ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠲᠦᠩᠯᠢᠶᠣᠣ ᠬᠤᠳᠠ ᠣᠶ᠋ᠢᠲᠤ ᠭᠠᠵᠠᠷ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢ ᠦᠷᠭᠦᠯᠵᠢᠯᠡᠨ ᠴᠢᠩᠭ᠋ᠠᠳᠬᠠᠵᠤ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠵᠦ ᠪᠣᠢ
ᠨᠡᠶ᠋ᠢᠲᠡᠯᠡᠭᠰᠡᠨ ᠴᠠᠭ᠄ 2023-10-17

      ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ ᠵᠢᠨ ᠲᠥᠯᠥᠭᠡ᠂ ᠲᠦᠩᠯᠢᠶᠣᠣ ᠬᠤᠲᠠ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠣᠯᠠᠨ ᠠᠷᠭ᠎ᠠ ᠬᠡᠮᠵᠢᠶ᠎ᠡ ᠠᠪᠴᠤ ᠣᠶ᠋ᠢᠲᠤ ᠭᠠᠵᠠᠷ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢ ᠴᠢᠩᠭ᠋ᠠᠳᠬᠠᠪᠠ᠃
      ᠨᠢᠭᠡ᠎ᠳᠤ᠂ ᠣᠶ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠪᠠ᠃ 《ᠲᠦᠩᠯᠢᠶᠣᠣ ᠬᠤᠲᠠ ᠵᠢᠨ ᠣᠶ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠣᠶ ᠰᠢᠭᠤᠢ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠠᠵᠢᠯ᠎ᠢ ᠰᠢᠯᠭ᠋ᠠᠨ ᠬᠢᠨᠠᠬᠤ ᠬᠡᠪᠴᠢᠶᠡᠨ᠎ᠳᠤ ᠣᠷᠣᠭᠤᠯᠪᠠ; 《ᠣᠶ ᠰᠢᠭᠤᠢ ᠵᠢᠨ ᠳᠠᠷᠤᠭ᠎ᠠ + ᠪᠠᠶ᠋ᠢᠴᠠᠭ᠋ᠠᠬᠤ ᠳᠠᠷᠤᠭ᠎ᠠ》 ᠵᠢᠨ ᠬᠠᠮᠵᠢᠯᠴᠠᠨ ᠠᠵᠢᠯᠯᠠᠬᠤ ᠲᠣᠭᠲᠠᠴᠠ ᠵᠢ ᠪᠠᠶ᠋ᠢᠭᠤᠯᠵᠤ᠂ ᠣᠶ ᠰᠢᠭᠤᠢ ᠨᠣᠲᠤᠭ ᠪᠡᠯᠴᠢᠭᠡᠷ᠎ᠲᠤ ᠬᠤᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ᠎ᠢ ᠴᠢᠩᠭ᠋ᠠᠷᠠᠭᠤᠯᠪᠠ᠃
      ᠬᠤᠶᠠᠷ᠎ᠲᠤ᠂ ᠤᠢ ᠰᠢᠭᠤᠢ ᠨᠤᠲᠤᠭ ᠪᠡᠯᠴᠢᠭᠡᠷ᠎ᠢ ᠡᠪᠳᠡᠬᠦ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠪᠡ᠃ 《ᠲᠦᠩᠯᠢᠶᠣᠣ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠣᠶ ᠰᠢᠭᠤᠢ ᠡᠪᠡᠰᠦ ᠪᠡᠯᠴᠢᠭᠡᠷ᠎ᠢ ᠦᠭᠡᠶ᠋ᠢᠬᠢᠬᠦ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠠᠵᠢᠯ᠎ᠤᠨ ᠲᠤᠰᠬᠠᠢ ᠠᠩᠭᠢ ᠪᠠᠶ᠋ᠢᠭᠤᠯᠤᠨ᠂ ᠠᠬᠢᠭᠤᠯᠬᠤ ᠪᠠᠶ᠋ᠢᠷᠢᠯᠠᠭᠤᠯᠤᠯᠲᠠ ᠵᠢᠨ ᠬᠤᠷᠠᠯ᠎ᠢ 2 ᠤᠳᠠᠭ᠎ᠠ ᠬᠤᠷᠠᠯᠳᠤᠭᠤᠯᠪᠠ᠃ ᠣᠳᠣᠬᠠᠨ ᠪᠣᠯᠲᠠᠯ᠎ᠠ᠂ ᠣᠶ ᠰᠢᠭᠤᠢ ᠵᠢᠨ ᠵᠠᠰᠠᠭ ᠵᠠᠬᠢᠷᠭ᠋ᠠᠨ᠎ᠤ 179 ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠡᠭᠦᠨ᠎ᠤ ᠳᠣᠲᠣᠷ᠎ᠠ ᠡᠷᠡᠭᠦᠦ ᠵᠢᠨ ᠬᠡᠷᠡᠭ 90 ᠪᠠᠶ᠋ᠢᠵᠤ᠂ ᠨᠤᠲᠤᠭ ᠪᠡᠯᠴᠢᠭᠡᠷ᠎ᠤᠨ ᠬᠡᠷᠡᠭ᠎ᠢ 90 ᠪᠠᠶ᠋ᠢᠴᠠᠭ᠋ᠠᠨ ᠰᠢᠢ᠍ᠳᠪᠦᠷᠢᠯᠡᠵᠦ᠂ ᠡᠭᠦᠨ᠎ᠤ ᠳᠣᠲᠣᠷ᠎ᠠ 30 ᠬᠡᠷᠡᠭ᠎ᠢ ᠴᠡᠭᠴᠡᠯᠡᠨ ᠥᠭᠡᠷᠡᠴᠢᠯᠡᠵᠦ᠂ ᠣᠶ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠡᠪᠳᠡᠭᠰᠡᠨ ᠦᠶᠯᠡ ᠠᠵᠢᠯᠯᠠᠭ᠎ᠠ᠎ᠳᠤ ᠪᠦᠲᠦᠮᠵᠢᠲᠡᠶ ᠴᠣᠬᠢᠯᠲᠠ ᠥᠭᠭᠦᠭᠰᠡᠨ ᠪᠠᠶ᠋ᠢᠨ᠎ᠠ᠃
      ᠭᠤᠷᠪᠠ᠎ᠳᠤ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠲᠥᠪᠯᠡᠷᠡᠭᠦᠯᠦᠨ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠵᠢ ᠭᠦᠨᠵᠡᠭᠡᠢ ᠦᠷᠨᠢᠭᠦᠯᠪᠡ᠃ ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠳᠤ ᠬᠤᠯᠪᠣᠭᠳᠠᠬᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠠ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠤᠯᠢ ᠲᠣᠭᠲᠠᠭ᠋ᠠᠯ ᠶᠣᠰᠣᠭ᠋ᠠᠷ ᠬᠠᠤᠯᠢ ᠬᠡᠷᠡᠭᠵᠢᠭᠦᠯᠦᠯᠲᠡ ᠵᠢ ᠠᠬᠢᠭᠤᠯᠬᠤ ᠲᠥᠪᠯᠡᠷᠡᠩᠭᠦᠢ ᠲᠤᠰᠬᠠᠢ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ 8 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠬᠤᠲᠠ᠎ᠳᠤ ᠨᠡᠶ᠋ᠢᠲᠡ 2623 ᠤᠳᠠᠭ᠋ᠠᠨ᠎ᠤ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠠ ᠪᠡᠯᠴᠢᠭᠡᠷᠯᠡᠭᠦᠯᠬᠦ ᠵᠢ ᠵᠤᠭᠰᠤᠭ᠋ᠠᠬᠤ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠪᠡ᠃
      ᠳᠥᠷᠪᠡ᠎ᠳᠤ᠂ ᠣᠶ ᠰᠢᠭᠤᠢ ᠨᠤᠲᠤᠭ ᠪᠡᠯᠴᠢᠭᠡᠷ᠎ᠤᠨ ᠬᠠᠤᠯᠢ ᠳᠦᠷᠢᠮ᠎ᠤᠨ ᠤᠬᠠᠭᠤᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠪᠡ᠃ ᠡᠨᠡ ᠵᠢᠯ᠎ᠠᠴᠠ ᠨᠠᠰᠢ᠂ ᠣᠶ ᠰᠢᠭᠤᠢ ᠨᠤᠲᠤᠭ ᠪᠡᠯᠴᠢᠭᠡᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ 2 ᠤᠳᠠᠭ᠎ᠠ ᠵᠣᠬᠢᠶᠠᠨ ᠪᠠᠶ᠋ᠢᠭᠤᠯᠤᠨ ᠥᠷᠨᠢᠭᠦᠯᠪᠡ; ᠡᠯ᠎ᠡ ᠬᠤᠰᠢᠭᠤ ᠰᠢᠶᠠᠨ ᠬᠤᠲᠠ ᠲᠣᠭᠤᠷᠢᠭ᠎ᠲᠤ ᠭᠦᠨᠵᠡᠭᠡᠶ᠋ᠢᠷᠡᠨ ᠣᠶ ᠰᠢᠭᠤᠢ ᠨᠤᠲᠤᠭ ᠪᠡᠯᠴᠢᠭᠡᠷ᠎ᠤᠨ ᠬᠠᠤᠯᠢ ᠳᠦᠷᠢᠮ᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠮᠠᠲ᠋ᠧᠷᠢᠶᠠᠯ᠎ᠢ ᠪᠠᠷᠤᠭ 7000 ᠲᠠᠷᠬᠠᠭ᠋ᠠᠵᠤ᠂ ᠤᠬᠠᠭᠤᠯᠭ᠎ᠠ ᠵᠢᠨ ᠤᠷᠢᠶ᠎ᠠ᠂ ᠡᠯᠭᠦᠭᠡ ᠪᠢᠴᠢᠭᠡᠰᠦ ᠵᠡᠷᠭᠡ ᠵᠢ 200 ᠭᠠᠷᠤᠢ ᠨᠠᠭ᠋ᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠡᠳ᠋ ᠪᠣᠳᠠᠰ᠎ᠢ 3000 ᠭᠠᠷᠤᠢ ᠲᠠᠷᠬᠠᠭ᠋ᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
 
             蒙ICP备05000248号