠢᠯᠯᠠᠭ᠎ᠠ ᠶᠠᠪᠤᠭᠳᠠᠭᠤᠯᠪᠠ
ᠮᠠᠨ᠎ᠤ ᠣᠷᠣᠨ᠎ᠳᠤ ᠪᠠᠰᠠ ᠨᠢᠭᠡ ᠤᠯᠤᠰ᠎ᠤᠨ ᠲᠠᠰ᠎ᠤᠨ ᠣᠶ ᠰᠢᠭᠤᠶ ᠵᠢᠨ ᠴᠡᠴᠡᠷᠯᠢᠭ ᠨᠡᠮᠡᠭᠳᠡᠪᠡ
ᠪᠠᠶᠠᠨᠨᠠᠭᠤᠷ ᠬᠣᠲᠠ ᠵᠢᠨ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠬᠠᠮᠢᠶᠠᠷᠤᠨ ᠬᠠᠮᠠᠭ᠋ᠠᠯᠠᠬᠤ ᠬᠡᠷᠡᠭᠯᠡᠭᠡᠨ᠎ᠤ ᠪᠠᠶ᠋ᠢᠰᠢᠩ᠎ᠤᠨ ᠪᠦᠲᠦᠭᠡᠨ ᠪᠠᠢ᠌ᠭᠤᠯᠤᠯᠳᠠ ᠤᠷᠤᠭᠰᠢᠲᠠᠶ ᠶᠠᠪᠤᠭᠳᠠᠪᠠ
ᠲᠠᠷᠢᠶᠠᠯᠠᠩ ᠬᠥᠳᠡᠭᠡ ᠲᠤᠰᠬᠤᠨ᠎ᠤ ᠶᠠᠮᠤᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠭᠰᠡᠨ ᠠᠷᠪᠠᠨ ᠶᠡᠭᠡ ᠲᠤᠬᠳᠠᠴᠠ ᠵᠢᠨ ᠰᠢᠨ᠎ᠠ ᠡᠬᠦᠳᠤᠯᠳᠡ ᠵᠢᠨ ᠨᠡᠢ᠌ᠳᠡᠯᠢᠭ ᠵᠢᠱ᠌ᠢᠶ᠎ᠡ ᠵᠢ ᠨᠡᠢ᠌ᠳᠡᠯᠡᠪᠡ
ᠤᠷᠤᠨ ᠰᠠᠭᠤᠴᠠ ᠪᠠ ᠬᠤᠳᠠ ᠬᠥᠳᠡᠭᠡ ᠵᠢᠨ ᠪᠦᠳᠤᠭᠡᠨ ᠪᠠᠢ᠌ᠭᠤᠯᠤᠯᠳᠡ ᠵᠢᠨ ᠶᠠᠮᠤᠨ᠄ 8 ᠮᠤᠵᠢ᠎ᠳᠤ ᠵᠠᠰᠠᠭ᠎ᠤᠨ ᠤᠷᠳᠤᠨ᠎ᠠᠴᠠ ᠤᠯᠠᠨ ᠨᠡᠢ᠌ᠳᠡ ᠵᠢᠨ ᠲᠦᠷᠢᠶᠡᠰᠤᠨ ᠤᠷᠤᠨ ᠰᠠᠭᠤᠴᠠ ᠬᠤᠳᠠᠯᠳᠤᠨ ᠠᠪᠴᠤ ᠡᠵᠡᠩᠨᠡᠨ ᠬᠠᠮᠢᠶᠠᠷᠬᠤ ᠪᠠ ᠦᠢ᠍ᠯᠡᠴᠢᠯᠡᠬᠥ ᠲᠤᠷᠰᠢᠯᠳᠠ ᠵᠢᠨ ᠠᠵᠢᠯ ᠦᠷᠨᠢᠬᠥᠯᠬᠥ᠎ᠪᠠᠷ ᠲᠤᠬᠳᠠᠪᠠ
 
             蒙ICP备05000248号