ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ 7 ᠰᠠᠷ᠎ᠠ ᠵᠢᠨ 27᠎ᠤ ᠡᠳᠦᠷ᠎ᠤᠨ ᠮᠡᠳᠡᠭᠡ
2018 ᠣᠨ᠎ᠤ 7 ᠰᠠᠷ᠎ᠠ ᠵᠢᠨ 22᠎ᠤ ᠡᠳᠦᠷ᠂ ᠱᠧᠩ ᠮᠣ᠌ ᠰᠠᠭ᠋ᠠᠯᠢ ᠵᠢᠨ ᠦᠢ᠍ᠯᠡᠰ᠎ᠤᠨ 2018 ᠣᠨ᠎ᠤ ᠥᠪᠥᠷ ᠮᠣᠩᠭᠣᠯ᠎ᠤᠨ ᠳ᠋ᠸᠩᠺᠸᠤ ᠰᠢᠶᠠᠨ᠎ᠤ ᠬᠠᠢ ᠰᠢᠶᠠ ᠬᠤᠨᠳᠠᠭ᠋ᠠᠲᠤ ᠬᠠᠲᠤᠨ ᠭᠣᠣᠯ᠎ᠤᠨ ᠲᠡᠮᠦᠷ ᠬᠥᠮᠦᠨ᠎ᠤ ᠭᠤᠷᠪᠠᠨ ᠵᠦᠢ᠍ᠯ᠎ᠤᠨ ᠤᠷᠤᠯᠳᠤᠭ᠋ᠠᠨ᠎ᠨᠢ ᠳ᠋ᠸᠩᠺᠸᠤ ᠰᠢᠶᠠᠨ᠎ᠳᠤ ᠡᠬᠢᠯᠡᠪᠡ᠂ ᠤᠷᠤᠯᠳᠤᠭ᠋ᠠᠨ᠎ᠢ ᠤᠷᠤᠭᠰᠢᠲᠠᠶ ᠥᠷᠨᠢᠭᠦᠯᠬᠦ ᠵᠢ ᠦᠨᠡᠨᠬᠦ ᠪᠠᠲᠤᠯᠠᠬᠤ ᠵᠢᠨ ᠲᠥᠯᠥᠭᠡ᠂ ᠳ᠋ᠸᠩᠺᠸᠤ ᠰᠢᠶᠠᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠠᠴᠠ 10 ᠣᠨᠴᠠ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢ ᠰᠣᠩᠭᠣᠨ᠂ ᠵᠢᠵᠢᠭᠦᠷᠯᠡᠨ ᠬᠠᠮᠠᠭ᠋ᠠᠯᠠᠬᠤ ᠠᠵᠢᠯ᠎ᠳᠤ ᠣᠷᠣᠯᠴᠠᠭᠣᠯᠪᠠ᠃
ᠡᠨᠡ ᠤᠳᠠᠭ᠋ᠠᠨ᠎ᠤ ᠵᠢᠵᠢᠭᠦᠷᠯᠡᠨ ᠬᠠᠮᠠᠭ᠋ᠠᠯᠠᠬᠤ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢᠨ ᠲᠥᠯᠥᠭᠡ᠂ ᠳ᠋ᠸᠩᠺᠸᠤ ᠰᠢᠶᠠᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ᠎ᠠᠴᠠ ᠨᠠᠷᠢᠨ ᠨᠢᠮᠪᠠᠶ ᠪᠠᠶ᠋ᠢᠷᠢᠯᠠᠭᠤᠯᠪᠠ᠃ ᠨᠢᠭᠡ᠎ᠳᠤ᠂ ᠵᠢᠵᠢᠭᠦᠷᠯᠡᠬᠦ ᠠᠵᠢᠯ᠎ᠤᠨ ᠲᠥᠰᠦᠯ᠎ᠢ ᠦᠨᠳᠦᠰᠦᠯᠡᠵᠦ᠂ ᠴᠠᠭᠳᠠᠭ᠋ᠠᠨ᠎ᠤ ᠬᠦᠴᠦᠨ ᠬᠠᠷᠢᠴᠠᠩᠭᠤᠶ᠎ᠪᠠᠷ ᠪᠠᠴᠢᠭᠤ᠂ ᠶᠠᠳᠠᠷᠠᠵᠤ ᠵᠦᠳᠡᠷᠡᠭᠰᠡᠨ ᠪᠠᠶ᠋ᠢᠳᠠᠯ ᠳᠣᠣᠷ᠎ᠠ᠂ ᠤᠷᠢᠳᠴᠢᠯᠠᠨ ᠪᠠᠶ᠋ᠢᠷᠢᠯᠠᠭᠤᠯᠤᠨ᠂ ᠨᠠᠷᠢᠯᠢᠭ ᠲᠤᠬᠢᠷᠠᠭᠤᠯᠪᠡ᠃ ᠬᠣᠶᠠᠷ᠎ᠲᠤ᠂ ᠨᠠᠷᠢᠨ ᠬᠢᠨᠠᠮᠠᠭ᠋ᠠᠢ ᠲᠣᠭᠣᠷᠢᠨ ᠪᠠᠶ᠋ᠢᠴᠠᠭ᠋ᠠᠵᠤ᠂ ᠴᠡᠭ ᠲᠤᠭᠲᠠᠭ᠋ᠠᠵᠣ᠂ ᠪᠠᠶ᠋ᠢᠷᠢ ᠲᠤᠭᠲᠠᠭ᠋ᠠᠵᠣ᠂ ᠬᠠᠷᠢᠭᠤᠴᠠᠯᠭ᠎ᠠ ᠲᠤᠭᠲᠠᠭ᠋ᠠᠪᠠ᠃ ᠲᠣᠭᠲᠠᠭᠰᠠᠨ ᠵᠢᠵᠢᠭᠦᠷᠯᠡᠬᠦ ᠠᠵᠢᠯ᠎ᠤᠨ ᠪᠠᠶ᠋ᠢᠷᠢ᠎ᠳᠤ ᠪᠡᠬᠢᠯᠡᠯᠲᠡ᠎ᠪᠠᠨ ᠴᠢᠩᠭ᠎ᠠ ᠰᠠᠬᠢᠵᠤ᠂ ᠲᠤᠰᠢᠶᠠᠯ ᠵᠶ᠋ᠡᠨ ᠲᠤᠰ ᠲᠤᠰ᠎ᠲᠠᠭᠠᠨ ᠭᠦᠢ᠍ᠴᠡᠳᠬᠡᠵᠤ᠂ ᠮᠡᠳᠡᠭᠡ ᠵᠠᠩᠭᠢ ᠵᠢ ᠴᠠᠭ ᠢᠮᠠᠭᠲᠠ ᠰᠠᠭ᠋ᠠᠳ ᠦᠭᠡᠢ ᠨᠡᠪᠲᠡᠷᠡᠭᠦᠯᠵᠦ᠂ ᠲᠤᠬᠠᠶ ᠵᠢᠨ ᠭᠠᠵᠠᠷ᠎ᠤᠨ ᠵᠢᠵᠢᠭᠦᠷᠯᠡᠬᠦ ᠠᠵᠢᠯ᠎ᠤᠨ ᠡᠮᠬᠢ ᠳᠢᠭᠯᠢᠮ᠎ᠲᠠᠢ ᠪᠠᠶ᠋ᠢᠬᠤ ᠵᠢ ᠦᠨᠡᠨᠬᠦ ᠪᠠᠲᠤᠯᠠᠪᠠ᠃
2018 ᠣᠨ᠎ᠤ 7 ᠰᠠᠷ᠎ᠠ ᠵᠢᠨ 22᠎ᠤ ᠡᠳᠦᠷ᠎ᠤᠨ ᠦᠷᠯᠦᠭᠡ ᠵᠢᠨ 6 ᠴᠠᠭ 30 ᠮᠢᠨᠦ᠋ᠲ᠎ᠲᠤ᠂ ᠳ᠋ᠸᠩᠺᠸᠤ ᠰᠢᠶᠠᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶ᠎ᠠ ᠵᠢᠨ 10 ᠨᠥᠬᠥᠳ ᠥᠪᠡᠷ᠎ᠤᠨ ᠵᠢᠵᠢᠭᠦᠷᠯᠡᠬᠦ ᠠᠵᠢᠯ᠎ᠤᠨ ᠪᠠᠶ᠋ᠢᠷᠢ ᠳᠡᠭᠡᠷ᠎ᠡ᠎ᠪᠠᠨ ᠲᠣᠭᠲᠠᠭᠰᠠᠨ ᠴᠠᠭ᠎ᠲᠠᠭᠠᠨ ᠬᠦᠷᠴᠦ ᠢᠷᠡᠵᠡᠢ᠃ ᠵᠢᠵᠢᠭᠦᠷᠯᠡᠬᠦ ᠶᠠᠪᠤᠴᠠ᠎ᠳᠤ᠂ ᠳ᠋ᠸᠩᠺᠸᠤ ᠰᠢᠶᠠᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠷᠠᠳ᠎ᠤᠨ ᠴᠠᠭᠳᠠᠭ᠎ᠠ ᠨᠡᠷ᠎ᠤᠨ ᠤᠷᠮ᠎ᠠ ᠵᠣᠷᠢᠭ᠎ᠨᠢ ᠪᠠᠳᠠᠷᠠᠨ᠂ ᠳᠦᠷᠢ ᠲᠥᠷᠬᠦ᠎ᠨᠢ ᠴᠢᠩᠭ᠎ᠠ ᠲᠥᠪᠯᠡᠭᠦᠨ ᠪᠠᠢ᠌ᠵᠣ᠂ ᠠᠵᠢᠯ᠎ᠤᠨ ᠪᠠᠶ᠋ᠢᠷᠢ᠎ᠪᠠᠨ ᠴᠢᠩᠭ᠎ᠠ ᠰᠠᠬᠢᠵᠤ᠂ ᠦᠢ᠍ᠯᠡᠴᠢᠯᠡᠭᠡᠨ᠎ᠤ ᠴᠠᠭ᠎ᠨᠢ ᠣᠷᠳᠣ ᠵᠡᠷᠭᠡ ᠤᠯᠠᠨ ᠠᠰᠢᠭ ᠦᠬᠡᠢ ᠬᠦᠴᠦᠨ ᠵᠦᠢ᠍ᠯ᠎ᠢ ᠢᠯᠠᠵᠤ᠂ ᠳ᠋ᠸᠩᠺᠸᠤ ᠰᠢᠶᠠᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡ ᠪᠣᠯ ᠨᠢᠭᠡᠨ ᠬᠦᠴᠢᠷ᠎ᠢ ᠲᠡᠰᠪᠦᠷᠢᠯᠡᠬᠦ ᠮᠦᠷᠲᠡᠭᠡᠨ ᠢᠯᠭᠤᠬᠰᠠᠨ ᠳᠠᠢ᠌ᠨ ᠬᠢᠵᠦ ᠳᠡᠢ᠌ᠯᠬᠦ ᠡᠩᠨᠡᠭᠡ ᠮᠥᠨ ᠭᠡᠰᠡᠨ᠎ᠢ ᠭᠦᠢ᠍ᠴᠡᠳ ᠢᠯᠡᠷᠡᠭᠦᠯᠪᠡ᠃