ᠪᠦᠬᠦ ᠣᠷᠣᠨᠤ ᠤᠯᠤᠰᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠬᠢᠨᠠᠨ ᠪᠠᠶ᠋ᠢᠴᠠᠭ᠋ᠠᠯᠲᠠ ᠵᠢᠨ ᠠᠵᠢᠯᠤᠨ ᠤᠷᠤᠭᠰᠢᠲᠠᠶ ᠶᠠᠪᠤᠭᠳᠠᠬᠤ ᠵᠢ ᠦᠨᠡᠨᠬᠦ ᠪᠠᠲᠤᠯᠠᠵᠤ᠂ ᠡᠯ᠎ᠡ ᠵᠦᠢ᠍ᠯᠤᠨ ᠡᠭᠦᠷᠭᠡ ᠵᠢ ᠴᠠᠭ ᠬᠤᠭᠤᠴᠠᠭ᠎ᠠ ᠶᠣᠰᠣᠭ᠋ᠠᠷ ᠶᠠᠰᠤ ᠴᠢᠨᠠᠷ ᠪᠠ ᠲᠣᠭ᠎ᠠ ᠬᠡᠮᠵᠢᠶ᠎ᠡ ᠵᠢ ᠪᠠᠲᠤᠯᠠᠨ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨᠤ ᠣᠶ ᠰᠢᠭᠤᠶ ᠪᠠ ᠨᠤᠲᠤᠭ ᠪᠡᠯᠴᠢᠭᠡᠷᠤᠨ ᠲᠣᠪᠴᠢᠶ᠎ᠠ ᠵᠢᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ 12 ᠰᠠᠷ᠎ᠠ ᠵᠢᠨ 6ᠤ ᠡᠳᠦᠷᠠᠴᠠ 12 ᠰᠠᠷ᠎ᠠ ᠵᠢᠨ 20ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨᠤ ᠬᠤᠯᠠᠨ ᠰᠢᠷᠭ᠎ᠠ ᠲᠠᠭ᠎ᠠ ᠵᠢᠨ ᠬᠡᠪᠴᠢᠶᠡᠵᠢᠭᠰᠡᠨ ᠣᠶ ᠰᠢᠭᠤᠶ ᠵᠢᠨ ᠲᠠᠯᠠᠪᠠᠶ 4 ᠬᠢᠨᠠᠨ ᠵᠢᠯᠣᠭᠣᠳᠬᠤ ᠳᠤᠭᠤᠶ᠋ᠢᠯᠠᠩ ᠪᠠᠢ᠌ᠭᠤᠯᠵᠤ᠂ ᠪᠦᠬᠦ ᠣᠷᠣᠨᠤ ᠡᠯ᠎ᠡ ᠠᠶ᠋ᠢᠮᠠᠭ ᠬᠣᠲᠠ ᠬᠣᠰᠢᠭᠤ ᠰᠢᠶᠠᠨ᠂ ᠥᠪᠥᠷ ᠮᠣᠩᠭᠣᠯᠤᠨ ᠳᠠᠯᠠᠨ ᠬᠠᠷ᠎ᠠ ᠠᠭᠤᠯᠠ ᠵᠢᠨ ᠬᠠᠮᠢᠶᠠᠷᠤᠯᠲᠠ ᠵᠢᠨ ᠲᠣᠪᠴᠢᠶᠠᠳᠤ ᠬᠦᠨᠵᠡᠭᠡᠢ᠌ᠷᠡᠨ᠂ ᠪᠦᠬᠦ ᠣᠷᠣᠨᠤ ᠤᠯᠤᠰᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠠᠵᠢᠯᠢ ᠪᠠᠢ᠌ᠴᠠᠭ᠋ᠠᠨ ᠵᠢᠯᠣᠭᠣᠳᠪᠠ᠃

ᠡᠯ᠎ᠡ ᠠᠶ᠋ᠢᠮᠠᠭ ᠬᠣᠲᠠ ᠲᠣᠰ ᠤᠳᠠᠭ᠋ᠠᠨᠤ ᠬᠢᠨᠠᠨ ᠪᠠᠢ᠌ᠴᠭ᠋ᠠᠠᠯᠳᠠ ᠵᠢᠨ ᠠᠵᠢᠯᠢ ᠳᠡᠭᠡᠳᠦ ᠬᠡᠮᠵᠢᠶ᠎ᠡᠪᠠᠷ ᠴᠢᠬᠤᠯᠠᠴᠢᠯᠠᠵᠤ᠂ ᠤᠯᠤᠰᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠪᠠᠶ᠋ᠢᠴᠠᠭ᠋ᠠᠨ ᠰᠤᠳᠤᠯᠤᠯᠲᠠ ᠵᠢᠨ ᠠᠵᠢᠯᠤᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯᠢ ᠵᠠᠯᠭ᠋ᠠᠭᠠᠪᠠᠷ ᠬᠤᠷᠠᠯᠳᠤᠭᠤᠯᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨᠤ ᠣᠶ ᠰᠢᠭᠤᠶ ᠪᠠ ᠨᠤᠲᠤᠭ ᠪᠡᠯᠴᠢᠭᠡᠷᠢ ᠬᠢᠨᠠᠨ ᠰᠢᠨᠵᠢᠬᠦ ᠲᠥᠯᠥᠪᠵᠢᠭᠦᠯᠭᠡ ᠵᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨᠤ ᠣᠶ ᠰᠢᠭᠤᠶ ᠪᠠ ᠨᠤᠲᠤᠭ ᠪᠡᠯᠴᠢᠭᠡᠷᠢ ᠬᠢᠨᠠᠨ ᠰᠢᠨᠵᠢᠬᠦ ᠲᠥᠯᠥᠪᠵᠢᠭᠦᠯᠭᠡ ᠵᠢᠨ ᠬᠣᠶᠠᠳᠤᠭ᠋ᠠᠷ ᠬᠦᠷᠢᠶᠡᠯᠡᠩᠤᠨ ᠮᠡᠷᠭᠡᠵᠢᠯᠤᠨ ᠠᠵᠢᠯᠲᠠᠨᠠᠴᠠ ᠪᠥᠬᠥ ᠣᠷᠣᠨᠤ ᠤᠯᠤᠰᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠪᠠᠶ᠋ᠢᠴᠠᠭ᠋ᠠᠯᠲᠠ ᠵᠢᠨ ᠠᠵᠢᠯᠤᠨ ᠲᠥᠰᠦᠯ ᠵᠢᠴᠢ ᠡᠯ᠎ᠡ ᠵᠦᠢ᠍ᠯᠤᠨ ᠪᠠᠶ᠋ᠢᠴᠠᠭ᠋ᠠᠯᠲᠠ ᠵᠢᠨ ᠪᠠᠷᠢᠮᠵᠢᠶᠡᠳᠤ ᠨᠠᠷᠢᠨ ᠲᠠᠶ᠋ᠢᠯᠤᠮᠵᠢ ᠬᠢᠪᠠ᠃ ᠡᠬᠦᠨᠤ ᠳᠠᠭ᠋ᠠᠤ ᠬᠢᠨᠠᠨ ᠵᠢᠯᠣᠭᠣᠳᠬᠤ ᠳᠤᠭᠤᠶ᠋ᠢᠯᠠᠩᠠᠴᠠ ᠡᠯ᠎ᠡ ᠭᠠᠵᠠᠷᠤᠨ ᠳᠤᠷᠠᠳᠤᠭᠰᠠᠨ ᠪᠣᠳᠠᠲᠠᠶ ᠠᠰᠠᠭᠤᠳᠠᠯᠳᠤ ᠨᠢᠭᠡᠳ ᠨᠢᠭᠡᠪᠠᠷ ᠰᠠᠨᠠᠯ ᠰᠠᠨᠠᠭᠤᠯᠭ᠎ᠠ ᠦᠭᠬᠦᠭᠰᠡᠨ ᠪᠠᠢ᠌ᠨ᠎ᠠ᠃

ᠬᠢᠨᠠᠨ ᠵᠢᠯᠣᠭᠣᠳᠬᠤ ᠳᠤᠭᠤᠶ᠋ᠢᠯᠠᠩ᠂ ᠡᠯ᠎ᠡ ᠭᠠᠵᠠᠷᠤᠨᠬᠢᠨ ᠤᠯᠤᠰ ᠲᠥᠷᠥ ᠵᠢᠨ ᠵᠣᠭᠰᠣᠴᠠᠪᠠᠨ ᠦᠨᠡᠨ ᠬᠦ᠌ ᠳᠡᠭᠡᠭᠰᠢᠯᠡᠭᠦᠯᠵᠦ᠂ ᠪᠥᠬᠥ ᠣᠷᠣᠨᠤ ᠤᠯᠤᠰᠤᠨ ᠦᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠪᠠᠶ᠋ᠢᠴᠠᠭ᠋ᠠᠯᠲᠠ ᠵᠢᠨ ᠠᠵᠢᠯᠢ ᠥᠷᠨᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯᠢ ᠬᠦᠢ᠍ᠴᠡᠳ ᠲᠠᠨᠢᠵᠤ᠂ ᠬᠠᠷᠢᠭᠤᠴᠠᠯᠭ᠋ᠠᠲᠤ ᠤᠬᠠᠮᠰᠠᠷ ᠵᠶ᠋ᠠᠨ ᠴᠢᠩᠭ᠋ᠠᠳᠬᠠᠵᠤ᠂ ᠠᠵᠢᠯᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠤᠯᠤᠰᠤᠨ ᠦᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠪᠠᠶ᠋ᠢᠴᠠᠭ᠋ᠠᠯᠲᠠ ᠵᠢᠨ ᠠᠵᠢᠯᠤᠨ ᠲᠥᠰᠦᠯ》ᠤᠨ ᠱᠠᠭ᠋ᠠᠷᠳᠠᠯᠭ᠎ᠠ ᠶᠣᠰᠣᠭ᠋ᠠᠷ᠂ ᠤᠯᠤᠰᠤᠨ ᠦᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠪᠠᠶ᠋ᠢᠴᠠᠭ᠋ᠠᠯᠲᠠ ᠵᠢᠨ ᠠᠵᠢᠯᠢ ᠨᠠᠷᠢᠨ ᠬᠢᠨᠠᠮᠠᠭ᠋ᠠᠶ ᠥᠷᠨᠢᠭᠦᠯᠵᠦ᠂ ᠠᠵᠢᠯᠤᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠡᠢ᠃ ᠣᠳᠣᠬᠠᠨᠳᠤ᠂ ᠪᠥᠬᠥ ᠣᠷᠣᠨᠤ ᠤᠯᠤᠰᠤᠨ ᠥᠮᠴᠢᠯᠡᠯᠲᠦ ᠣᠶ ᠰᠢᠭᠤᠶ ᠵᠢᠨ ᠲᠠᠯᠠᠪᠠᠶ ᠵᠢᠨ ᠪᠠᠶ᠋ᠢᠴᠠᠭ᠋ᠠᠨ ᠰᠤᠳᠤᠯᠬᠤ ᠠᠵᠢᠯ ᠤᠷᠤᠭᠰᠢᠲᠠᠶ ᠶᠠᠪᠤᠭᠳᠠᠵᠤ ᠪᠣᠶ᠃
