ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠣᠶᠣᠯ᠎ᠤᠨ ᠪᠠᠶ᠋ᠢᠭᠤᠯᠤᠯᠲᠠ ᠵᠢᠨ ᠺᠢᠨᠣ᠋ ᠦᠵᠡᠬᠦ ᠠᠵᠢᠯᠯᠠᠭ᠎ᠠ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2018-09-20

      ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠮᠡᠳᠡᠭᠡ 8 ᠰᠠᠷ᠎ᠠ ᠵᠢᠨ 20᠎ᠤ ᠡᠳᠦᠷ
     2018 ᠣᠨ᠎ᠤ 8 ᠰᠠᠷ᠎ᠠ ᠵᠢᠨ 17᠎ᠤ ᠡᠳᠦᠷ᠎ᠤᠨ ᠦᠳᠡ ᠵᠢᠨ ᠬᠣᠶ᠋ᠢᠨ᠎ᠠ᠂ ᠣᠶ ᠰᠢᠭᠤᠶ ᠵᠢᠨ ᠲᠢᠩᠬᠢᠮ᠎ᠤᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ᠎ᠠᠴᠠ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ ᠵᠢᠨ ᠪᠦᠬᠦ ᠺᠠᠳ᠋ᠷ ᠠᠵᠢᠯᠲᠠᠨ ᠠᠵᠢᠯᠴᠢᠨ᠎ᠢ ᠵᠣᠬᠢᠶᠠᠨ ᠪᠠᠶ᠋ᠢᠭᠤᠯᠵᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠣᠶᠣᠯ᠎ᠤᠨ ᠡᠭᠦᠳᠦᠨ ᠪᠠᠶ᠋ᠢᠭᠤᠯᠣᠯᠲᠠ ᠵᠢᠨ ᠭᠤᠷᠪᠠᠳᠤᠭ᠋ᠠᠷ ᠬᠤᠭᠤᠴᠠᠭ᠋ᠠᠨ᠎ᠤ ᠺᠢᠨᠤ᠋ ᠦᠵᠡᠬᠦ ᠠᠵᠢᠯᠯᠠᠭ᠎ᠠ ᠵᠢ ᠥᠷᠨᠢᠭᠦᠯᠵᠦ᠂ ᠲᠡᠤᠬᠡ ᠵᠢᠨ ᠲᠥᠷᠥᠯ᠎ᠤᠨ ᠺᠢᠨᠣ᠋ ᠪᠤᠯᠬᠤ 《ᠦᠨᠡᠨᠴᠢ ᠰᠢᠳᠤᠷᠭᠤ ᠬᠢᠭᠡᠳ ᠤᠷᠪᠠᠭᠴᠢᠳ》᠎ᠢ ᠦᠵᠡᠪᠡ᠃ ᠳᠤᠰ ᠹᠢᠯᠢᠮ᠎ᠨᠢ ᠭᠣᠣᠯᠳᠠᠭᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭ᠋ᠠᠷ ᠬᠤᠭᠤᠴᠠᠭ᠋ᠠᠨ᠎ᠤ ᠲᠥᠪ᠎ᠤᠨ ᠬᠢᠨᠠᠨ ᠪᠠᠶ᠋ᠢᠴᠠᠭ᠋ᠠᠬᠤ ᠬᠣᠷᠢᠶᠠᠨ᠎ᠤ ᠪᠠᠶ᠋ᠢᠭᠤᠯᠤᠭᠳᠠᠬᠰᠠᠨ ᠦᠯᠢᠭᠡᠷ᠎ᠢ ᠶᠠᠷᠢᠵᠤ᠂ ᠮᠠᠨ᠎ᠤ ᠨᠠᠮ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠹᠷᠣᠨᠲ ᠵᠢᠨ ᠬᠤᠪᠢᠰᠬᠠᠯ᠎ᠤᠨ ᠵᠢᠳᠬᠦᠯᠲᠡᠨ ᠨᠠᠷ᠎ᠤᠨ ᠨᠠᠮ᠎ᠤᠨ ᠦᠢ᠍ᠯᠡᠰ᠎ᠲᠤ ᠦᠨᠡᠨᠴᠢ ᠰᠢᠳᠤᠷᠭᠤ᠂ ᠨᠠᠮ᠎ᠤᠨ ᠴᠡᠪᠡᠷ ᠴᠢᠨᠠᠷ᠎ᠢ ᠬᠠᠮᠠᠭ᠋ᠠᠯᠠᠬᠤ ᠵᠢᠨ᠂ ᠴᠢᠩ ᠪᠠᠲᠤ᠂ ᠦᠬᠦᠬᠦ ᠵᠢ ᠤᠨᠲᠠᠬᠤ ᠵᠢᠨ ᠬᠢᠷᠢ ᠪᠤᠳᠤᠬᠤ ᠦᠭᠡᠢ᠂ ᠡᠷᠡᠯᠬᠡᠭ ᠪᠠᠭ᠋ᠠᠲᠤᠷ ᠡᠷᠡᠰ ᠰᠢᠭᠤᠷᠬᠠᠶ ᠭᠡᠷᠡᠯ ᠰᠠᠴᠤᠷᠠᠩᠭᠤᠶ ᠳᠦᠷᠢ ᠵᠢ ᠬᠠᠷᠠᠭᠤᠯᠪᠠ᠃
      ᠺᠢᠨᠣ᠋ ᠦᠵᠡᠬᠦ᠎ᠪᠠᠷ ᠳᠠᠮᠵᠢᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠠᠵᠢᠯᠲᠠᠨ ᠨᠠᠷ᠎ᠠᠴᠠ ᠠᠬᠠᠮᠠᠳ ᠨᠢᠭᠡ ᠦᠶ᠎ᠡ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠺᠠᠳ᠋ᠷᠴᠣᠳ ᠴᠢᠩ ᠦᠨᠡᠨᠴᠢ᠂ ᠬᠠᠷᠠᠮ ᠦᠭᠡᠢ ᠵᠣᠷᠢᠭᠤᠯᠬᠤ ᠡᠷᠬᠢᠮ ᠳᠡᠭᠡᠳᠦ ᠵᠠᠩ ᠴᠢᠨᠠᠷ᠎ᠢ ᠣᠯᠠᠮᠵᠢᠯᠠᠬᠤ᠎ᠪᠠᠨ ᠢᠯᠡᠷᠬᠡᠶ᠋ᠢᠯᠡᠵᠦ᠂ ᠲᠤᠬᠠᠶ᠋ᠢᠯᠠᠭᠰᠠᠨ ᠠᠵᠢᠯ ᠵᠶ᠋ᠠᠷ ᠵᠣᠭᠰᠣᠴᠠ ᠪᠣᠯᠭ᠋ᠠᠬᠤ᠂ ᠠᠵᠢᠯ ᠨᠢᠭᠡ ᠪᠦᠷᠢ᠎ᠪᠠᠨ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠦᠵᠡᠯ ᠤᠬᠠᠮᠰᠠᠷ ᠵᠶ᠋ᠡᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠯᠭ᠋ᠠᠵᠣ᠂ ᠦᠨᠡᠨᠴᠢ ᠰᠢᠳᠤᠷᠭᠤ᠎ᠪᠠᠷ ᠨᠠᠮ᠎ᠳᠤ ᠣᠷᠣᠵᠤ ᠲᠠᠩᠭ᠋ᠠᠷᠢᠭᠯᠠᠭᠰᠠᠨ ᠦᠭᠡ᠎ᠪᠠᠨ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠡᠪ ᠬᠠᠮᠲᠤ ᠨᠠᠮ᠎ᠤᠨ ᠭᠡᠰᠢᠭᠦᠳ᠎ᠤᠨ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠰᠠᠶ᠋ᠢᠲᠤᠷ ᠰᠠᠬᠢᠨ᠎ᠠ᠃

ᠢᠷᠡᠯᠲᠡ᠄ ᠬᠢᠩᠭ᠋ᠠᠨ ᠠᠶ᠋ᠢᠮᠠᠭ᠎ᠤᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ᠎ᠪᠠᠷ ᠬᠠᠮᠲᠤᠷᠠᠨ ᠠᠵᠢᠯᠯᠠᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠠᠵᠢᠯ᠎ᠤᠨ ᠶᠡᠷᠦᠩᠬᠡᠶ ᠥᠷᠲᠡᠭᠡ ᠵᠢᠨ ᠣᠳᠣᠷᠢᠳᠣᠯᠭ᠎ᠠ᠎ᠠᠴᠠ ᠬᠥᠯᠥᠨ ᠪᠤᠢ᠌ᠷ᠎ᠤᠨ ᠵᠠᠯᠠᠨ ᠠᠶ᠋ᠢᠯ ᠬᠤᠳᠠ ᠵᠢᠨ ᠤᠢ ᠰᠢᠭᠤᠶ ᠵᠢᠨ ᠲᠧᠭᠨᠢᠭ ᠮᠡᠷᠭᠡᠵᠢᠯ᠎ᠢ ᠳᠡᠯᠭᠡᠷᠡᠭᠦᠯᠬᠦ ᠠᠵᠢᠯ᠎ᠢ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠪᠠ
ᠪᠠᠶᠠᠨᠨᠠᠭᠤᠷ ᠬᠣᠲᠠ ᠵᠢᠨ ᠡᠯᠡᠰᠦ ᠵᠢ ᠪᠢᠳᠡᠬᠦᠮᠵᠢᠯᠡᠨ ᠨᠢᠰᠬᠡᠯ ᠵᠶ᠋ᠡᠷ ᠤᠢ᠌ᠵᠢᠭᠤᠯᠬᠤ ᠦᠷᠳᠡᠭᠡ 《ᠰᠢᠨ᠎ᠡ ᠴᠠᠭ ᠦᠶ᠎ᠡ᠂ ᠰᠢᠨ᠎ᠡ ᠪᠠᠶ᠋ᠢᠳᠠᠯ᠂ ᠰᠢᠨ᠎ᠡ ᠠᠵᠢᠯᠯᠠᠭ᠎ᠠ》᠎ᠪᠠᠷ ᠭᠣᠣᠯ ᠰᠡᠳᠦᠪ ᠪᠤᠯᠭ᠋ᠠᠭᠰᠠᠨ ᠴᠢᠩ ᠴᠦᠨ ᠬᠤ᠌ ᠨᠠᠭᠤᠷ᠎ᠲᠠᠬᠢ ᠠᠯᠬᠤᠭ᠎ᠠ ᠤᠷᠤᠯᠳᠤᠭ᠋ᠠᠨ᠎ᠤ ᠠᠵᠢᠯᠯᠠᠭ᠎ᠠ ᠶᠠᠪᠤᠭᠳᠠᠭᠤᠯᠪᠠ
ᠮᠠᠨ᠎ᠤ ᠣᠷᠣᠨ᠎ᠳᠤ ᠪᠠᠰᠠ ᠨᠢᠭᠡ ᠤᠯᠤᠰ᠎ᠤᠨ ᠲᠠᠰ᠎ᠤᠨ ᠣᠶ ᠰᠢᠭᠤᠶ ᠵᠢᠨ ᠴᠡᠴᠡᠷᠯᠢᠭ ᠨᠡᠮᠡᠭᠳᠡᠪᠡ
ᠪᠠᠶᠠᠨᠨᠠᠭᠤᠷ ᠬᠣᠲᠠ ᠵᠢᠨ ᠤᠯᠤᠰ᠎ᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠬᠠᠮᠢᠶᠠᠷᠤᠨ ᠬᠠᠮᠠᠭ᠋ᠠᠯᠠᠬᠤ ᠬᠡᠷᠡᠭᠯᠡᠭᠡᠨ᠎ᠤ ᠪᠠᠶ᠋ᠢᠰᠢᠩ᠎ᠤᠨ ᠪᠦᠲᠦᠭᠡᠨ ᠪᠠᠢ᠌ᠭᠤᠯᠤᠯᠳᠠ ᠤᠷᠤᠭᠰᠢᠲᠠᠶ ᠶᠠᠪᠤᠭᠳᠠᠪᠠ
 
             蒙ICP备05000248号