ᠳᠠᠯᠠᠨ ᠬᠠᠷᠠ ᠠᠭᠤᠯᠠ ᠵᠢᠨ ᠤᠯᠤᠰᠤᠨ ᠲᠠᠰᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨᠤ ᠬᠠᠮᠢᠶᠠᠷᠤᠯᠲᠠ ᠵᠢᠨ ᠲᠣᠪᠴᠢᠶᠠᠠᠴᠠ ᠤᠢ᠌ᠯᠠᠭ᠋ᠠᠭᠰᠠᠨ ᠵᠶ᠋ᠠᠷ᠂ 8 ᠰᠠᠷᠠᠠᠴᠠ 11 ᠰᠠᠷᠠ ᠪᠣᠯᠲᠠᠯᠠ᠂ ᠳᠠᠯᠠᠨ ᠬᠠᠷᠠ ᠠᠭᠤᠯᠠ ᠵᠢᠨ ᠤᠯᠤᠰᠤᠨ ᠳᠡᠰᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨᠤ ᠬᠠᠮᠢᠶᠠᠷᠤᠯᠲᠠ ᠵᠢᠨ ᠲᠣᠪᠴᠢᠶᠠ᠂ ᠥᠪᠡᠷᠲᠡᠭᠡᠨ ᠵᠠᠰᠠᠬᠤ ᠣᠷᠣᠨᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮᠤᠨ ᠳᠠᠯᠠᠨ ᠬᠠᠷᠠ ᠠᠭᠤᠯᠠ ᠵᠢᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨᠤ ᠣᠶ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠲᠠᠢ ᠬᠠᠮᠲᠤᠷᠠᠵᠤ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠳᠠᠯᠠᠨ ᠬᠠᠷᠠ ᠠᠭᠤᠯᠠ ᠵᠢᠨ ᠤᠯᠤᠰᠤᠨ ᠳᠡᠰᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨᠤ ᠪᠠᠢ᠌ᠭ᠋ᠠᠯᠢ ᠵᠢᠨ ᠡᠬᠢ ᠪᠠᠶᠠᠯᠢᠬ ᠢ ᠡᠪᠳᠡᠭᠰᠡᠨ ᠠᠵᠢᠯᠯᠠᠭᠠᠲᠤ ᠴᠢᠩᠭᠠ ᠴᠤᠬᠢᠯᠳᠠ ᠦᠭᠬᠦ ᠬᠡᠷᠡᠭᠵᠢᠬᠦᠯᠬᠦ ᠲᠦᠰᠦᠯ》ᠤᠨ ᠱᠠᠭ᠋ᠠᠷᠳᠠᠯᠭᠠ ᠶᠤᠰᠤᠭ᠋ᠠᠷ ᠬᠠᠮᠢᠶᠠᠷᠤᠯᠲᠠ ᠵᠢᠨ ᠲᠣᠪᠴᠢᠶᠠ᠂ ᠬᠤᠪᠢᠶᠠᠷᠢ ᠲᠣᠪᠴᠢᠶᠠ ᠪᠠ ᠬᠠᠮᠢᠶᠠᠷᠤᠯᠲᠠ ᠵᠢᠨ ᠥᠷᠲᠡᠭᠡ ᠢᠳᠡᠪᠬᠢᠲᠡᠶ ᠬᠥᠳᠡᠯᠦᠯᠴᠡᠨ᠂ ᠪᠥᠬᠥ ᠬᠦᠴᠦᠨ ᠵᠶ᠋ᠠᠷ ᠵᠶ᠋ᠠᠨ ᠠᠬᠢᠭᠤᠯᠤᠭᠰᠠᠨ ᠵᠶ᠋ᠠᠷ ᠪᠠᠢ᠌ᠭ᠋ᠠᠯᠢ ᠵᠢᠨ ᠡᠬᠢ ᠪᠠᠶᠠᠯᠢᠬᠢ ᠡᠪᠳᠡᠭᠰᠡᠨ ᠠᠵᠢᠯᠯᠠᠭᠠᠳᠤ ᠴᠢᠩᠭᠠ ᠴᠤᠬᠢᠯᠳᠠ ᠦᠭᠬᠦ ᠲᠤᠰᠬᠠᠢ ᠠᠵᠢᠯᠯᠠᠭᠠ ᠢᠯᠡᠳᠲᠡ ᠦᠷᠡ ᠪᠦᠲᠦᠮᠵᠢ ᠤᠯᠪᠠ᠃
ᠡᠯᠡ ᠣᠶ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ ᠬᠤᠪᠢᠶᠠᠷᠢ ᠲᠣᠪᠴᠢᠶᠠ ᠬᠠᠮᠠᠭ᠋ᠠᠯᠠᠯᠲᠠ ᠵᠢᠨ ᠤᠷᠤᠨᠳᠠᠬᠢ 239 ᠬᠠᠤᠯᠢ ᠵᠢ ᠵᠦᠷᠢᠴᠡᠭᠰᠡᠨ ᠬᠡᠷᠡᠭᠢ ᠬᠡᠷᠡᠭ ᠪᠣᠯᠭ᠋ᠠᠨ ᠳᠡᠩᠨᠡᠨ᠂ ᠬᠠᠤᠯᠢᠠᠴᠠ ᠵᠦᠷᠢᠴᠡᠭᠰᠡᠨ ᠶᠠᠯᠠᠲᠤ ᠠᠵᠢᠯᠯᠠᠭᠠᠳᠤ ᠴᠢᠩᠭᠠ ᠴᠣᠬᠢᠯᠲᠠ ᠦᠭᠴᠦ᠂ ᠨᠡᠢ᠌ᠲᠡ 90.89 ᠲᠦᠮᠡᠨ ᠲᠥᠭᠥᠷᠢᠭ ᠲᠣᠷᠭ᠋ᠠᠵᠤ᠂ ᠤᠢ᠌ᠲᠤ ᠭᠠᠵᠠᠷ ᠨᠤᠲᠤᠭ ᠪᠡᠯᠴᠢᠭᠡᠷᠢ ᠡᠪᠳᠡᠵᠦ ᠡᠵᠡᠯᠡᠨ ᠬᠡᠷᠡᠭᠯᠡᠭᠰᠡᠨ ᠪᠠᠢ᠌ᠳᠠᠯᠢ ᠪᠦᠬᠦ ᠲᠠᠯᠠᠪᠠᠷ ᠪᠠᠢ᠌ᠴᠠᠭ᠋ᠠᠨ ᠴᠡᠭᠴᠡᠯᠡᠵᠦ᠂ ᠴᠢᠯᠠᠭᠤ ᠮᠠᠯᠲᠠᠵᠤ ᠡᠯᠡᠰᠦ ᠮᠠᠯᠲᠠᠬᠤ᠂ ᠠᠭᠤᠷᠬᠠᠢ ᠮᠠᠯᠲᠠᠵᠤ ᠠᠭᠤᠷᠬᠠᠢ ᠬᠠᠢ᠌ᠬᠤ᠂ ᠤᠩᠭᠤᠨ ᠪᠤᠯᠠᠰᠢ ᠵᠠᠰᠠᠬᠤ ᠵᠡᠷᠭᠡ ᠠᠭᠤᠯᠠ᠂ ᠭᠣᠣᠯᠤᠨ ᠲᠤᠬᠤᠢ ᠵᠢ ᠡᠪᠳᠡᠭᠰᠡᠨ ᠵᠢᠴᠢ ᠬᠠᠤᠯᠢ ᠲᠤᠭᠳᠠᠭ᠋ᠠᠯᠠᠴᠠ ᠵᠥᠷᠢᠴᠡᠨ ᠦᠢ᠍ᠯᠡᠳᠪᠦᠷᠢᠯᠡᠵᠦ ᠠᠵᠢᠯᠯᠠᠬᠤ᠂ ᠬᠡᠭᠡᠷᠡ ᠭᠠᠳᠠᠨᠠ ᠭᠠᠯ ᠬᠡᠷᠡᠭᠯᠡᠬᠦ᠂ ᠪᠡᠯᠴᠢᠭᠡᠷᠯᠡᠬᠦᠯᠬᠦ ᠵᠡᠷᠭᠡ ᠤᠢ ᠰᠢᠭᠤᠢ ᠪᠠ ᠨᠤᠲᠤᠭ ᠪᠡᠯᠴᠢᠭᠡᠷ᠂ ᠤᠰᠤᠨᠤ ᠡᠬᠢ ᠰᠤᠷᠪᠤᠯᠵᠢ ᠵᠢ ᠬᠠᠳᠠᠭ᠋ᠠᠯᠠᠬᠤ ᠭᠠᠵᠠᠷᠢ ᠡᠪᠳᠡᠭᠰᠡᠨ ᠠᠵᠢᠯᠯᠠᠭᠠᠳᠤ ᠪᠦᠲᠦᠮᠵᠢᠲᠠᠢ ᠴᠤᠬᠢᠯᠲᠠ ᠦᠭᠴᠤ᠂ ᠬᠠᠮᠠᠭ᠋ᠠᠯᠠᠯᠲᠠ ᠵᠢᠨ ᠣᠷᠣᠨᠤ ᠪᠠᠢ᠌ᠭ᠋ᠠᠯᠢ ᠵᠢᠨ ᠡᠬᠢ ᠪᠠᠶᠠᠯᠢᠭᠤᠨ ᠠᠮᠤᠷ ᠲᠦᠪᠰᠢᠨᠢ ᠦᠨᠡᠨ ᠬᠦ᠌ ᠬᠠᠮᠠᠭ᠋ᠠᠯᠠᠪᠠ᠃