ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠡᠷᠢᠶᠡᠨ ᠬᠣᠲᠠ ᠵᠢᠨ ᠲᠠᠷᠢᠶᠠᠯᠠᠩ ᠮᠠᠯ ᠠᠵᠤ ᠠᠬᠤᠶ ᠤᠢ ᠰᠢᠭᠤᠢ ᠵᠢᠨ ᠲ᠋ᠤᠪᠴᠢᠶ᠎ᠠ᠎ᠠᠴᠠ ᠨᠡᠶ᠋ᠢᠳᠡᠮ ᠬᠡᠷᠡᠭᠯᠡᠬᠦ ᠵᠠᠰᠠᠭ ᠵᠠᠬᠢᠷᠭ᠋ᠠᠨ᠎ᠤ ᠡᠷᠬᠡ ᠵᠢᠨ ᠶᠠᠪᠤᠳᠠᠯ᠎ᠤᠳ᠎ᠤᠨ ᠨᠠᠷᠢᠨ ᠬᠠᠭᠤᠳᠠᠰᠤ ᠵᠢ ᠡᠮᠬᠢᠯᠡᠨ ᠳᠢᠭᠯᠡᠬᠦ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2018-09-20

      ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 8 ᠰᠠᠷ᠎ᠠ ᠵᠢᠨ 1᠎ᠤ ᠡᠳᠦᠷ᠎ᠤᠨ ᠮᠡᠳᠡᠭᠡ
      ᠳᠤᠰ ᠨᠢᠭᠡᠴᠡ ᠵᠢᠨ ᠵᠶ᠋ᠠᠨ ᠵᠠᠰᠠᠭ ᠵᠠᠬᠢᠷᠭ᠋ᠠᠨ᠎ᠤ ᠡᠷᠬᠡ ᠵᠢᠨ ᠶᠠᠪᠤᠳᠠᠯ᠎ᠢ ᠤᠯᠠᠮ ᠨᠢᠭᠡ ᠠᠯᠬᠤᠮ ᠡᠮᠬᠢᠯᠡᠵᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠬᠤ ᠵᠢᠨ ᠲᠤᠰᠠᠳᠠ᠂ ᠡᠷᠢᠶᠡᠨ ᠬᠣᠲᠠ ᠵᠢᠨ ᠲᠠᠷᠢᠶᠠᠯᠠᠩ ᠮᠠᠯ ᠠᠵᠤ ᠠᠬᠤᠶ ᠤᠢ ᠰᠢᠭᠤᠢ ᠵᠢᠨ ᠲᠤᠪᠴᠢᠶ᠎ᠠ᠎ᠠᠴᠠ 7 ᠰᠠᠷ᠎ᠠ᠎ᠠᠴᠠ ᠡᠬᠢᠯᠡᠨ ᠶᠠᠪᠤᠳᠠᠯ᠎ᠤᠳ᠎ᠤᠨ ᠨᠠᠷᠢᠨ ᠬᠠᠭᠤᠳᠠᠰᠤ ᠵᠢ ᠡᠮᠬᠢᠯᠡᠨ᠂ ᠣᠳᠣ ᠨᠢᠭᠡᠨᠲᠡ ᠦᠨᠳᠦᠰᠦᠨ᠎ᠳᠡᠭᠡᠨ ᠪᠡᠶᠡᠯᠡᠭᠦᠯᠪᠡ᠃
      ᠡᠨᠡ ᠤᠳᠠᠭ᠋ᠠᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠬᠤ ᠳᠤᠮᠳᠠ᠂ ᠬᠣᠲᠠ ᠵᠢᠨ ᠣᠷᠣᠨ ᠲᠣᠭ᠎ᠠ ᠵᠢᠨ ᠠᠯᠪᠠᠨ ᠬᠡᠷ (  ᠬᠢᠨᠠᠨ ᠵᠦᠪᠰᠢᠶᠡᠷᠡᠬᠦᠯᠬᠦ ᠳᠦᠷᠢᠮ᠎ᠤᠨ ᠦᠭᠡᠷᠡᠴᠢᠯᠡᠯᠲᠡ ᠵᠢᠨ ᠠᠵᠢᠯ᠎ᠢ ᠣᠳᠣᠷᠢᠳᠬᠣ ᠳᠣᠭᠣᠢ᠌ᠯᠠᠩ᠎ᠤᠨ ᠠᠯᠪᠠᠨ ᠭᠡᠷ)᠎ᠲᠠᠢ ᠣᠯᠠᠨ ᠣᠳᠠᠭ᠎ᠠ ᠨᠡᠪᠲᠡᠷᠡᠯᠴᠡᠨ ᠵᠥᠪᠯᠡᠵᠣ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠬᠤ ᠪᠠ ᠤᠯᠠᠨ ᠲᠦᠮᠡᠨ᠎ᠳᠤ ᠦᠢ᠍ᠯᠡᠴᠢᠯᠡᠬᠦ ᠵᠢ ᠤᠶᠠᠯᠳᠤᠭᠤᠯᠵᠤ᠂ ᠠᠷᠠᠳ ᠢᠷᠭᠡᠨ᠂ ᠬᠠᠤᠯᠢ ᠵᠢᠨ ᠬᠥᠮᠦᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠡᠷᠬᠡ ᠡᠭᠦᠷᠭᠡ ᠵᠢ ᠰᠢᠭᠤᠳ ᠨᠥᠯᠥᠭᠡᠯᠡᠬᠦ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠶᠠᠪᠤᠳᠠᠯ᠎ᠤᠳ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠵᠦ᠂ ᠣᠯᠠᠨ ᠲᠦᠷᠦᠯ᠎ᠤᠨ ᠬᠠᠤᠯᠢ ᠴᠠᠭ᠋ᠠᠵᠠ ᠵᠢᠨ ᠳᠦᠷᠢᠮ ᠲᠣᠭᠲᠠᠭ᠋ᠠᠯ᠎ᠢ ᠡᠷᠢᠵᠤ ᠬᠠᠢ᠌ᠨ ᠡᠮᠬᠢᠯᠡᠨ ᠳᠢᠭᠯᠡᠬᠦ᠎ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠵᠢᠨ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠡᠷᠬᠡ ᠵᠢᠨ ᠶᠠᠪᠤᠳᠠᠯ᠎ᠤᠳ᠎ᠢ ᠡᠮᠬᠢᠯᠡᠨ ᠨᠠᠶ᠋ᠢᠷᠠᠭᠤᠯᠵᠤ᠂ ᠭᠠᠵᠠᠷ ᠰᠢᠷᠣᠶ᠂ ᠤᠢ ᠰᠢᠭᠤᠶ᠂ ᠲᠠᠷᠢᠶᠠᠯᠠᠩ ᠮᠠᠯ ᠠᠵᠤ ᠠᠬᠤᠶ᠂ ᠬᠢᠵᠢᠭ ᠡᠪᠡᠳᠴᠢᠨ᠎ᠢ ᠰᠡᠷᠭᠡᠶ᠋ᠢᠯᠡᠨ ᠬᠢᠵᠠᠭ᠋ᠠᠷᠯᠠᠬᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ᠂ ᠨᠤᠲᠤᠭ ᠪᠡᠯᠴᠢᠭᠡᠷ᠎ᠢ ᠬᠡᠷᠡᠭᠯᠡᠬᠦ᠂ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠰᠢᠳᠬᠡᠬᠦ ᠵᠡᠷᠭᠡ ᠣᠯᠠᠨ ᠬᠦᠷᠢᠶ᠎ᠡ ᠬᠡᠪᠴᠢᠶ᠎ᠡ ᠵᠢ ᠬᠠᠮᠤᠷᠤᠭᠤᠯᠵᠤ᠂ ᠨᠡᠢ᠌ᠲᠡ 48 ᠵᠤᠷᠪᠤᠰ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠢᠳᠬᠡᠯ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠡᠷᠭᠡ ᠣᠯᠠᠨ ᠵᠦᠢ᠍ᠯ᠎ᠤᠨ ᠡᠷᠬᠡ᠎ᠳᠤ ᠬᠣᠯᠪᠣᠭᠳᠠᠪᠠ᠃
      ᠣᠳᠣᠬᠠᠨ᠎ᠳᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠶᠠᠪᠤᠳᠠᠯ᠎ᠢ ᠰᠢᠯᠢ ᠵᠢᠨ ᠭᠣᠣᠯ ᠠᠶ᠋ᠢᠮᠠᠭ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠠᠮᠢᠶᠠᠷᠤᠯᠲᠠ ᠵᠢᠨ ᠲᠠᠪᠴᠠᠩ᠎ᠳᠤ ᠨᠢᠭᠡᠨᠲᠡ ᠪᠦᠬᠦᠨ᠎ᠢ ᠣᠷᠣᠭᠤᠯᠵᠤ᠂ ᠲᠠᠷᠠᠭ᠋ᠠᠴᠢ ᠵᠢᠨ ᠠᠯᠬᠤᠮ᠎ᠳᠤ 《ᠢᠨᠲ᠋ᠧᠷ ᠰᠦᠯᠵᠢᠶ᠎ᠡ +》 ᠰᠡᠳᠬᠢᠴᠡ᠎ᠪᠠᠷ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠬᠦᠳᠦᠯᠵᠦ᠂ ᠲᠤᠰ ᠱᠠᠲᠤᠨ᠎ᠤ ᠵᠠᠰᠠᠭ᠎ᠤᠨ ᠣᠷᠳᠣᠨ᠎ᠤ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠨᠤᠲᠠᠯᠠᠭᠤᠯᠵᠤ ᠳᠠᠭᠤᠰᠤᠭᠰᠠᠨ᠎ᠤ ᠲᠠᠷᠠᠭ᠎ᠠ ᠨᠡᠶ᠋ᠢᠭᠡᠮ᠎ᠳᠤ ᠨᠡᠶ᠋ᠢᠲᠡᠯᠡᠨ᠎ᠡ᠃

ᠢᠷᠡᠯᠲᠡ᠄ ᠡᠷᠢᠶᠡᠨ ᠬᠣᠲᠠ ᠵᠢᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ᠎ᠤᠨ ᠤᠯᠠᠭ᠋ᠠᠨᠬᠣᠲᠠ ᠬᠤᠲᠠ ᠵᠢᠨ ᠣᠶ ᠰᠢᠭᠤᠶ ᠵᠢᠨ ᠲᠣᠪᠴᠢᠶ᠎ᠠ 《8 · 1》᠎ᠠᠴᠠ ᠡᠮᠦᠨᠡᠬᠡᠨ ᠡᠳᠦᠷ ᠵᠡᠪᠰᠡᠭᠲᠦ ᠴᠠᠭᠳᠠᠭ᠋ᠠᠨ᠎ᠤ ᠣᠶ ᠰᠢᠭᠤᠶ ᠵᠢᠨ ᠶᠡᠬᠡ ᠪᠠᠷᠢᠭ᠋ᠠᠳᠠ᠎ᠳᠤ ᠬᠦᠷᠪᠡ
ᠤᠯᠤᠰ᠎ᠤᠨ ᠨᠢᠭᠡᠳᠦᠭᠡᠷ ᠳᠡᠰ᠎ᠤᠨ ᠭᠣᠣᠯᠳᠠᠯᠭ᠎ᠠ᠎ᠲᠠᠢ ᠬᠠᠮᠠᠭ᠋ᠠᠯᠠᠬᠤ ᠬᠡᠭᠡᠷ᠎ᠡ ᠵᠢᠨ ᠠᠮᠢᠲᠠᠨ 《ᠰᠢᠪᠠᠭᠤᠳ᠎ᠤᠨ ᠳᠣᠮᠳᠠᠬᠢ ᠮᠠᠯᠤᠷ ᠥᠲᠡᠭᠡ》 ᠪᠤᠯᠬᠤ ᠬᠠᠷ᠎ᠠ ᠥᠷᠪᠢ ᠭᠡᠭᠡᠨ ᠭᠣᠣᠯ ᠭᠣᠣᠯ᠎ᠤᠨ ᠡᠷᠭᠢ᠎ᠳᠤ ᠠᠩᠬ᠎ᠠ ᠤᠳᠠᠭ᠎ᠠ ᠢᠯᠡᠷᠡᠪᠡ
ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠣᠶᠣᠯ᠎ᠤᠨ ᠪᠠᠶ᠋ᠢᠭᠤᠯᠤᠯᠲᠠ ᠵᠢᠨ ᠺᠢᠨᠣ᠋ ᠦᠵᠡᠬᠦ ᠠᠵᠢᠯᠯᠠᠭ᠎ᠠ ᠶᠠᠪᠤᠭᠳᠠᠭᠤᠯᠪᠠ
ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ᠎ᠪᠠᠷ ᠬᠠᠮᠲᠤᠷᠠᠨ ᠠᠵᠢᠯᠯᠠᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠠᠵᠢᠯ᠎ᠤᠨ ᠶᠡᠷᠦᠩᠬᠡᠶ ᠥᠷᠲᠡᠭᠡ ᠵᠢᠨ ᠣᠳᠣᠷᠢᠳᠣᠯᠭ᠎ᠠ᠎ᠠᠴᠠ ᠬᠥᠯᠥᠨ ᠪᠤᠢ᠌ᠷ᠎ᠤᠨ ᠵᠠᠯᠠᠨ ᠠᠶ᠋ᠢᠯ ᠬᠤᠳᠠ ᠵᠢᠨ ᠤᠢ ᠰᠢᠭᠤᠶ ᠵᠢᠨ ᠲᠧᠭᠨᠢᠭ ᠮᠡᠷᠭᠡᠵᠢᠯ᠎ᠢ ᠳᠡᠯᠭᠡᠷᠡᠭᠦᠯᠬᠦ ᠠᠵᠢᠯ᠎ᠢ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ
 
             蒙ICP备05000248号