ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠭᠦᠨᠵᠡᠭᠡᠢ᠌ᠷᠡᠨ ᠬᠠᠪᠰᠤᠷᠤᠨ ᠲᠡᠳᠬᠦᠬᠦ ᠴᠡᠭ᠎ᠲᠤ ᠪᠠᠶ᠋ᠢᠴᠠᠭ᠋ᠠᠨ ᠰᠤᠳᠤᠯᠤᠯᠲᠠ ᠬᠢᠪᠠ
ᠨᠡᠶ᠋ᠢᠲᠡᠯᠡᠭᠰᠡᠨ ᠴᠠᠭ᠄ 2018-09-20

      ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 7 ᠰᠠᠷ᠎ᠠ ᠵᠢᠨ 30᠎ᠤ ᠡᠳᠦᠷ᠎ᠤᠨ ᠮᠡᠳᠡᠭᠡ
     2018 ᠤᠨ᠎ᠤ 7 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠳ᠋ᠦᠩ ᠬᠤ᠌ ᠱᠸᠩ ᠤᠢ ᠰᠢᠭᠤᠢ ᠵᠢᠨ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠬᠣᠶᠠᠳᠤᠭ᠋ᠠᠷ ᠬᠦᠷᠢᠶᠡᠯᠡᠩ᠎ᠤᠨ ᠳᠠᠷᠤᠭ᠎ᠠ ᠠᠨ ᡁᠢ ᠮᠧᠶ᠂ ᠬᠢᠩᠭ᠋ᠠᠨ ᠠᠶ᠋ᠢᠮᠠᠭ᠎ᠤᠨ ᠤᠢ ᠰᠢᠭᠤᠢ ᠵᠢᠨ ᠲᠤᠪᠴᠢᠶ᠎ᠠ ᠵᠢᠨ ᠳᠡᠳ᠋ ᠲᠣᠪᠴᠢᠶᠠᠨ ᠳᠠᠷᠤᠭ᠎ᠠ ᠵᠸᠣ ᠢᠦᠢ ᠯᠢᠨ᠂ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠤᠰᠢᠭᠣᠨ ᠳᠠᠷᠤᠭ᠎ᠠ ᠽᠸᠤ ᠰᠢᠶᠤᠤ ᠵᠧᠤ᠂ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠣᠶ ᠰᠢᠭᠤᠶ ᠵᠢᠨ ᠲᠣᠪᠴᠢᠶ᠎ᠠ ᠵᠢᠨ ᠪᠤᠤ ᠬᠦᠭᠵᠢᠯᠲᠦ ᠵᠡᠷᠭᠡ ᠤᠳᠤᠷᠢᠳᠤᠯᠭ᠎ᠠ ᠵᠢᠨ ᠳᠠᠭ᠋ᠠᠭᠤᠯᠭ᠎ᠠ ᠳᠣᠣᠷ᠎ᠠ᠂ ᠬᠠᠪᠰᠤᠷᠤᠨ ᠲᠡᠳᠬᠦᠬᠦ ᠴᠡᠭ —   ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠳᠠᠶ᠋ᠢᠴᠢᠨᠲᠠᠯ᠎ᠠ ᠰᠤᠮᠤ ᠵᠢᠨ ᠴᠠᠭ᠋ᠠᠨᠨᠠᠭᠤᠷ ᠭᠠᠴᠠᠭ᠎ᠠ᠂ ᠲᠤᠰ ᠭᠠᠴᠠᠭ᠋ᠠᠨ᠎ᠤ ᠦᠢ᠍ᠯᠡᠳᠪᠦᠷᠢᠯᠡᠯ᠂ ᠠᠮᠢᠳᠤᠷᠠᠯ᠎ᠤᠨ ᠪᠠᠶ᠋ᠢᠳᠠᠯ ᠪᠠ ᠬᠣᠶ᠋ᠢᠰᠢᠳᠠ ᠵᠢᠨ ᠬᠥᠭᠵᠢᠯᠲᠡ᠎ᠳᠤ ᠪᠠᠶ᠋ᠢᠴᠠᠭ᠋ᠠᠨ ᠰᠤᠳᠤᠯᠤᠯᠲᠠ ᠬᠢᠬᠦ ᠵᠢᠨ ᠬᠠᠮᠲᠤ ᠶᠠᠳᠠᠭᠤ ᠬᠦᠴᠢᠷᠳᠡᠯ᠎ᠲᠠᠢ ᠡᠷᠤᠬᠡ ᠵᠢ ᠡᠷᠬᠢᠨ ᠦᠵᠡᠵᠦ ᠲᠣᠬᠣᠨᠢᠭᠤᠯᠪᠠ᠃
      ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ᠎ᠠᠴᠠ ᠴᠠᠭ᠋ᠠᠨᠨᠠᠭᠤᠷ ᠭᠠᠴᠠᠭ᠎ᠠ ᠲᠣᠰᠬᠣᠨ᠎ᠤ ᠳᠦᠷᠰᠦ ᠪᠠᠶ᠋ᠢᠳᠠᠯ ᠵᠢᠴᠢ ᠭᠠᠴᠠᠭ᠋ᠠᠨ᠎ᠤ ᠠᠷᠠᠳ᠎ᠤᠨ ᠵᠥᠪᠯᠡᠯ᠎ᠤᠨ ᠠᠵᠢᠯᠯᠠᠬᠤ ᠲᠠᠯᠠᠪᠤᠷ ᠭᠠᠵᠠᠷ᠎ᠢ ᠲᠤᠭᠤᠷᠢᠨ ᠦᠵᠡᠵᠦ᠂ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠳᠠᠶ᠋ᠢᠴᠢᠨᠲᠠᠯ᠎ᠠ ᠰᠤᠮᠤ ᠵᠢᠨ ᠴᠠᠭ᠋ᠠᠨᠨᠠᠭᠤᠷ ᠭᠠᠴᠠᠭ᠎ᠠ ᠵᠢᠨ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ ᠵᠢᠨ ᠪᠠᠶ᠋ᠢᠳᠠᠯ ᠪᠠ ᠶᠠᠳᠠᠭᠤ ᠵᠢ ᠲᠡᠳᠬᠦᠨ ᠬᠦᠴᠢᠷᠳᠡᠯ᠎ᠢ ᠬᠠᠪᠰᠣᠷᠬᠣ ᠪᠠᠢ᠌ᠳᠠᠯ᠎ᠢ ᠨᠠᠷᠢᠨ ᠣᠢ᠌ᠯᠠᠭ᠋ᠠᠬᠤ ᠵᠢᠨ ᠬᠠᠮᠲᠤ ᠭᠠᠴᠠᠭ᠋ᠠᠨ᠎ᠤ ᠬᠣᠶᠠᠷ ᠵᠥᠪᠯᠡᠯ᠎ᠤᠨ ᠪᠠᠭ᠎ᠤᠨ ᠪᠦᠷᠢᠯᠳᠦᠬᠦᠨ ᠨᠡᠷ᠎ᠲᠠᠢ ᠶᠠᠷᠢᠯᠴᠠᠬᠤ ᠬᠤᠷᠠᠯ ᠬᠢᠵᠡᠢ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ᠎ᠠᠴᠠ ᠭᠠᠴᠠᠭ᠋ᠠᠨ᠎ᠤ ᠨᠠᠮ᠎ᠤᠨ ᠡᠭᠦᠷ᠎ᠤᠨ ᠱᠦᠵᠢ ᠵᠢᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠴᠠᠭ᠋ᠠᠨᠨᠠᠭᠤᠷ ᠭᠠᠴᠠᠭ᠎ᠠ ᠵᠢᠨ ᠣᠢ᠌ᠷ᠎ᠠ ᠵᠢᠨ ᠵᠢᠯ᠎ᠳᠠᠬᠢ ᠤᠢ ᠰᠢᠭᠤᠶ ᠵᠢᠨ ᠲᠢᠩᠬᠢᠮ᠎ᠠᠴᠠ ᠬᠠᠪᠰᠤᠷᠤᠨ ᠲᠡᠳᠬᠦᠬᠦ ᠪᠠ ᠲᠣᠰ ᠪᠡᠶ᠎ᠡ ᠵᠢᠨ ᠴᠢᠷᠮᠠᠶ᠋ᠢᠯᠭ᠎ᠠ᠎ᠪᠠᠷ ᠳᠠᠮᠵᠢᠨ᠂ ᠲᠣᠰᠬᠣᠨ᠎ᠤ ᠳᠦᠷᠰᠦ ᠪᠠᠶ᠋ᠢᠳᠠᠯ᠎ᠳᠤ ᠲᠡᠦᠬᠡᠲᠦ ᠴᠢᠨᠠᠷᠲᠠᠶ ᠬᠤᠪᠢᠷᠠᠯᠲᠠ ᠭᠠᠷᠭ᠋ᠠᠵᠣ᠂ ᠮᠠᠯᠴᠢᠨ ᠲᠠᠷᠢᠶᠠᠴᠢᠨ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠢ ᠢᠯᠡᠳᠲᠡ ᠰᠠᠶ᠋ᠢᠵᠢᠷᠠᠭᠤᠯᠤᠭᠰᠠᠨ᠎ᠢ ᠭᠦᠢᠴᠡᠳ ᠨᠤᠲᠠᠯᠠᠵᠠᠶ᠃ ᠲᠡᠷᠡ ᠢᠯᠡᠷᠬᠡᠶ᠋ᠢᠯᠡᠬᠦ᠎ᠳᠡᠭᠡᠨ᠂ ᠡᠭᠦᠨ᠎ᠠᠴᠠ ᠬᠣᠶ᠋ᠢᠰᠢᠳᠠ ᠤᠢ ᠰᠢᠭᠤᠶ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠶᠣᠰᠣᠭ᠋ᠠᠷ᠂ ᠴᠠᠭ᠋ᠠᠨᠨᠠᠭᠤᠷ ᠭᠠᠴᠠᠭ᠎ᠠ᠎ᠳᠠᠬᠢ ᠲᠡᠳᠬᠦᠨ ᠳᠡᠮᠵᠢᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠠᠵᠤ ᠦᠢ᠍ᠯᠡᠰ᠎ᠢ ᠬᠥᠭᠵᠢᠭᠦᠯᠵᠤ᠂ ᠭᠠᠴᠠᠭ᠋ᠠᠨ᠎ᠤ ᠬᠠᠮᠲᠤ ᠵᠢᠨ ᠠᠵᠤ ᠠᠬᠤᠶ ᠵᠢ ᠪᠤᠵᠠᠭ᠋ᠠᠢ᠌ᠷᠠᠭᠤᠯᠤᠨ᠂ ᠴᠢᠳᠠᠯ᠎ᠤᠨ ᠵᠶ᠋ᠠᠨ ᠬᠡᠪᠴᠢᠶᠡᠨ ᠳᠣᠲᠣᠷ᠎ᠠ ᠥᠩᠭᠡᠷᠡᠭᠰᠡᠨ᠎ᠲᠠᠢ ᠠᠳᠠᠯᠢ᠎ᠪᠠᠷ ᠭᠠᠴᠠᠭ᠎ᠠ ᠵᠢ ᠬᠠᠪᠰᠣᠷᠣᠨ ᠳᠡᠮᠵᠢᠵᠦ ᠬᠥᠭᠵᠢᠭᠦᠯᠦᠨ᠎ᠡ᠃ ᠡᠭᠦᠨ᠎ᠤ ᠬᠠᠮᠲᠤ᠂ ᠴᠠᠭ᠋ᠠᠨᠨᠠᠭᠤᠷ ᠭᠠᠴᠠᠭ᠎ᠠ᠎ᠨᠢ ᠢᠲᠡᠭᠡᠯ ᠵᠣᠷᠢᠭ ᠵᠶ᠋ᠠᠨ ᠤᠯᠠᠮ ᠨᠢᠭᠡ ᠠᠯᠬᠤᠮ ᠪᠤᠢ ᠪᠣᠯᠭ᠋ᠠᠵᠤ᠂ ᠬᠥᠭᠵᠢᠯᠲᠡ ᠵᠢᠨ ᠰᠡᠳᠬᠢᠴᠡ᠎ᠪᠠᠨ ᠡᠮᠬᠢᠯᠡᠨ ᠳᠢᠭᠯᠡᠵᠦ᠂ ᠲᠤᠬᠠᠶ ᠵᠢᠨ ᠭᠠᠵᠠᠷ᠎ᠤᠨ ᠪᠣᠳᠠᠲᠤ ᠪᠠᠶ᠋ᠢᠳᠠᠯ᠎ᠳᠤ ᠦᠨᠳᠦᠰᠦᠯᠡᠨ᠂ ᠳᠣᠮᠳᠠ ᠣᠷᠳᠣ ᠬᠤᠭᠤᠴᠠᠭ᠋ᠠᠨ᠎ᠤ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠵᠤ᠂ ᠴᠢᠰᠤ ᠪᠦᠲᠦᠭᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠢ ᠲᠣᠰᠬᠣᠨ᠎ᠠᠴᠠ ᠪᠠᠶᠠᠨ ᠲᠣᠰᠬᠣᠨ ᠲᠡᠰᠢ ᠬᠤᠪᠢᠷᠠᠭᠤᠯᠬᠤ ᠵᠢ ᠴᠢᠷᠮᠠᠶ᠋ᠢᠨ ᠪᠡᠶᠡᠯᠡᠭᠦᠯᠵᠦ᠂ ᠪᠠᠶᠠᠨ ᠴᠢᠨᠡᠭᠡᠯᠢᠭ ᠲᠣᠰᠬᠣᠨ᠎ᠠᠴᠠ ᠵᠢᠱ᠌ᠢᠶ᠎ᠡ ᠦᠵᠡᠭᠦᠯᠬᠦ ᠲᠣᠰᠬᠣᠨ ᠲᠡᠰᠢ ᠬᠤᠪᠢᠷᠠᠭᠤᠯᠬᠤ ᠬᠠᠷᠠᠯᠲᠠ ᠵᠢ   ᠴᠢᠩᠭ᠋ᠠᠳᠬᠠᠨ᠎ᠠ᠃
      ᠭᠠᠴᠠᠭ᠋ᠠᠨ᠎ᠤ ᠨᠠᠮ᠎ᠤᠨ ᠡᠭᠦᠷ ᠪᠣᠯᠤᠨ ᠨᠠᠮ᠎ᠤᠨ ᠬᠣᠷᠢᠶᠠᠨ᠎ᠤ ᠭᠣᠤᠯ ᠬᠠᠷᠢᠭᠤᠴᠠᠯᠭ᠋ᠠᠲᠠᠨ᠎ᠠᠴᠠ ᠣᠶ᠋ᠢᠷ᠎ᠠ ᠵᠢᠨ ᠵᠢᠯ᠎ᠳᠠᠬᠢ ᠤᠢ ᠰᠢᠭᠤᠶ ᠵᠢᠨ ᠲᠢᠩᠬᠢᠮ᠎ᠠᠴᠠ ᠴᠠᠭ᠋ᠠᠨᠨᠠᠭᠤᠷ ᠭᠠᠴᠠᠭ᠎ᠠ᠎ᠳᠤ ᠬᠠᠪᠰᠤᠷᠤᠯᠭ᠎ᠠ ᠪᠠ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠵᠤ ᠪᠠᠶ᠋ᠢᠨ᠎ᠠ᠃ ᠲᠡᠳᠡ ᠢᠯᠡᠷᠬᠡᠢ᠌ᠯᠡᠬᠦ᠎ᠳᠤ᠎ᠪᠠᠨ᠂ ᠭᠠᠴᠠᠭ᠋ᠠᠨ᠎ᠤ ᠮᠠᠯᠴᠢᠨ ᠲᠠᠷᠢᠶᠠᠴᠢᠳ ᠵᠶ᠋ᠠᠨ ᠳᠠᠭ᠋ᠠᠭᠤᠯᠤᠨ ᠦᠵᠡᠯ ᠰᠠᠨᠠᠭ᠋ᠠᠨ᠎ᠤ ᠣᠶ᠋ᠢᠯᠠᠭ᠋ᠠᠭᠳᠠᠬᠤᠨ ᠵᠶ᠋ᠠᠨ ᠬᠤᠪᠢᠷᠠᠭᠤᠯᠬᠤ ᠡᠷᠡᠰ ᠵᠣᠷᠢᠭ ᠪᠠ ᠢᠲᠡᠭᠡᠯ ᠵᠣᠷᠢᠭ᠎ᠲᠠᠢ ᠪᠠᠢ᠌ᠵᠤ᠂ ᠲᠡᠷᠢᠭᠦᠨ᠎ᠤ ᠪᠠᠶᠠᠵᠢᠬᠤ ᠮᠡᠷᠭᠡᠵᠢᠯ᠎ᠢ ᠡᠵᠡᠮᠰᠢᠨ᠂ ᠲᠠᠷᠢᠶᠠᠯᠠᠩ ᠮᠠᠯ ᠠᠵᠤ ᠠᠬᠤᠶ ᠵᠢᠨ ᠬᠥᠭᠵᠢᠯᠲᠡ ᠵᠢᠨ ᠰᠡᠯᠭᠦᠬᠦ ᠬᠦᠴᠦᠨ᠎ᠢ ᠨᠡᠮᠡᠭᠳᠡᠭᠦᠯᠵᠦ᠂ ᠲᠠᠷᠢᠶᠠᠴᠢᠨ ᠮᠠᠯᠴᠢᠳ᠎ᠤᠨ ᠪᠦᠬᠦᠯᠢ ᠴᠣᠭᠴᠠ ᠵᠢᠨ ᠬᠡᠪ ᠴᠢᠨᠠᠷ᠎ᠢ ᠳᠡᠭᠡᠭᠰᠢᠯᠡᠭᠦᠯᠬᠦ᠎ᠪᠠᠷ ᠳᠠᠮᠵᠢᠭᠤᠯᠤᠨ᠂ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠬᠤ ᠵᠢ ᠪᠡᠶᠡᠯᠡᠭᠦᠯᠬᠦ ᠵᠢ ᠡᠷᠲᠡᠬᠡᠨ ᠪᠡᠶᠡᠯᠡᠭᠦᠯᠦᠶ᠎ᠡ᠃


ᠢᠷᠡᠯᠲᠡ᠄ ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠰᠡᠷᠭᠡᠶ᠋ᠢᠯᠡᠬᠦ ᠥᠷᠲᠡᠭᠡ ᠬᠡᠮᠵᠢᠨ ᠮᠡᠳᠡᠭᠡᠯᠡᠬᠦ ᠰᠠᠯᠠᠭ᠎ᠠ᠎ᠠᠴᠠ ᠬᠢᠩᠭ᠋ᠠᠨ ᠠᠶ᠋ᠢᠮᠠᠭ᠎ᠲᠤ ᠢᠷᠡᠵᠦ ᠠᠵᠢᠯ᠎ᠢ ᠪᠠᠶ᠋ᠢᠴᠠᠭ᠋ᠠᠪᠠ
ᠡᠷᠢᠶᠡᠨ ᠬᠣᠲᠠ ᠵᠢᠨ ᠲᠠᠷᠢᠶᠠᠯᠠᠩ ᠮᠠᠯ ᠠᠵᠤ ᠠᠬᠤᠶ ᠤᠢ ᠰᠢᠭᠤᠢ ᠵᠢᠨ ᠲ᠋ᠤᠪᠴᠢᠶ᠎ᠠ᠎ᠠᠴᠠ ᠨᠡᠶ᠋ᠢᠳᠡᠮ ᠬᠡᠷᠡᠭᠯᠡᠬᠦ ᠵᠠᠰᠠᠭ ᠵᠠᠬᠢᠷᠭ᠋ᠠᠨ᠎ᠤ ᠡᠷᠬᠡ ᠵᠢᠨ ᠶᠠᠪᠤᠳᠠᠯ᠎ᠤᠳ᠎ᠤᠨ ᠨᠠᠷᠢᠨ ᠬᠠᠭᠤᠳᠠᠰᠤ ᠵᠢ ᠡᠮᠬᠢᠯᠡᠨ ᠳᠢᠭᠯᠡᠬᠦ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠪᠡ
ᠬᠢᠩᠭ᠋ᠠᠨ ᠠᠶ᠋ᠢᠮᠠᠭ᠎ᠤᠨ ᠤᠯᠠᠭ᠋ᠠᠨᠬᠣᠲᠠ ᠬᠤᠲᠠ ᠵᠢᠨ ᠣᠶ ᠰᠢᠭᠤᠶ ᠵᠢᠨ ᠲᠣᠪᠴᠢᠶ᠎ᠠ 《8 · 1》᠎ᠠᠴᠠ ᠡᠮᠦᠨᠡᠬᠡᠨ ᠡᠳᠦᠷ ᠵᠡᠪᠰᠡᠭᠲᠦ ᠴᠠᠭᠳᠠᠭ᠋ᠠᠨ᠎ᠤ ᠣᠶ ᠰᠢᠭᠤᠶ ᠵᠢᠨ ᠶᠡᠬᠡ ᠪᠠᠷᠢᠭ᠋ᠠᠳᠠ᠎ᠳᠤ ᠬᠦᠷᠪᠡ
ᠤᠯᠤᠰ᠎ᠤᠨ ᠨᠢᠭᠡᠳᠦᠭᠡᠷ ᠳᠡᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ 《ᠰᠢᠪᠠᠭᠤᠳ᠎ᠤᠨ ᠳᠣᠮᠳᠠᠬᠢ ᠮᠠᠯᠤᠷ ᠥᠲᠡᠭᠡ》 ᠪᠤᠯᠬᠤ ᠬᠠᠷ᠎ᠠ ᠥᠷᠪᠢ ᠭᠡᠭᠡᠨ ᠭᠣᠣᠯ ᠭᠣᠣᠯ᠎ᠤᠨ ᠡᠷᠭᠢ᠎ᠳᠤ ᠠᠩᠬ᠎ᠠ ᠤᠳᠠᠭ᠎ᠠ ᠢᠯᠡᠷᠡᠪᠡ
ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠣᠶᠣᠯ᠎ᠤᠨ ᠪᠠᠶ᠋ᠢᠭᠤᠯᠤᠯᠲᠠ ᠵᠢᠨ ᠺᠢᠨᠣ᠋ ᠦᠵᠡᠬᠦ ᠠᠵᠢᠯᠯᠠᠭ᠎ᠠ ᠶᠠᠪᠤᠭᠳᠠᠭᠤᠯᠪᠠ
 
             蒙ICP备05000248号