ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠭᠠᠨᠰᠦ ᠮᠤᠵᠢ ᠵᠢᠨ GEF ᠵᠢᠱ᠌ᠢᠶ᠎ᠡ ᠦᠵᠡᠭᠦᠯᠬᠦ ᠴᠢᠭ᠎ᠤᠨ ᠯᠦᠩᠨᠠᠨ (ᠭᠠᠨᠰᠣ᠎ᠠᠴᠠ ᠡᠮᠦᠨᠡᠰᠢᠬᠢ)᠎ᠤ ᠠᠵᠤ ᠠᠬᠤᠶ ᠵᠢᠨ ᠤᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠶᠡᠷᠮ᠎ᠡ ᠰᠤᠳᠤᠯᠭ᠋ᠠᠨ᠎ᠤ ᠭᠠᠵᠠᠷ᠎ᠠᠴᠠ ᠬᠤᠨᠭ᠌ᠭᠤᠯᠵᠢ ᠠᠮᠢ ᠠᠬᠤᠶ ᠵᠢ ᠰᠡᠷᠭᠦᠭᠡᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠴᠢᠭ᠎ᠲᠤ ᠬᠦᠷᠴᠦ ᠪᠠᠶ᠋ᠢᠴᠠᠭ᠋ᠠᠯᠲᠠ ᠬᠢᠵᠤ ᠰᠤᠷᠤᠯᠴᠠᠪᠠ
ᠨᠡᠶ᠋ᠢᠲᠡᠯᠡᠭᠰᠡᠨ ᠴᠠᠭ᠄ 2018-09-25

      ᠣᠶ ᠰᠢᠭᠤᠶ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ 9 ᠰᠠᠷ᠎ᠠ ᠵᠢᠨ 14᠎ᠤ ᠡᠳᠦᠷ᠎ᠤᠨ ᠮᠡᠳᠡᠭᠡ
     9 ᠰᠠᠷ᠎ᠠ ᠵᠢᠨ 6᠎ᠤ ᠡᠳᠦᠷ᠂ ᠭᠠᠨᠰᠦ ᠮᠤᠵᠢ ᠵᠢᠨ GEF ᠵᠢᠱ᠌ᠢᠶ᠎ᠡ ᠦᠵᠡᠭᠦᠯᠬᠦ ᠴᠢᠭ᠎ᠤᠨ ᠯᠦᠩᠨᠠᠨ (ᠭᠠᠨᠰᠣ᠎ᠠᠴᠠ ᠡᠮᠦᠨᠡᠰᠢᠬᠢ)᠎ᠤ ᠠᠵᠤ ᠠᠬᠤᠶ ᠵᠢᠨ ᠤᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠶᠡᠷᠮ᠎ᠡ ᠰᠤᠳᠤᠯᠭ᠋ᠠᠨ᠎ᠤ ᠭᠠᠵᠠᠷ᠎ᠤᠨ ᠵᠠᠩ ᠵᠧᠩ ᠡᠦ ᠭᠠᠵᠠᠷ᠎ᠤᠨ ᠳᠠᠷᠤᠭ᠎ᠠ ᠨᠡᠷ ᠵᠡᠷᠭᠡ ᠶᠢᠰᠦᠨ ᠬᠥᠮᠦᠨ ᠬᠥᠯᠥᠨ ᠪᠤᠢ᠌ᠷ ᠬᠤᠳᠠ ᠵᠢᠨ ᠬᠣᠩᠭᠣᠯᠵᠢ ᠠᠮᠢ ᠠᠬᠤᠶ ᠵᠢ ᠰᠡᠷᠭᠦᠭᠡᠬᠦ ᠰᠢᠨ᠎ᠡ ᠵᠢ ᠡᠭᠦᠳᠬᠦ ᠵᠱ᠌ᠢᠶ᠎ᠡ ᠦᠵᠡᠭᠦᠯᠬᠦ ᠴᠢᠭ᠎ᠲᠤ ᠰᠢᠨᠵᠢᠯᠡᠨ ᠪᠠᠶ᠋ᠢᠴᠠᠭ᠋ᠠᠵᠤ ᠰᠤᠷᠤᠯᠴᠠᠵᠠᠢ᠃
      ᠪᠠᠶ᠋ᠢᠴᠠᠭ᠋ᠠᠬᠤ ᠳᠤᠭᠤᠶ᠋ᠢᠯᠠᠩ᠎ᠨᠢ ᠬᠣᠩᠭᠣᠯᠵᠢ ᠠᠮᠢ ᠠᠬᠤᠶ ᠵᠢ ᠰᠡᠷᠭᠦᠭᠡᠬᠦ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠴᠢᠭ᠎ᠤᠨ ᠬᠣᠯᠪᠣᠭᠳᠠᠯ ᠪᠦᠬᠦᠢ ᠬᠥᠮᠦᠰ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠂ ᠬᠣᠩᠭᠣᠯᠵᠢ ᠤᠢ ᠰᠢᠭᠤᠶ ᠵᠢᠨ ᠲᠣᠪᠴᠢᠶᠠᠨ᠎ᠤ ᠦᠢ᠍ᠯᠡᠳᠪᠦᠷᠢᠯᠡᠭᠰᠡᠨ ᠰᠠᠯᠠᠭ᠋ᠠᠨ᠎ᠤ ᠳᠡᠳ᠋ ᠳᠠᠷᠤᠭ᠎ᠠ ᠭᠤᠤ ᠵᠠᠨ ᠰᠢᠩ ᠎ᠠᠴᠠ  GEF- ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠦᠷᠭᠦᠯᠵᠢᠯᠡᠬᠦ ᠭᠠᠵᠠᠷ ᠰᠢᠷᠣᠶ ᠵᠢᠨ ᠬᠠᠮᠢᠶᠠᠷᠤᠯᠲᠠ ᠵᠢᠨ ᠲᠥᠷᠥᠯ ᠵᠦᠢᠯ᠎ᠤᠨ ᠥᠪᠥᠷ ᠮᠣᠩᠭᠣᠯ᠎ᠤᠨ ᠬᠥᠯᠥᠨ ᠪᠣᠶ᠋ᠢᠷ ᠬᠣᠲᠠ ᠵᠢᠨ ᠬᠤᠨᠭ᠌ᠭᠤᠯᠵᠢ ᠠᠮᠢ ᠠᠬᠤᠶ ᠵᠢ ᠰᠡᠷᠭᠦᠭᠡᠬᠦ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠴᠢᠭ᠎ᠤᠨ ᠠᠵᠢᠯ᠎ᠤᠨ ᠠᠬᠢᠴᠠ ᠵᠢᠨ ᠪᠠᠶ᠋ᠢᠳᠠᠯ ᠎ᠢ ᠲᠠᠨᠢᠯᠴᠠᠭᠤᠯᠪᠠ᠃ ᠬᠤᠨᠭ᠌ᠭᠤᠯᠵᠢ ᠠᠮᠢ ᠠᠬᠤᠶ ᠵᠢ ᠰᠡᠷᠭᠦᠭᠡᠬᠦ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠴᠢᠭ᠎ᠨᠢ 《ᠬᠦᠬᠡ ᠣᠰᠣ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠᠨ ᠮᠥᠩᠭᠥᠨ ᠠᠭᠤᠯᠠ》 ᠬᠥᠭᠵᠢᠯᠲᠡ ᠵᠢᠨ ᠤᠢ᠌ᠢ᠍ᠯᠠᠭ᠋ᠠᠭᠳᠠᠬᠤᠨ᠎ᠢ ᠴᠠᠭ ᠢᠮᠠᠭᠲᠠ ᠴᠢᠷᠮᠠᠶ᠋ᠢᠨ ᠦᠢ᠍ᠯᠡᠳᠦᠯᠭᠡᠵᠢᠭᠦᠯᠵᠦ᠂ ᠠᠮᠢ ᠠᠬᠤᠢ ᠵᠢ ᠲᠡᠷᠢᠭᠦᠨ᠎ᠳᠤ ᠲᠠᠯᠪᠢᠬᠤ ᠰᠠᠭᠤᠷᠢᠨ ᠳᠡᠭᠡᠷ᠎ᠡ ᠪᠠᠢ᠌ᠬᠤ ᠵᠢ ᠪᠠᠷᠢᠮᠲᠠᠯᠠᠵᠤ᠂ ᠵᠣᠷᠢᠭᠲᠠᠶ᠎ᠪᠠᠷ ᠰᠢᠪᠲᠤᠯᠤᠯᠲᠠ ᠭᠠᠷᠭ᠋ᠠᠵᠤ᠂ ᠵᠣᠷᠢᠭᠲᠠᠶ᠎ᠪᠠᠷ ᠰᠢᠨ᠎ᠡ ᠵᠢ ᠡᠭᠦᠳᠴᠦ᠂ ᠦᠷᠭᠦᠯᠵᠢᠯᠡᠨ ᠭᠠᠵᠠᠷ ᠰᠢᠷᠣᠶ ᠵᠢ ᠬᠠᠮᠢᠶᠠᠷᠬᠤ ᠵᠢ ᠢᠳᠡᠪᠬᠢᠲᠡᠢ ᠰᠦᠪᠡᠭᠴᠢᠯᠡᠨ᠎ᠡ᠃ ᠭᠠᠩ ᠬᠠᠭᠰᠠᠷᠭ᠋ᠠᠨ᠎ᠲᠠᠢ ᠲᠡᠮᠡᠴᠡᠬᠦ ᠣᠶ᠋ᠢᠵᠢᠭᠤᠯᠬᠤ ᠵᠦᠢ᠍ᠯᠡᠰ ᠪᠠ ᠡᠭᠡ ᠮᠣᠳᠣᠨ᠎ᠤ ᠤᠢ ᠵᠢ ᠠᠰᠠᠷᠠᠨ ᠬᠥᠮᠦᠵᠢᠭᠦᠯᠬᠦ ᠬᠠᠮᠢᠶᠠᠷᠤᠯᠲᠠ ᠵᠢᠨ ᠲᠥᠷᠥᠯ ᠵᠦᠢᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠲᠣᠭᠲᠠᠭᠤᠨ ᠡᠯᠡᠰᠦᠷᠬᠡᠭ ᠭᠠᠵᠠᠷ ᠬᠠᠶ᠋ᠢᠯᠠᠷ ᠨᠠᠷᠠᠰᠤ ᠵᠢ ᠬᠥᠮᠦᠨ᠎ᠤ ᠬᠦᠴᠦ᠎ᠪᠠᠷ ᠡᠯᠡᠰᠦ ᠵᠢ ᠲᠣᠭᠲᠠᠪᠤᠷᠢᠵᠢᠭᠤᠯᠤᠨ ᠣᠶ᠋ᠢᠵᠢᠭᠤᠯᠬᠤ ᠵᠠᠭᠪᠤᠷ᠎ᠢ ᠬᠠᠶ᠋ᠢᠨ ᠰᠦᠪᠡᠭᠴᠢᠯᠡᠵᠦ᠂ ᠡᠭᠡ ᠮᠣᠳᠣᠨ᠎ᠤ ᠪᠥᠬᠡ ᠳᠠᠪᠬᠤᠷᠭ᠎ᠠ ᠵᠢ ᠳᠣᠷᠣᠭᠰᠢ ᠰᠢᠯᠵᠢᠭᠦᠯᠬᠦ ᠵᠢ ᠠᠬᠢᠭᠤᠯᠵᠤ᠂ ᠦᠷ᠎ᠡ ᠵᠢᠨ ᠤᠨᠠᠯᠲᠠ᠂ ᠶᠠᠰᠤ ᠴᠢᠨᠠᠷ ᠪᠠ ᠤᠢ ᠮᠣᠳᠣᠨ᠎ᠤ ᠰᠡᠢ᠌ᠢ᠍ᠠ ᠡᠭᠦᠯᠳᠡᠷ᠎ᠢ ᠦᠢ᠍ᠯᠡᠳᠪᠦᠷᠢᠯᠡᠨ ᠬᠠᠩᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
      ᠬᠤᠷᠠᠯ᠎ᠤᠨ ᠳᠠᠷᠠᠭ᠎ᠠ᠂ ᠰᠢᠨᠵᠢᠯᠡᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ᠎ᠠᠴᠠ ᠲᠤᠬᠠᠢ ᠵᠢᠨ ᠭᠠᠵᠠᠷ᠎ᠲᠤᠨᠢ ᠭᠠᠩ ᠬᠠᠭᠰᠠᠷᠭ᠋ᠠᠨ᠎ᠲᠠᠢ ᠲᠡᠮᠡᠴᠡᠵᠣ ᠣᠶ᠋ᠢᠵᠢᠭᠤᠯᠬᠤ ᠪᠠ ᠡᠬᠡ ᠮᠣᠳᠣ ᠵᠢ ᠠᠰᠠᠷᠠᠨ ᠬᠥᠮᠦᠵᠢᠭᠦᠯᠬᠦ ᠬᠠᠮᠢᠶᠠᠷᠤᠯᠲᠠ ᠵᠢᠨ ᠲᠥᠷᠥᠯ ᠵᠦᠢᠯ᠎ᠤᠨ ᠣᠷᠣᠨ᠎ᠢ ᠰᠢᠨᠵᠢᠯᠡᠨ ᠪᠠᠶ᠋ᠢᠴᠠᠭ᠋ᠠᠵᠤ᠂ ᠬᠤᠨᠭ᠌ᠭᠤᠯᠵᠢ ᠤᠢ ᠰᠢᠭᠤᠢ ᠵᠢᠨ ᠲᠣᠪᠴᠢᠶ᠎ᠠ ᠵᠢᠨ ᠲᠤᠶ᠋ᠢᠯ᠎ᠤᠨ ᠰᠦᠷᠡᠬᠡᠢ ᠠᠭᠤᠷ ᠠᠮᠢᠰᠬᠤᠯ᠎ᠤᠨ ᠨᠥᠬᠥᠴᠡᠯ ᠳᠣᠣᠷ᠎ᠠ ᠦᠷᠭᠦᠯᠵᠢᠯᠡᠬᠦ ᠡᠵᠡᠩᠨᠡᠯᠲᠡ ᠵᠢ ᠠᠷᠭ᠋ᠠᠴᠠᠬᠤ ᠬᠠᠮᠢᠶᠠᠷᠤᠯᠲᠠ ᠵᠢᠨ ᠵᠠᠭᠪᠤᠷ᠎ᠲᠤ ᠭᠦᠢ᠍ᠴᠡᠳ ᠮᠠᠭ᠋ᠠᠳᠯᠠᠬᠤ   ᠦᠭᠴᠡᠢ᠃

ᠢᠷᠡᠯᠲᠡ᠄ ᠬᠥᠯᠥᠨ ᠪᠣᠶ᠋ᠢᠷ ᠬᠣᠲᠠ ᠵᠢᠨ ᠣᠶ ᠰᠢᠭᠤᠶ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠠᠶᠠᠨᠨᠠᠭᠤᠷ ᠬᠤᠳᠠ᠄ ᠳ᠋ᠸᠩᠺᠸᠤ ᠰᠢᠶᠠᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠠᠴᠠ 《ᠬᠠᠢ ᠰᠢᠶᠠ ᠬᠤᠨᠳᠠᠭ᠋ᠠᠲᠤ》 ᠲᠡᠮᠦᠷ ᠬᠥᠮᠦᠨ᠎ᠤ ᠭᠤᠷᠪᠠᠨ ᠵᠦᠢ᠍ᠯ᠎ᠤᠨ ᠤᠷᠤᠯᠳᠤᠭ᠋ᠠᠨ᠎ᠤ ᠲᠤᠬᠠᠶ ᠵᠢᠨ ᠭᠠᠵᠠᠷ᠎ᠲᠤ ᠵᠢᠵᠢᠭᠦᠷᠯᠡᠬᠦ ᠠᠵᠢᠯ᠎ᠢ ᠠᠮᠵᠢᠯᠲᠠ᠎ᠲᠠᠢ ᠪᠡᠶᠡᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠭᠦᠨᠵᠡᠭᠡᠢ᠌ᠷᠡᠨ ᠬᠠᠪᠰᠤᠷᠤᠨ ᠲᠡᠳᠬᠦᠬᠦ ᠴᠡᠭ᠎ᠲᠤ ᠪᠠᠶ᠋ᠢᠴᠠᠭ᠋ᠠᠨ ᠰᠤᠳᠤᠯᠤᠯᠲᠠ ᠬᠢᠪᠠ
ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠰᠡᠷᠭᠡᠶ᠋ᠢᠯᠡᠬᠦ ᠥᠷᠲᠡᠭᠡ ᠬᠡᠮᠵᠢᠨ ᠮᠡᠳᠡᠭᠡᠯᠡᠬᠦ ᠰᠠᠯᠠᠭ᠎ᠠ᠎ᠠᠴᠠ ᠬᠢᠩᠭ᠋ᠠᠨ ᠠᠶ᠋ᠢᠮᠠᠭ᠎ᠲᠤ ᠢᠷᠡᠵᠦ ᠠᠵᠢᠯ᠎ᠢ ᠪᠠᠶ᠋ᠢᠴᠠᠭ᠋ᠠᠪᠠ
ᠡᠷᠢᠶᠡᠨ ᠬᠣᠲᠠ ᠵᠢᠨ ᠲᠠᠷᠢᠶᠠᠯᠠᠩ ᠮᠠᠯ ᠠᠵᠤ ᠠᠬᠤᠶ ᠤᠢ ᠰᠢᠭᠤᠢ ᠵᠢᠨ ᠲ᠋ᠤᠪᠴᠢᠶ᠎ᠠ᠎ᠠᠴᠠ ᠨᠡᠶ᠋ᠢᠳᠡᠮ ᠬᠡᠷᠡᠭᠯᠡᠬᠦ ᠵᠠᠰᠠᠭ ᠵᠠᠬᠢᠷᠭ᠋ᠠᠨ᠎ᠤ ᠡᠷᠬᠡ ᠵᠢᠨ ᠶᠠᠪᠤᠳᠠᠯ᠎ᠤᠳ᠎ᠤᠨ ᠨᠠᠷᠢᠨ ᠬᠠᠭᠤᠳᠠᠰᠤ ᠵᠢ ᠡᠮᠬᠢᠯᠡᠨ ᠳᠢᠭᠯᠡᠬᠦ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠪᠡ
ᠬᠢᠩᠭ᠋ᠠᠨ ᠠᠶ᠋ᠢᠮᠠᠭ᠎ᠤᠨ ᠤᠯᠠᠭ᠋ᠠᠨᠬᠣᠲᠠ ᠬᠤᠲᠠ ᠵᠢᠨ ᠣᠶ ᠰᠢᠭᠤᠶ ᠵᠢᠨ ᠲᠣᠪᠴᠢᠶ᠎ᠠ 《8 · 1》᠎ᠠᠴᠠ ᠡᠮᠦᠨᠡᠬᠡᠨ ᠡᠳᠦᠷ ᠵᠡᠪᠰᠡᠭᠲᠦ ᠴᠠᠭᠳᠠᠭ᠋ᠠᠨ᠎ᠤ ᠣᠶ ᠰᠢᠭᠤᠶ ᠵᠢᠨ ᠶᠡᠬᠡ ᠪᠠᠷᠢᠭ᠋ᠠᠳᠠ᠎ᠳᠤ ᠬᠦᠷᠪᠡ
 
             蒙ICP备05000248号