ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ᠎ᠪᠠᠷ ᠬᠠᠮᠲᠤᠷᠠᠨ ᠠᠵᠢᠯᠯᠠᠪᠠ
ᠨᠡᠶ᠋ᠢᠲᠡᠯᠡᠭᠰᠡᠨ ᠴᠠᠭ᠄ 2018-09-20

      ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ 8 ᠰᠠᠷ᠎ᠠ ᠵᠢᠨ 21᠎ᠤ ᠡᠳᠦᠷ᠎ᠤᠨ ᠮᠡᠳᠡᠭᠡ
     2018 ᠣᠨ᠎ᠤ 8 ᠰᠠᠷ᠎ᠠ ᠵᠢᠨ 20᠎ᠤ ᠡᠳᠦᠷ᠂ ᠤᠷᠠᠳ᠎ᠤᠨ ᠡᠮᠦᠨᠡᠲᠦ ᠬᠣᠰᠢᠭᠤᠨ᠎ᠤ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠤᠯᠠᠭ᠋ᠠᠨᠰᠤᠬᠠᠢ ᠨᠠᠭᠤᠷ᠎ᠤᠨ ᠲᠣᠮᠢᠯᠠᠭᠰᠠᠨ ᠰᠠᠯᠪᠤᠷᠢ᠎ᠠᠴᠠ ᠨᠤᠭᠤ ᠭᠠᠵᠠᠷ᠎ᠢ ᠬᠠᠮᠠᠭ᠋ᠠᠯᠠᠬᠤ ᠥᠷᠲᠡᠭᠡ ᠪᠠ ᠳᠠᠯᠠᠶ ᠵᠢᠨ ᠬᠠᠮᠠᠭ᠋ᠠᠯᠠᠯᠲᠠ ᠵᠢᠨ ᠶᠡᠬᠡ ᠠᠩᠭᠢ᠎ᠲᠠᠢ ᠬᠠᠮᠲᠤᠷᠠᠨ᠂   ᠤᠯᠠᠭ᠋ᠠᠠᠰᠤᠬᠠᠢ ᠵᠢᠨ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠣᠷᠣᠨ᠎ᠳᠤ ᠬᠠᠤᠯᠢ ᠵᠢ ᠵᠥᠷᠢᠴᠡᠵᠦ ᠠᠩᠨᠠᠵᠤ ᠱᠦᠭᠦᠬᠦ᠂ ᠪᠦᠷᠬᠦᠭᠦᠯ ᠱᠣᠷᠠᠭ ᠲᠠᠯᠪᠢᠬᠤ᠂ ᠳᠣᠣᠷ᠎ᠠ ᠭᠠᠵᠠᠷ᠎ᠲᠤ ᠰᠢᠩᠭᠡᠯᠢᠭ ᠲᠠᠯᠪᠢᠬᠤ ᠵᠡᠷᠭᠡ ᠨᠡᠭᠦᠳᠡᠯ᠎ᠤᠨ ᠰᠢᠪᠠᠭᠤᠨ᠎ᠤ ᠣᠷᠣᠰᠢᠨ ᠲᠣᠭᠲᠠᠨᠢᠬᠤ ᠵᠢ ᠨᠦᠯᠦᠭᠡᠯᠡᠵᠦ᠂ ᠶᠡᠬᠡ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠡᠪᠳᠡᠭᠰᠡᠨ ᠠᠵᠢᠯᠯᠠᠭ᠎ᠠ᠎ᠳᠤ ᠬᠠᠮᠲᠤᠷᠠᠭᠰᠠᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢ ᠶᠠᠪᠤᠭᠳᠠᠭᠤᠯᠪᠠ᠃
      ᠲᠤᠰ ᠤᠳᠠᠭ᠋ᠠᠨ᠎ᠤ ᠠᠵᠢᠯᠯᠠᠭ᠎ᠠ᠎ᠳᠤ᠂ 7 ᠣᠳᠠᠭ᠎ᠠ ᠴᠠᠭᠳᠠᠭ᠎ᠠ ᠬᠥᠳᠡᠯᠭᠡᠵᠦ᠂ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠥᠷᠲᠡᠭᠡ ᠵᠢᠨ ᠴᠠᠭᠳᠠᠭ᠎ᠠ ᠵᠢ 12 ᠣᠳᠠᠭ᠎ᠠ ᠬᠦᠳᠡᠯᠭᠡᠵᠦ᠂ ᠳᠠᠯᠠᠶ ᠬᠠᠮᠠᠭ᠋ᠠᠯᠠᠬᠤ ᠶᠡᠬᠡ ᠠᠩᠭᠢ ᠵᠢ 6 ᠤᠳᠠᠭ᠎ᠠ ᠬᠦᠳᠡᠯᠭᠡᠵᠦ᠂ 6 ᠴᠠᠭᠳᠠᠭ᠋ᠠᠨ᠎ᠤ ᠣᠩᠭᠣᠴᠠ ᠬᠦᠳᠡᠯᠭᠡᠪᠡ᠃ 22 ᠬᠠᠤᠯᠢ ᠵᠢ ᠵᠥᠷᠢᠴᠡᠭᠰᠡᠨ ᠪᠦᠷᠬᠦᠭᠦᠯ ᠱᠣᠷᠠᠭ᠂ 42 ᠭᠠᠵᠠᠷ᠎ᠤᠨ ᠰᠢᠩᠭᠡᠯᠢᠭ᠎ᠢ ᠡᠪᠳᠡᠭᠰᠡᠨ᠎ᠤ ᠬᠠᠮᠲᠤ 7 ᠬᠥᠮᠦᠨ᠎ᠢ ᠰᠡᠷᠡᠮᠵᠢᠯᠡᠭᠦᠯᠵᠤ᠂ ᠲᠣᠭᠲᠠᠭ᠋ᠠᠯ᠎ᠢ ᠵᠥᠷᠢᠴᠡᠨ ᠪᠦᠷᠬᠦᠭᠦᠯ ᠱᠣᠷᠠᠭ ᠲᠠᠯᠪᠢᠭᠰᠠᠨ 4 ᠬᠥᠮᠦᠨ᠎ᠢ ᠬᠤᠭᠤᠴᠠᠭ᠎ᠠ ᠲᠣᠭᠲᠠᠭ᠋ᠠᠨ ᠡᠪᠳᠡᠨ ᠠᠷᠢᠯᠭ᠋ᠠᠭᠤᠯᠵᠤ᠂ ᠵᠠᠭᠤ ᠰᠢᠬᠠᠮ ᠡᠯ᠎ᠡ ᠵᠦᠢ᠍ᠯ᠎ᠤᠨ ᠰᠢᠪᠠᠭᠤᠳ᠎ᠢ ᠠᠪᠤᠷᠠᠵᠤ᠂ ᠤᠯᠠᠭ᠋ᠠᠨᠰᠤᠬᠠᠢ ᠣᠷᠣᠨ ᠪᠦᠰᠡ ᠵᠢᠨ ᠳᠣᠲᠣᠷᠠᠬᠢ ᠨᠡᠭᠦᠳᠡᠯ᠎ᠤᠨ ᠰᠢᠪᠠᠭᠤᠳ᠎ᠤᠨ ᠠᠮᠤᠷ ᠲᠦᠪᠰᠢᠨ᠎ᠢ ᠦᠨᠡᠨᠬᠦ ᠪᠠᠲᠤᠯᠠᠪᠠ᠃
      ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠪᠣᠯ ᠬᠥᠮᠦᠨ ᠲᠥᠷᠥᠯᠬᠢᠲᠡᠨ᠎ᠢ ᠬᠠᠮᠠᠭ᠋ᠠᠯᠠᠬᠤ ᠶᠠᠪᠤᠳᠠᠯ ᠪᠤᠯᠤᠨ᠎ᠠ᠂ ᠡᠭᠦᠨ᠎ᠠᠴᠠ ᠬᠤᠢ᠌ᠰᠢ ᠪᠢᠳᠡ ᠰᠤᠷᠲᠠᠯ ᠤᠬᠠᠭᠤᠯᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠤᠯᠠᠨ ᠲᠦᠮᠡᠨ᠎ᠤ ᠨᠤᠭᠤ ᠭᠠᠵᠠᠷ᠎ᠢ ᠬᠠᠮᠠᠭ᠋ᠠᠯᠠᠬᠤ ᠪᠠ ᠰᠢᠪᠠᠭᠤᠨ᠎ᠤ ᠲᠦᠷᠦᠯ᠎ᠢ ᠬᠠᠮᠠᠭ᠋ᠠᠯᠠᠬᠤ ᠤᠬᠠᠮᠰᠠᠷ᠎ᠢ ᠳᠡᠭᠡᠭᠰᠢᠯᠡᠭᠦᠯᠵᠦ᠂ ᠢᠳᠬᠠᠨ ᠬᠣᠷᠢᠭᠯᠠᠬᠤ ᠵᠢ ᠰᠣᠨᠣᠰᠬᠤ ᠦᠭᠡᠢ᠂ ᠮᠥᠨ ᠯᠡ ᠬᠠᠤᠯᠢ ᠵᠢ ᠵᠥᠷᠢᠴᠡᠨ ᠵᠢᠭ᠋ᠠᠰᠤ ᠠᠩᠨᠠᠬᠤ ᠪᠤᠶᠤ ᠨᠡᠭᠦᠳᠡᠯ᠎ᠤᠨ ᠰᠢᠪᠠᠭᠣᠳ᠎ᠢ ᠰᠢᠷᠬᠠᠲᠤᠭᠤᠯᠵᠤ ᠭᠡᠮᠲᠦᠭᠡᠭᠰᠡᠨ ᠬᠥᠮᠦᠨ᠎ᠳᠤ ᠴᠣᠬᠢᠯᠲᠠ ᠥᠭᠬᠦ ᠡᠷᠴᠢᠮ ᠵᠶ᠋ᠠᠨ ᠨᠡᠮᠡᠭᠳᠡᠭᠦᠯᠦᠨ᠂ ᠶᠠᠭ᠋ᠠᠬᠢᠭᠰᠠᠨ ᠴᠤ᠌ ᠢᠯᠳᠠᠷ ᠬᠠᠶᠠᠬᠤ ᠦᠬᠡᠢ ᠪᠠᠢ᠌ᠬᠤ ᠬᠡᠷᠡᠭᠲᠡᠢ᠃ ᠡᠨᠡ ᠬᠦ᠌ ᠣᠳᠠᠭ᠋ᠠᠨ᠎ᠤ ᠠᠵᠢᠯᠯᠠᠭ᠎ᠠ᠎ᠨᠢ ᠨᠡᠭᠦᠳᠡᠯ᠎ᠤᠨ ᠰᠢᠪᠠᠭᠤᠳ᠎ᠤᠨ ᠠᠮᠤᠷ ᠲᠦᠪᠰᠢᠨ ᠵᠶ᠋ᠠᠷ ᠨᠡᠭᠦᠳᠡᠯᠯᠡᠬᠦ ᠠᠵᠢᠯᠯᠠᠭ᠎ᠠ ᠳᠠᠭᠤᠰᠬᠤ ᠬᠦᠷᠲᠡᠯ᠎ᠡ ᠦᠷᠭᠦᠯᠵᠢᠯᠡᠨ᠎ᠡ᠃

ᠢᠷᠡᠯᠲᠡ᠄ ᠪᠠᠶᠠᠨᠨᠠᠭᠤᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠠᠵᠢᠯ᠎ᠤᠨ ᠶᠡᠷᠦᠩᠬᠡᠶ ᠥᠷᠲᠡᠭᠡ ᠵᠢᠨ ᠣᠳᠣᠷᠢᠳᠣᠯᠭ᠎ᠠ᠎ᠠᠴᠠ ᠬᠥᠯᠥᠨ ᠪᠤᠢ᠌ᠷ᠎ᠤᠨ ᠵᠠᠯᠠᠨ ᠠᠶ᠋ᠢᠯ ᠬᠤᠳᠠ ᠵᠢᠨ ᠤᠢ ᠰᠢᠭᠤᠶ ᠵᠢᠨ ᠲᠧᠭᠨᠢᠭ ᠮᠡᠷᠭᠡᠵᠢᠯ᠎ᠢ ᠳᠡᠯᠭᠡᠷᠡᠭᠦᠯᠬᠦ ᠠᠵᠢᠯ᠎ᠢ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ
ᠪᠠᠶᠠᠨᠨᠠᠭᠤᠷ ᠬᠣᠲᠠ ᠵᠢᠨ ᠡᠯᠡᠰᠦ ᠵᠢ ᠪᠢᠳᠡᠬᠦᠮᠵᠢᠯᠡᠨ ᠨᠢᠰᠬᠡᠯ ᠵᠶ᠋ᠡᠷ ᠤᠢ᠌ᠵᠢᠭᠤᠯᠬᠤ ᠦᠷᠳᠡᠭᠡ 《ᠰᠢᠨ᠎ᠡ ᠴᠠᠭ ᠦᠶ᠎ᠡ᠂ ᠰᠢᠨ᠎ᠡ ᠪᠠᠶ᠋ᠢᠳᠠᠯ᠂ ᠰᠢᠨ᠎ᠡ ᠠᠵᠢᠯᠯᠠᠭ᠎ᠠ》᠎ᠪᠠᠷ ᠭᠣᠣᠯ ᠰᠡᠳᠦᠪ ᠪᠤᠯᠭ᠋ᠠᠭᠰᠠᠨ ᠴᠢᠩ ᠴᠦᠨ ᠬᠤ᠌ ᠨᠠᠭᠤᠷ᠎ᠲᠠᠬᠢ ᠠᠯᠬᠤᠭ᠎ᠠ ᠤᠷᠤᠯᠳᠤᠭ᠋ᠠᠨ᠎ᠤ ᠠᠵᠢᠯᠯᠠᠭ᠎ᠠ ᠶᠠᠪᠤᠭᠳᠠᠭᠤᠯᠪᠠ
ᠮᠠᠨ᠎ᠤ ᠣᠷᠣᠨ᠎ᠳᠤ ᠪᠠᠰᠠ ᠨᠢᠭᠡ ᠤᠯᠤᠰ᠎ᠤᠨ ᠲᠠᠰ᠎ᠤᠨ ᠣᠶ ᠰᠢᠭᠤᠶ ᠵᠢᠨ ᠴᠡᠴᠡᠷᠯᠢᠭ ᠨᠡᠮᠡᠭᠳᠡᠪᠡ
ᠪᠠᠶᠠᠨᠨᠠᠭᠤᠷ ᠬᠣᠲᠠ ᠵᠢᠨ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠬᠠᠮᠢᠶᠠᠷᠤᠨ ᠬᠠᠮᠠᠭ᠋ᠠᠯᠠᠬᠤ ᠬᠡᠷᠡᠭᠯᠡᠭᠡᠨ᠎ᠤ ᠪᠠᠶ᠋ᠢᠰᠢᠩ᠎ᠤᠨ ᠪᠦᠲᠦᠭᠡᠨ ᠪᠠᠢ᠌ᠭᠤᠯᠤᠯᠳᠠ ᠤᠷᠤᠭᠰᠢᠲᠠᠶ ᠶᠠᠪᠤᠭᠳᠠᠪᠠ
ᠲᠠᠷᠢᠶᠠᠯᠠᠩ ᠬᠥᠳᠡᠭᠡ ᠲᠤᠰᠬᠤᠨ᠎ᠤ ᠶᠠᠮᠤᠨ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠭᠰᠡᠨ ᠠᠷᠪᠠᠨ ᠶᠡᠭᠡ ᠲᠤᠬᠳᠠᠴᠠ ᠵᠢᠨ ᠰᠢᠨ᠎ᠠ ᠡᠬᠦᠳᠤᠯᠳᠡ ᠵᠢᠨ ᠨᠡᠢ᠌ᠳᠡᠯᠢᠭ ᠵᠢᠱ᠌ᠢᠶ᠎ᠡ ᠵᠢ ᠨᠡᠢ᠌ᠳᠡᠯᠡᠪᠡ
 
             蒙ICP备05000248号