ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠥᠪᠥᠷ ᠮᠣᠩᠭᠣᠯ᠎ᠤᠨ ᠮᠢᠶᠠᠨ ᠳ᠋ᠦ᠋ ᠾᠧ ᠭᠤᠤᠯ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠲᠤᠷᠰᠢᠯᠲᠠ ᠵᠢᠨ ᠴᠡᠭ᠎ᠲᠤ ᠰᠢᠯᠭ᠋ᠠᠨ ᠠᠪᠬᠤ ᠪᠠᠶ᠋ᠢᠴᠠᠭ᠋ᠠᠯᠲᠠ ᠬᠢᠪᠡ
ᠨᠡᠶ᠋ᠢᠲᠡᠯᠡᠭᠰᠡᠨ ᠴᠠᠭ᠄ 2018-09-25

      ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 9 ᠰᠠᠷ᠎ᠠ ᠵᠢᠨ 11᠎ᠤ ᠡᠳᠦᠷ᠎ᠤᠨ ᠮᠡᠳᠡᠭᠡ

     2018 ᠣᠨ᠎ᠤ 9 ᠰᠠᠷ᠎ᠠ ᠵᠢᠨ 4᠎ᠤ ᠡᠳᠦᠷ᠎ᠠᠴᠠ 5᠎ᠤ ᠡᠳᠦᠷ᠎ᠲᠤ᠂ ᠤᠯᠤᠰ᠎ᠤᠨ ᠤᠢ ᠰᠢᠭᠤᠢ ᠪᠠ ᠲᠠᠯ᠎ᠠ ᠨᠤᠲᠤᠭ᠎ᠤᠨ ᠲᠣᠪᠴᠢᠶᠠᠨ᠎ᠤ ᠨᠤᠭᠤ ᠭᠠᠵᠠᠷ᠎ᠢ ᠬᠠᠮᠠᠭ᠋ᠠᠯᠠᠬᠤ ᠲᠥᠪ᠎ᠤᠨ ᠳᠡᠳ᠋ ᠡᠷᠬᠢᠯᠡᠭᠴᠢ ᠶᠠᠨ ᠴᠧᠩ ᠭᠤᠤ᠎ᠠᠴᠠ ᠨᠠᠨᠵᠢᠩ᠎ᠤᠨ ᠣᠢ ᠰᠢᠭᠣᠢ ᠵᠢᠨ ᠶᠡᠬᠡ ᠰᠣᠷᠭ᠋ᠠᠭᠣᠯᠢ ᠵᠢᠨ ᠫᠸᠷᠣᠹᠸᠰᠰᠣᠷ ᠸᠠᠩ ᠵᠦᠩ ᠱᠸᠩ ᠵᠡᠷᠭᠡ 3 ᠲᠤᠰᠬᠠᠶ ᠮᠡᠷᠭᠡᠵᠢᠯᠲᠡᠨ᠎ᠢ ᠳᠠᠭ᠋ᠠᠭᠤᠯᠤᠨ᠂ ᠮᠠᠨ᠎ᠤ ᠬᠣᠲᠠ᠎ᠳᠤ ᠢᠷᠡᠵᠦ ᠥᠪᠥᠷ ᠮᠣᠩᠭᠣᠯ᠎ᠤᠨ ᠮᠢᠶᠠᠨ ᠳ᠋ᠦ᠋ ᠾᠧ ᠭᠤᠤᠯ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠢ ᠰᠢᠯᠭ᠋ᠠᠨ ᠠᠪᠬᠤ ᠠᠵᠢᠯ᠎ᠢ ᠪᠠᠶ᠋ᠢᠴᠠᠭ᠋ᠠᠠ ᠦᠨᠡᠯᠡᠪᠡ᠃
      ᠰᠢᠯᠭ᠋ᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠲᠤᠰᠬᠠᠶ ᠮᠡᠷᠭᠡᠵᠢᠯᠲᠡᠳ᠎ᠠᠴᠠ ᠮᠠᠨ᠎ᠤ ᠬᠣᠲᠠ ᠵᠢᠨ ᠮᠢᠶᠠᠨ ᠳ᠋ᠦ᠋ ᠾᠧ ᠭᠤᠤᠯ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠲᠤᠷᠰᠢᠯᠲᠠ ᠵᠢᠨ ᠴᠢᠭ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ ᠵᠢᠴᠢ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠠᠬᠤᠶ ᠲᠠᠯᠠᠪᠤᠷ᠎ᠤᠨ ᠪᠠᠶ᠋ᠢᠴᠠᠭ᠋ᠠᠯᠲᠠ ᠬᠢᠭᠰᠡᠨ ᠮᠦᠷᠲᠡᠭᠡᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠲᠤᠰᠬᠠᠶ ᠮᠡᠷᠭᠡᠵᠢᠯᠲᠡᠨ᠎ᠠᠴᠠ ᠡᠩ ᠲᠡᠷᠢᠭᠦᠨ᠎ᠳᠤ᠂ ᠲᠤᠰ ᠨᠤᠭᠤ ᠭᠠᠵᠠᠷ᠎ᠤᠨ ᠴᠡᠴᠡᠷᠯᠢᠭ᠎ᠤᠨ ᠲᠥᠯᠥᠪᠵᠢᠭᠦᠯᠭᠡ᠎ᠳᠤ ᠲᠤᠬᠢᠷᠠᠭᠤᠯᠤᠯᠳᠠ ᠬᠢᠬᠦ ᠪᠦᠲᠦᠭᠡᠯᠴᠢ ᠴᠢᠨᠠᠷᠲᠠᠶ ᠰᠠᠨᠠᠯ ᠳᠤᠷᠠᠳᠤᠭᠰᠠᠨ᠎ᠤ ᠬᠠᠮᠲᠤ ᠠᠮᠢ ᠠᠬᠤᠶ ᠵᠢᠨ ᠡᠬᠢ ᠪᠠᠶᠠᠯᠢᠭ᠎ᠤᠨ ᠨᠤᠭᠤ ᠭᠠᠵᠠᠷ᠎ᠤᠨ ᠴᠡᠴᠡᠷᠯᠢᠭ᠎ᠤᠨ ᠲᠦᠷᠦᠯᠬᠢ ᠴᠢᠨᠠᠷ᠎ᠢ ᠵᠢᠭ᠋ᠠᠵᠤ ᠭᠠᠷᠭ᠋ᠠᠪᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠠᠴᠠ ᠨᠤᠭᠤ ᠭᠠᠵᠠᠷ᠎ᠢ ᠬᠠᠮᠠᠭ᠋ᠠᠯᠠᠬᠤ ᠪᠠ ᠨᠤᠭᠤ ᠭᠠᠵᠠᠷ᠎ᠤᠨ ᠴᠡᠴᠡᠷᠯᠢᠭ᠎ᠤᠨ ᠪᠥᠳᠥᠭᠡᠨ ᠪᠠᠶ᠋ᠢᠭᠤᠯᠤᠯᠲᠠ ᠵᠢ ᠴᠢᠬᠤᠯᠠᠴᠢᠯᠠᠵᠤ᠂ ᠲᠠᠷᠢᠶᠠᠯᠠᠬᠤ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠭᠰᠡᠨ᠎ᠨᠢ ᠢᠯᠡᠳᠲᠡ ᠠᠮᠵᠢᠯᠲᠠ ᠪᠦᠲᠦᠮᠵᠢ ᠣᠯᠵᠤ᠂ ᠨᠤᠭᠤ ᠭᠠᠵᠠᠷ᠎ᠤᠨ ᠴᠡᠴᠡᠷᠯᠢᠭ᠎ᠤᠨ ᠪᠥᠳᠥᠭᠡᠨ ᠪᠠᠶ᠋ᠢᠭᠤᠯᠤᠯᠲᠠ ᠵᠢᠨ ᠠᠭᠤᠯᠭ᠎ᠠ ᠵᠢ ᠦᠨᠳᠦᠰᠦᠨ᠎ᠳᠡᠭᠡᠨ ᠪᠡᠶᠡᠯᠡᠭᠦᠯᠦᠭᠰᠡᠨ ᠪᠠᠶ᠋ᠢᠨ᠎ᠠ᠃ ᠡᠭᠦᠨ᠎ᠠᠴᠠ ᠭᠠᠳᠠᠨ᠎ᠠ᠂ ᠢᠷᠡᠭᠡᠳᠦᠶ ᠵᠢᠨ ᠬᠥᠭᠵᠢᠯᠲᠡ ᠵᠢᠨ ᠳᠤᠮᠳᠠ ᠬᠠᠮᠠᠭ᠋ᠠᠯᠠᠵᠤ ᠰᠡᠷᠭᠦᠭᠡᠬᠦ ᠪᠠ ᠠᠮᠢ ᠠᠬᠤᠶ ᠵᠢᠨ ᠵᠢᠭᠤᠯᠴᠢᠯᠠᠯ᠎ᠤᠨ ᠬᠠᠷᠢᠴᠠᠭ᠎ᠠ ᠵᠢ ᠲᠣᠬᠢᠲᠠᠶ ᠰᠢᠢᠳᠪᠦᠷᠢᠯᠡᠵᠦ᠂ ᠨᠤᠭᠤ ᠭᠠᠵᠠᠷ᠎ᠤᠨ ᠴᠡᠴᠡᠷᠯᠢᠭ᠎ᠤᠨ ᠠᠮᠢ ᠠᠬᠤᠶ ᠵᠢᠨ ᠦᠷ᠎ᠡ ᠠᠰᠢᠭ᠎ᠢ ᠪᠠᠳᠠᠷᠠᠭᠤᠯᠬᠤ᠂ ᠠᠷᠠᠳ ᠤᠯᠠᠨ᠎ᠳᠤ ᠰᠠᠢ᠌ᠨ ᠰᠠᠶ᠋ᠢᠬᠠᠨ ᠠᠮᠢ ᠠᠬᠤᠢ ᠵᠢᠨ ᠣᠷᠴᠢᠨ ᠲᠣᠭᠣᠷᠢᠨ᠎ᠢ ᠳᠡᠯᠭᠡᠨ ᠦᠵᠡᠭᠦᠯᠬᠦ ᠲᠤᠬᠠᠢ ᠰᠠᠨᠠᠭᠤᠯᠵᠠᠢ᠃
      ᠶᠠᠨ ᠴᠧᠩ ᠭᠤᠤ ᠵᠢᠭ᠋ᠠᠵᠤ ᠭᠠᠷᠭ᠋ᠠᠭᠰᠠᠨ᠎ᠨᠢ᠂ ᠲᠤᠰ ᠨᠤᠭᠤ ᠭᠠᠵᠠᠷ᠎ᠤᠨ ᠴᠡᠴᠡᠷᠯᠢᠭ᠎ᠠᠴᠠ ᠴᠡᠭᠴᠡᠯᠡᠨ ᠰᠠᠶ᠋ᠢᠵᠢᠷᠠᠭᠤᠯᠬᠤ ᠰᠠᠨᠠᠯ᠎ᠳᠤ ᠴᠢᠭᠯᠡᠭᠦᠯᠦᠨ᠂ ᠵᠤᠷᠪᠤᠰ ᠳᠠᠷᠠᠭ᠋ᠠᠯᠠᠨ ᠴᠡᠭᠴᠡᠯᠡᠨ ᠰᠠᠶ᠋ᠢᠵᠢᠷᠠᠭᠤᠯᠬᠤ᠂ ᠰᠠᠭᠤᠷᠢ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ ᠮᠠᠰᠢ ᠤᠯᠠᠨ ᠠᠵᠢᠯ ᠬᠢᠵᠦ᠂ ᠲᠥᠯᠥᠪᠵᠢᠭᠦᠯᠦᠨ ᠲᠣᠬᠢᠷᠠᠭᠤᠯᠬᠤ ᠲᠠᠯ᠎ᠠ᠎ᠪᠠᠷ ᠪᠠᠰᠠ ᠭᠦᠢ᠍ᠴᠡᠳ ᠨᠠᠷᠢᠨ ᠨᠢᠮᠪᠠᠶ ᠰᠤᠳᠤᠯᠣᠯᠲᠠ ᠬᠢᠪᠡ᠃ ᠬᠣᠶ᠋ᠢᠰᠢᠳᠠ ᠵᠢᠨ ᠠᠵᠢᠯ᠎ᠤᠨ ᠳᠤᠮᠳᠠ᠎ᠪᠠᠨ ᠳᠣᠣᠷᠠᠬᠢ ᠮᠡᠲᠦ ᠱᠠᠭ᠋ᠠᠷᠳᠠᠪᠠ᠄ ᠨᠢᠭᠡ᠎ᠳᠤ᠂ ᠬᠠᠮᠠᠭ᠋ᠠᠯᠠᠯᠲᠠ ᠵᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠤᠬᠠᠭᠤᠯᠭ᠎ᠠ ᠬᠥᠮᠦᠵᠢᠯ ᠬᠢᠬᠦ ᠵᠢ ᠴᠢᠩᠭ᠎ᠠ ᠠᠳᠬᠤᠵᠤ᠂ ᠵᠦᠢ ᠵᠣᠬᠢᠰᠲᠠᠶ ᠠᠰᠢᠭᠯᠠᠬᠤ ᠵᠢ ᠲᠤᠷᠰᠢᠠ ᠥᠷᠨᠢᠭᠦᠯᠦᠨ᠎ᠡ; ᠬᠣᠶᠠᠷ᠎ᠲᠤ᠂ ᠣᠷᠣᠨ ᠲᠣᠭ᠋ᠠᠨ᠎ᠤ ᠠᠰᠠᠭᠤᠳᠠᠯ᠎ᠢ ᠰᠢᠢᠳᠪᠦᠷᠢᠯᠡᠵᠦ᠂ ᠲᠤᠰᠬᠠᠶ ᠮᠡᠷᠭᠡᠵᠢᠯᠲᠡᠨ ᠵᠶ᠋ᠠᠷ ᠪᠦᠷᠢᠯᠳᠦᠭᠰᠡᠨ ᠬᠠᠮᠢᠶᠠᠷᠤᠯᠲᠠ ᠵᠢᠨ ᠡᠩᠨᠡᠭᠡ ᠵᠢ ᠪᠠᠶ᠋ᠢᠭᠤᠯᠣᠨ᠎ᠠ; ᠭᠤᠷᠪᠠ᠎ᠳᠤ᠂ ᠲᠥᠯᠥᠪᠵᠢᠭᠦᠯᠭᠡ᠎ᠳᠤ ᠲᠤᠬᠢᠷᠠᠭᠤᠯᠤᠯᠳᠠ ᠬᠢᠬᠦ᠎ᠳᠤ ᠠᠯᠢ ᠴᠢᠳᠠᠬᠤᠶ᠋ᠢᠴᠠ ᠲᠣᠬᠢᠷᠠᠭᠤᠯᠤᠯᠲᠠ ᠬᠢᠭᠰᠡᠨ᠎ᠤ ᠳᠠᠷᠠᠭ᠎ᠠ᠂ ᠨᠤᠭᠤ ᠭᠠᠵᠠᠷ᠎ᠤᠨ ᠴᠡᠴᠡᠷᠯᠢᠭ᠎ᠤᠨ ᠶᠡᠷᠦᠩᠬᠡᠶ ᠲᠠᠯᠠᠪᠠᠶ ᠪᠠ ᠨᠤᠭᠤ ᠭᠠᠵᠠᠷ᠎ᠤᠨ ᠲᠠᠯᠠᠪᠠᠢ ᠵᠢ ᠪᠠᠭ᠋ᠠᠰᠬᠣ ᠦᠭᠡᠢ᠃
      ᠥᠪᠥᠷ ᠮᠣᠩᠭᠣᠯ᠎ᠤᠨ ᠮᠢᠶᠠᠨ ᠳ᠋ᠦ᠋ ᠾᠧ ᠭᠣᠣᠯ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ (ᠲᠤᠷᠰᠢᠯᠲᠠ ᠵᠢᠨ ᠴᠢᠭ) 2013 ᠣᠨ᠎ᠤ 1 ᠰᠠᠷ᠎ᠠ᠎ᠳᠤ ᠤᠯᠤᠰ᠎ᠤᠨ ᠣᠶ ᠰᠢᠭᠤᠶ ᠵᠢᠨ ᠲᠣᠪᠴᠢᠶ᠎ᠠ᠎ᠪᠠᠷ ᠳᠠᠮᠵᠢᠨ 《ᠡᠾᠸᠪᠸᠢ ᠵᠢᠨ ᠱᠠᠩ ᠢ ᠰᠢᠶᠠᠨ᠎ᠤ ᠴᠠᠭ᠋ᠠᠨ ᠨᠠᠭᠤᠷ ᠵᠡᠷᠭᠡ 85 ᠤᠯᠤᠰ᠎ᠤᠨ ᠨᠤᠭᠤ ᠭᠠᠵᠠᠷ᠎ᠤᠨ ᠲᠤᠷᠰᠢᠯᠲᠠ ᠵᠢᠨ ᠴᠢᠭ᠎ᠤᠨ ᠠᠵᠢᠯ᠎ᠢ ᠵᠥᠪᠰᠢᠶᠡᠷᠡᠬᠦ ᠲᠤᠬᠠᠢ ᠮᠡᠳᠡᠭᠳᠡᠯ》 (ᠤᠯᠤᠰ᠎ᠤᠨ ᠣᠶ ᠰᠢᠭᠤᠶ ᠵᠢᠨ ᠲᠣᠪᠴᠢᠶ᠎ᠠ ᠵᠢᠨ ᠨᠤᠭᠤ ᠭᠠᠵᠠᠷ᠎ᠢ ᠬᠠᠮᠠᠭ᠋ᠠᠯᠠᠬᠤ ᠲᠦᠪ᠎ᠠᠴᠠ ᠲᠠᠷᠬᠠᠭ᠋ᠠᠭᠰᠠᠨ [2012] 341 ᠳ᠋ᠣᠭᠡᠷ ᠲᠣᠭ᠋ᠠᠲᠤ)᠎ᠢ ᠴᠣᠬᠣᠯᠠᠪᠤᠷᠢᠯᠠᠵᠣ᠂ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠶᠡᠷᠦᠩᠬᠡᠶ ᠲᠠᠯᠠᠪᠠᠢ᠎ᠨᠢ 6627 ᠾᠧᠺᠲ᠋ᠠᠷ ᠪᠠᠢ᠌ᠵᠣ᠂ ᠶᠠᠭᠰᠢ ᠬᠣᠲᠠ ᠵᠢᠨ ᠵᠠᠰᠠᠭ ᠵᠠᠬᠢᠷᠭ᠋ᠠᠨ᠎ᠳᠤ ᠬᠠᠷᠢᠶᠠᠯᠠᠭᠤᠯᠪᠠ᠃ 2017 ᠣᠨ᠎ᠤ 8 ᠰᠠᠷ᠎ᠠ ᠵᠢᠨ 10᠎ᠤ ᠡᠳᠦᠷ᠂ ᠤᠯᠤᠰ᠎ᠤᠨ ᠣᠶ ᠰᠢᠭᠤᠶ ᠵᠢᠨ ᠲᠣᠪᠴᠢᠶ᠎ᠠ ᠵᠢᠨ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠲᠥᠪ ᠎ᠠᠴᠠ ᠠᠩᠬ᠎ᠠ ᠤᠳᠠᠭ᠎ᠠ ᠥᠪᠥᠷ ᠮᠣᠩᠭᠣᠯ᠎ᠳᠤ ᠮᠢᠶᠠᠨ ᠳ᠋ᠦ᠋ ᠾᠧ ᠭᠤᠤᠯ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ (ᠲᠤᠷᠰᠢᠯᠲᠠ ᠵᠢᠨ ᠴᠢᠭ)᠎ᠢ ᠠᠩᠬ᠎ᠠ ᠣᠳᠠᠭ᠎ᠠ ᠰᠢᠨᠵᠢᠯᠡᠨ ᠪᠠᠶ᠋ᠢᠴᠠᠭ᠋ᠠᠵᠤ ᠰᠢᠯᠭ᠋ᠠᠨ ᠠᠪᠤᠭᠰᠠᠨ᠎ᠤ ᠬᠠᠮᠲᠤ ᠣᠷᠣᠰᠢᠵᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠤᠭᠰᠠᠨ ᠪᠠᠶ᠋ᠢᠨ᠎ᠠ᠃


ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠦᠬᠠᠢ ᠬᠤᠲᠠ ᠵᠢᠨ ᠤᠢ ᠰᠢᠭᠤᠢ ᠵᠢᠨ ᠲᠤᠪᠴᠢᠶ᠎ᠠ ᠵᠢᠨ ᠮᠡᠳᠡᠭᠦᠯᠦᠭᠰᠡᠨ 2018 ᠣᠨ᠎ᠤ ᠲᠥᠪ᠎ᠤᠨ ᠡᠳ᠋᠎ᠤᠨ ᠵᠠᠰᠠᠭ᠎ᠤᠨ ᠤᠢ ᠰᠢᠭᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠯᠭᠡᠷᠡᠭᠦᠯᠦᠯᠲᠡ ᠵᠢᠨ ᠵᠢᠱ᠌ᠢᠶ᠎ᠡ ᠦᠵᠡᠭᠦᠯᠬᠦ ᠲᠦᠰᠦᠪ᠎ᠢ ᠣᠯᠣᠰ᠎ᠠᠴᠠ ᠵᠦᠪᠰᠢᠶᠡᠷᠡᠪᠡ
ᠤᠯᠤᠰ᠎ᠤᠨ ᠤᠢ ᠰᠢᠭᠤᠢ ᠵᠢᠨ ᠲᠣᠪᠴᠢᠶ᠎ᠠ ᠵᠢᠨ ᠪᠠᠶ᠋ᠢᠴᠠᠭ᠋ᠠᠬᠤ ᠲᠥᠯᠥᠪᠵᠢᠭᠦᠯᠭᠡ ᠵᠢᠨ ᠵᠢᠷᠤᠭ ᠲᠥᠯᠥᠪᠯᠡᠭᠡᠨ᠎ᠤ ᠬᠦᠷᠢᠶᠡᠯᠡᠩ᠎ᠠᠴᠠ ᠬᠥᠯᠥᠨ ᠪᠤᠢ᠌ᠷ ᠬᠤᠳᠠ ᠵᠢᠨ ᠰᠢᠨ᠎ᠡ ᠪᠠᠷᠭᠤ ᠪᠠᠷᠠᠭᠤᠨ ᠬᠣᠰᠢᠭᠣᠨ᠎ᠳᠤ ᠬᠦᠷᠴᠦ 2008 — 2012 ᠣᠨ ᠬᠢᠨᠠᠨ ᠪᠠᠶ᠋ᠢᠴᠠᠭ᠋ᠠᠬᠤ ᠣᠶ᠋ᠢᠵᠢᠭᠤᠯᠬᠤ ᠲᠦᠰᠦᠪ᠎ᠢ ᠪᠠᠶ᠋ᠢᠴᠠᠭ᠋ᠠᠨ ᠰᠤᠳᠤᠯᠤᠯᠲᠠ ᠬᠢᠪᠠ
ᠭᠠᠨᠰᠦ ᠮᠤᠵᠢ ᠵᠢᠨ GEF ᠵᠢᠱ᠌ᠢᠶ᠎ᠡ ᠦᠵᠡᠭᠦᠯᠬᠦ ᠴᠢᠭ᠎ᠤᠨ ᠯᠦᠩᠨᠠᠨ (ᠭᠠᠨᠰᠣ᠎ᠠᠴᠠ ᠡᠮᠦᠨᠡᠰᠢᠬᠢ)᠎ᠤ ᠠᠵᠤ ᠠᠬᠤᠶ ᠵᠢᠨ ᠤᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠶᠡᠷᠮ᠎ᠡ ᠰᠤᠳᠤᠯᠭ᠋ᠠᠨ᠎ᠤ ᠭᠠᠵᠠᠷ᠎ᠠᠴᠠ ᠬᠤᠨᠭ᠌ᠭᠤᠯᠵᠢ ᠠᠮᠢ ᠠᠬᠤᠶ ᠵᠢ ᠰᠡᠷᠭᠦᠭᠡᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠴᠢᠭ᠎ᠲᠤ ᠬᠦᠷᠴᠦ ᠪᠠᠶ᠋ᠢᠴᠠᠭ᠋ᠠᠯᠲᠠ ᠬᠢᠵᠤ ᠰᠤᠷᠤᠯᠴᠠᠪᠠ
ᠪᠠᠶᠠᠨᠨᠠᠭᠤᠷ ᠬᠤᠳᠠ᠄ ᠳ᠋ᠸᠩᠺᠸᠤ ᠰᠢᠶᠠᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ 《ᠬᠠᠢ ᠰᠢᠶᠠ ᠬᠤᠨᠳᠠᠭ᠋ᠠᠲᠤ》 ᠲᠡᠮᠦᠷ ᠬᠥᠮᠦᠨ᠎ᠤ ᠭᠤᠷᠪᠠᠨ ᠵᠦᠢ᠍ᠯ᠎ᠤᠨ ᠤᠷᠤᠯᠳᠤᠭ᠋ᠠᠨ᠎ᠤ ᠲᠤᠬᠠᠶ ᠵᠢᠨ ᠭᠠᠵᠠᠷ᠎ᠲᠤ ᠵᠢᠵᠢᠭᠦᠷᠯᠡᠬᠦ ᠠᠵᠢᠯ᠎ᠢ ᠠᠮᠵᠢᠯᠲᠠ᠎ᠲᠠᠢ ᠪᠡᠶᠡᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠭᠦᠨᠵᠡᠭᠡᠢ᠌ᠷᠡᠨ ᠬᠠᠪᠰᠤᠷᠤᠨ ᠲᠡᠳᠬᠦᠬᠦ ᠴᠡᠭ᠎ᠲᠤ ᠪᠠᠶ᠋ᠢᠴᠠᠭ᠋ᠠᠨ ᠰᠤᠳᠤᠯᠤᠯᠲᠠ ᠬᠢᠪᠠ
 
             蒙ICP备05000248号