ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ 7 ᠰᠠᠷ᠎ᠠ ᠵᠢᠨ 31᠎ᠤ ᠡᠳᠦᠷ᠎ᠤᠨ ᠮᠡᠳᠡᠭᠡ
ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠰᠡᠷᠭᠡᠶ᠋ᠢᠯᠡᠬᠦ ᠥᠷᠲᠡᠭᠡ ᠵᠢᠨ ᠬᠡᠮᠵᠢᠨ ᠮᠡᠳᠡᠭᠡᠯᠡᠬᠦ ᠰᠠᠯᠠᠭ᠎ᠠ ᠵᠢᠨ ᠰᠠᠯᠠᠭ᠋ᠠᠨ ᠳᠠᠷᠤᠭ᠎ᠠ ᠯᠢᠦ ᠳ᠋ᠦᠩ ᠯᠢ ᠮᠠᠨ᠎ᠤ ᠠᠶ᠋ᠢᠮᠠᠭ᠎ᠲᠤ ᠢᠷᠡᠵᠦ ᠤᠢ ᠰᠢᠭᠤᠶ ᠵᠢᠨ ᠬᠥᠨᠥᠭᠡᠯᠲᠤ ᠠᠮᠢᠳᠤ ᠪᠣᠳᠠᠰ᠎ᠢ ᠤᠷᠢᠳᠴᠢᠯᠠᠨ ᠬᠡᠮᠵᠢᠨ ᠮᠡᠳᠡᠭᠡᠯᠡᠬᠦ ᠰᠢᠮᠳᠠᠭᠤᠯᠤᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠯᠢᠦ ᠰᠠᠯᠠᠭ᠋ᠠᠨ ᠳᠠᠷᠤᠭ᠎ᠠ ᠠᠶ᠋ᠢᠮᠠᠭ᠎ᠤᠨ ᠥᠷᠲᠡᠭᠡ ᠵᠢᠨ ᠤᠳᠤᠷᠢᠳᠤᠯᠭ᠎ᠠ᠎ᠲᠠᠢ ᠬᠠᠮᠲᠤ᠎ᠪᠠᠷ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠡᠦ ᠴᠠ ᠭᠧᠤ ᠵᠢᠨ ᠬᠠᠷᠭ᠋ᠠᠶ ᠵᠢᠨ ᠲᠦᠭᠡᠯᠡᠭᠦᠷ ᠬᠦᠨᠳᠦ ᠨᠣᠴᠢᠲᠠᠶ ᠡᠭᠦᠰᠦᠭᠰᠡᠨ ᠰᠢᠺᠸᠤ ᠤᠢ ᠰᠢᠭᠤᠶ ᠵᠢᠨ ᠲᠠᠯᠠᠪᠠᠢ᠂ ᠰᠣᠯᠣᠨ ᠣᠶ ᠰᠢᠭᠤᠶ ᠵᠢᠨ ᠲᠠᠯᠠᠪᠠᠶ᠎ᠳᠤ ᠭᠦᠨᠵᠡᠭᠡᠢ᠌ᠷᠡᠨ᠂ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ᠂ ᠬᠠᠷᠭ᠋ᠠᠶ ᠵᠢᠨ ᠲᠦᠭᠡᠯᠡᠭᠦᠷ ᠡᠭᠦᠰᠦᠭᠰᠡᠨ᠂ ᠰᠡᠷᠭᠡᠶ᠋ᠢᠯᠡᠨ ᠵᠠᠰᠠᠭᠰᠠᠨ ᠪᠠᠶ᠋ᠢᠳᠠᠯ᠎ᠢ ᠨᠠᠷᠢᠨ ᠣᠶ᠋ᠢᠯᠠᠭ᠋ᠠᠭᠰᠠᠨ᠎ᠤ ᠬᠠᠮᠲᠤ ᠰᠢᠺᠸᠤ ᠤᠢ ᠰᠢᠭᠤᠶ ᠵᠢᠨ ᠲᠠᠯᠠᠪᠠᠢ᠎ᠨᠢ ᠬᠣᠷᠣᠬᠠᠶ ᠰᠢᠪᠠᠵᠢ ᠥᠳᠥᠭᠡᠬᠦ ᠭᠡᠷᠡᠯᠲᠦ ᠠᠰᠠᠭᠤᠷ ᠵᠶ᠋ᠠᠷ ᠪᠡᠶ᠎ᠡ ᠭᠦᠢ᠍ᠴᠡᠭᠰᠡᠨ ᠬᠠᠷᠭ᠋ᠠᠶ ᠵᠢᠨ ᠲᠦᠭᠡᠯᠡᠭᠦᠷᠢ ᠦᠳᠦᠭᠡᠨ ᠪᠠᠷᠢᠭᠰᠠᠨᠤ ᠬᠠᠮᠲᠤ ᠨᠢᠭᠡ ᠡᠳᠦᠷ ᠰᠥᠨᠢ ᠪᠠᠷᠢᠵᠤ ᠠᠪᠤᠭᠰᠠᠨ ᠲᠣᠭ᠎ᠠ ᠬᠡᠮᠵᠢᠶ᠎ᠡ᠂ ᠡᠷᠡᠭᠴᠢᠨ ᠡᠮᠡᠭᠴᠢᠨ᠎ᠤ ᠬᠠᠷᠢᠴᠠᠯ ᠵᠡᠷᠭᠡ ᠲᠣᠭ᠎ᠠ ᠪᠠᠷᠢᠮᠲᠠ ᠵᠢ ᠪᠤᠳᠣᠨ ᠭᠠᠷᠭ᠋ᠠᠪᠠ᠃ ᠯᠢᠦ ᠰᠠᠯᠠᠭ᠋ᠠᠨ ᠳᠠᠷᠤᠭ᠎ᠠ᠎ᠠᠴᠠ ᠡᠯ᠎ᠡ ᠭᠠᠵᠠᠷ᠎ᠤᠨ᠎ᠬᠢᠨ᠎ᠤ ᠬᠥᠨᠥᠭᠡᠯᠲᠤ ᠠᠮᠢᠳᠤ ᠪᠣᠳᠠᠰ᠎ᠢ ᠬᠢᠨᠠᠨ ᠰᠢᠯᠭ᠋ᠠᠵᠤ ᠪᠠᠶ᠋ᠢᠴᠠᠭ᠋ᠠᠯᠲᠠ ᠬᠢᠬᠦ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠡᠯ᠎ᠡ ᠭᠠᠵᠠᠷ᠎ᠤᠨ᠎ᠬᠢᠨ᠎ᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ᠎ᠤᠨ ᠲᠠᠯ᠎ᠠ᠎ᠪᠠᠷ ᠣᠯᠤᠭᠰᠠᠨ ᠠᠮᠵᠢᠯᠲᠠ ᠵᠢ ᠭᠦᠢ᠍ᠴᠡᠳ ᠨᠤᠲᠠᠯᠠᠭᠰᠠᠨ᠎ᠤ ᠬᠠᠮᠲᠤ ᠣᠷᠣᠰᠢᠵᠤ ᠪᠠᠶ᠋ᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ᠎ᠳᠤ ᠵᠢᠯᠣᠭᠣᠳᠬᠤ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠴᠠᠢ᠃
ᠯᠢᠦ ᠳ᠋ᠦᠩ ᠯᠢ ᠰᠠᠯᠠᠭ᠋ᠠᠨ ᠳᠠᠷᠤᠭ᠎ᠠ ᠴᠢᠬᠤᠯᠠᠴᠢᠯᠠᠭᠰᠠᠨ᠎ᠨᠢ᠂ ᠬᠠᠷᠭ᠋ᠠᠶ ᠵᠢᠨ ᠲᠦᠭᠡᠯᠡᠭᠦᠷ ᠬᠡᠳᠡᠭ᠎ᠨᠢ ᠮᠠᠰᠢ ᠴᠢᠩᠭ᠎ᠠ ᠨᠠᠪᠴᠢ ᠢᠳᠡᠭᠴᠢ ᠬᠦᠨᠦᠭᠡᠯᠳᠦ ᠰᠢᠪᠠᠵᠢ᠂ ᠣᠷᠴᠢᠨ ᠲᠣᠭᠣᠷᠢᠨ᠎ᠤ ᠹᠠᠺᠲ᠋ᠤᠷ ᠪᠠ ᠬᠣᠷᠣᠬᠠᠶ ᠵᠢᠨ ᠬᠥᠨᠥᠭᠡᠯ᠎ᠤᠨ ᠬᠣᠭᠣᠷᠣᠨᠳᠣᠬᠢ ᠳᠣᠲᠣᠭ᠋ᠠᠳᠤ ᠬᠠᠷᠢᠴᠠᠭ᠎ᠠ ᠬᠣᠯᠪᠣᠭ᠎ᠠ ᠵᠢ ᠣᠨᠣᠪᠴᠢᠲᠠᠶ ᠲᠥᠰᠦᠭᠡᠯᠡᠭᠰᠡᠨ ᠪᠠᠢ᠌ᠬᠤ ᠴᠢᠬᠤᠯᠠᠲᠠᠢ᠂ ᠵᠢᠱ᠌ᠢᠯᠲᠡ ᠵᠢᠨ ᠵᠠᠭᠪᠤᠷ᠎ᠢ ᠵᠣᠬᠢᠶᠠᠨ ᠪᠠᠶ᠋ᠢᠭᠤᠯᠵᠤ᠂ ᠢᠷᠡᠭᠡᠳᠦᠶ ᠵᠢᠨ ᠬᠣᠷᠣᠬᠠᠶ ᠵᠢᠨ ᠭᠠᠮᠰᠢᠭ ᠡᠭᠦᠰᠦᠭᠰᠡᠨ ᠪᠠᠶ᠋ᠢᠳᠠᠯ᠂ ᠬᠣᠣᠷ ᠬᠥᠨᠥᠭᠡᠯ᠎ᠤᠨ ᠬᠡᠮᠵᠢᠶ᠎ᠡ ᠪᠠ ᠭᠠᠷᠬᠤ ᠬᠠᠨᠳᠤᠰᠢ ᠵᠢ ᠤᠷᠢᠳᠴᠢᠯᠠᠨ ᠮᠡᠳᠡᠭᠡᠯᠡᠵᠤ᠂ ᠣᠢ ᠰᠢᠭᠤᠶ ᠵᠢᠨ ᠬᠥᠨᠥᠭᠡᠯᠲᠤ ᠠᠮᠢᠳᠤ ᠪᠣᠳᠠᠰ᠎ᠢ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠵᠠᠰᠠᠬᠤ᠎ᠳᠤ ᠪᠠᠲᠤ ᠪᠡᠬᠢ ᠰᠠᠭᠤᠷᠢ ᠲᠠᠯᠪᠢᠨ ᠦᠭᠴᠡᠢ᠃ ᠲᠡᠷᠡ ᠡᠯ᠎ᠡ ᠭᠠᠵᠠᠷ᠎ᠤᠨ᠎ᠬᠢᠨ᠎ᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠬᠤ ᠵᠢᠨ ᠬᠠᠮᠲᠤ ᠠᠮᠧᠷᠢᠺᠠ ᠵᠢᠨ ᠴᠠᠭ᠋ᠠᠨ ᠡᠷᠪᠡᠬᠡᠶ ᠪᠣᠯᠤᠨ ᠨᠠᠷᠠᠰᠤᠨ ᠮᠣᠳᠣᠨ᠎ᠤ ᠣᠲᠠᠰᠣᠯᠢᠭ ᠬᠣᠷᠣᠬᠠᠶ ᠵᠢᠨ ᠡᠪᠡᠳᠴᠢᠨ ᠵᠡᠷᠭᠡ ᠬᠦᠨᠳᠦ ᠶᠡᠬᠡ ᠭᠠᠳᠠᠭ᠋ᠠᠳᠤ᠎ᠠᠴᠠ ᠢᠷᠡᠭᠰᠡᠨ ᠤᠢ ᠰᠢᠭᠤᠶ ᠵᠢᠨ ᠬᠥᠨᠥᠭᠡᠯᠲᠤ ᠠᠮᠢᠳᠤ ᠪᠣᠳᠠᠰ᠎ᠢ ᠰᠡᠷᠭᠡᠶ᠋ᠢᠯᠡᠨ ᠡᠵᠡᠮᠳᠡᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢ ᠱᠠᠭ᠋ᠠᠷᠳᠠᠪᠠ᠃