5 ᠰᠠᠷ᠎ᠠ ᠵᠢᠨ 10᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠬᠡᠷ᠎ᠠᠴᠠ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠲᠤᠰᠬᠠᠶ ᠰᠡᠳᠦᠪᠲᠦ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ APP ᠵᠢᠨ ᠪᠠᠶ᠋ᠢᠭᠤᠯᠤᠯᠲᠠ ᠵᠢᠨ ᠠᠭᠤᠯᠭ᠎ᠠ ᠵᠢ ᠬᠢᠨᠠᠨ ᠲᠣᠭᠲᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠶ᠋ᠢᠵᠢᠭᠤᠯᠤᠯᠲᠠ ᠵᠢᠨ ᠭᠠᠵᠠᠷ᠂ ᠡᠬᠢ ᠪᠠᠶᠠᠯᠢᠭ᠎ᠤᠨ ᠭᠠᠵᠠᠷ᠂ ᠨᠤᠲᠤᠭ ᠪᠡᠯᠴᠢᠭᠡᠷ᠎ᠤᠨ ᠭᠠᠵᠠᠷ᠂ ᠨᠤᠲᠤᠭ ᠪᠡᠯᠴᠢᠭᠡᠷ᠎ᠤᠨ ᠬᠢᠨᠠᠯᠲᠠ ᠬᠠᠮᠢᠶᠠᠷᠤᠯᠲᠠ ᠵᠢᠨ ᠭᠠᠵᠠᠷ᠂ ᠴᠢᠭᠢᠭᠯᠢᠭ ᠭᠠᠵᠠᠷ᠎ᠤᠨ ᠠᠵᠢᠯ᠎ᠤᠨ ᠭᠠᠵᠠᠷ᠂ ᠬᠠᠮᠠᠭ᠋ᠠᠯᠠᠯᠲᠠ ᠵᠢᠨ ᠭᠠᠵᠠᠷ᠂ ᠣᠢ ᠰᠢᠭᠤᠶ ᠵᠢᠨ ᠲᠠᠯᠠᠪᠠᠢ ᠵᠢᠨ ᠦᠷ᠎ᠡ ᠴᠢᠬᠢ ᠵᠢᠨ ᠭᠠᠵᠠᠷ᠂ ᠰᠢᠮᠳᠠᠭᠤᠯᠤᠨ ᠪᠠᠶ᠋ᠢᠴᠠᠭ᠋ᠠᠵᠤ ᠪᠠᠲᠤᠯᠠᠬᠤ ᠲᠥᠪ᠂ ᠠᠵᠢᠯ᠎ᠤᠨ ᠶᠡᠷᠦᠩᠬᠡᠶ ᠥᠷᠲᠡᠭᠡ᠂ ᠬᠠᠮᠠᠭ᠋ᠠᠯᠠᠯᠲᠠ ᠵᠢᠨ ᠶᠡᠷᠦᠩᠬᠡᠶ ᠥᠷᠲᠡᠭᠡ ᠵᠡᠷᠭᠡ ᠭᠠᠵᠠᠷ ᠲᠠᠰᠤᠭ᠂ ᠨᠢᠭᠡᠴᠡ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃

ᠥᠪᠥᠷ ᠮᠣᠩᠭᠣᠯ᠎ᠤᠨ ᠣᠶᠤᠨᠴᠢ ᠤᠢ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠰᠢᠰᠲ᠋ᠧᠮ᠎ᠢ ᠥᠪᠥᠷ ᠮᠣᠩᠭᠣᠯ᠎ᠤᠨ ᠰᠢᠶᠤᠤ ᠼᠤᠤ ᠲᠣᠭ᠋ᠠᠴᠢᠯᠠᠭᠰᠠᠨ ᠺᠣᠮᠫᠠᠨᠢ᠎ᠠᠴᠠ ᠳᠠᠭ᠋ᠠᠭ᠋ᠠᠴᠢᠯᠠᠨ ᠪᠠᠶ᠋ᠢᠭᠤᠯᠪᠠ᠂ ᠡᠭᠦᠨ᠎ᠳᠤ ᠣᠶᠤᠨᠴᠢ ᠬᠠᠮᠢᠶᠠᠷᠤᠯᠲᠠ ᠵᠢᠨ ᠲᠠᠪᠴᠠᠩ ᠪᠣᠯᠤᠨ APP ᠬᠣᠶᠠᠷ ᠬᠡᠰᠡᠭ ᠪᠠᠭᠲᠠᠨ᠎ᠠ᠂ ᠬᠤᠷᠠᠯ ᠳᠡᠭᠡᠷ᠎ᠡ ᠰᠢᠶᠤᠤ ᠼᠤᠤ ᠺᠣᠮᠫᠠᠨᠢ APP ᠵᠢᠨ ᠡᠯ᠎ᠡ ᠳᠡᠰ᠎ᠤᠨ ᠴᠢᠳᠠᠮᠵᠢ ᠵᠢᠴᠢ ᠠᠭᠤᠯᠭ᠎ᠠ᠂ ᠠᠵᠢᠯᠯᠠᠭᠤᠯᠬᠤ ᠪᠠᠢ᠌ᠳᠠᠯ᠂ ᠰᠢᠨ᠎ᠡ ᠡᠭᠦᠳᠡᠯᠲᠡ ᠵᠢ ᠠᠵᠢᠯᠯᠠᠭᠤᠯᠬᠤ ᠬᠡᠰᠡᠭ ᠵᠡᠷᠭᠡ ᠵᠢᠨ ᠲᠦᠯᠦᠪᠵᠢᠬᠦᠯᠬᠡ ᠵᠢᠨ ᠲᠤᠬᠠᠢ ᠨᠠᠷᠢᠨ ᠬᠠᠷᠢᠭᠤ ᠮᠡᠳᠡᠭᠦᠯᠦᠯᠲᠡ ᠬᠢᠵᠦ᠂ ᠡᠯ᠎ᠡ ᠭᠠᠵᠠᠷ ᠲᠠᠰᠤᠭ᠂ ᠨᠢᠭᠡᠴᠢ ᠵᠢᠨ᠎ᠬᠢᠨ ᠲᠦᠯᠦᠪᠵᠢᠬᠦᠯᠬᠡ᠂ ᠴᠢᠳᠠᠮᠵᠢ᠂ ᠲᠣᠭ᠎ᠠ ᠪᠠᠷᠢᠮᠲᠠ ᠵᠢᠨ ᠠᠮᠤᠷ ᠲᠦᠪᠰᠢᠨ ᠵᠡᠷᠭᠡ ᠲᠠᠯ᠎ᠠ᠎ᠪᠠᠷ ᠰᠤᠳᠤᠯᠤᠨ ᠶᠠᠷᠢᠯᠴᠠᠭᠰᠠᠨ ᠪᠥᠭᠡᠳ ᠵᠠᠰᠠᠪᠤᠷᠢ ᠣᠷᠣᠭᠤᠯᠬᠤ ᠰᠠᠨᠠᠯ ᠳᠤᠷᠠᠳᠴᠠᠢ᠃ ᠥᠪᠥᠷ ᠮᠣᠩᠭᠣᠯ᠎ᠤᠨ ᠰᠢᠶᠤᠤ ᠼᠤᠤ ᠲᠣᠭ᠋ᠠᠴᠢᠯᠠᠭᠰᠠᠨ ᠺᠣᠮᠫᠠᠨᠢ ᠬᠢᠨᠠᠨ ᠲᠣᠭᠲᠠᠭ᠋ᠠᠭᠰᠠᠨ ᠰᠠᠨᠠᠯ ᠶᠣᠰᠣᠭ᠋ᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠣᠶᠤᠨᠴᠢ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠬᠠᠮᠢᠶᠠᠷᠤᠯᠲᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠪᠥᠬᠥ ᠣᠷᠣᠨ᠎ᠤ ᠣᠶ ᠰᠢᠭᠤᠢ ᠵᠢᠨ ᠳᠠᠷᠤᠭ᠎ᠠ ᠵᠢᠨ ᠣᠶᠤᠨᠴᠢ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠪᠣᠯᠤᠨ᠎ᠠ᠃

ᠬᠤᠷᠠᠯ᠎ᠠᠴᠠ ᠣᠶᠤᠨᠴᠢ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ APP ᠵᠢᠨ ᠲᠦᠯᠦᠪᠵᠢᠬᠦᠯᠬᠡ ᠵᠢᠨ ᠲᠥᠰᠦᠯ᠎ᠢ ᠨᠤᠲᠠᠯᠠᠵᠠᠶ᠂ ᠰᠦ ᠱᠧᠩ ᠬᠤᠸᠠ ᠭᠠᠵᠠᠷ᠎ᠤᠨ ᠳᠠᠷᠤᠭ᠎ᠠ ᠢᠯᠡᠷᠬᠡᠶ᠋ᠢᠯᠡᠬᠦ᠎ᠳᠡᠭᠡᠨ᠂ ᠣᠶᠤᠨᠴᠢ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠰᠢᠰᠲ᠋ᠧᠮ᠎ᠤᠨ ᠪᠠᠶ᠋ᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠬᠡᠷ᠎ᠤᠨ ᠭᠤᠤᠯᠳᠠᠯᠭ᠎ᠠ᠎ᠲᠠᠢ ᠲᠥᠷᠥᠯ ᠵᠦᠢ᠍ᠯ ᠪᠣᠯᠤᠨ᠎ᠠ᠂ ᠪᠦᠬᠦ ᠣᠷᠣᠨ᠎ᠤ ᠲᠠᠪᠤᠨ ᠳᠡᠰᠤ ᠤᠢ ᠰᠢᠭᠤᠢ ᠵᠢᠨ ᠳᠠᠷᠤᠭ᠎ᠠ᠎ᠪᠠᠷ ᠡᠴᠦᠰ᠎ᠲᠤᠨᠢ ᠲᠤᠯᠲᠠᠯ᠎ᠠ ᠨᠢᠭᠡᠳᠭᠡᠵᠦ᠂ ᠣᠳᠣ ᠵᠢᠨ ᠬᠠᠮᠢᠶ᠎ᠠ ᠪᠦᠬᠦᠢ ᠲᠠᠪᠴᠠᠩ᠎ᠤᠨ ᠲᠣᠭ᠎ᠠ ᠪᠠᠷᠢᠮᠲᠠ ᠵᠢ ᠪᠦᠬᠦᠨ᠎ᠢ ᠵᠠᠯᠭ᠋ᠠᠵᠤ᠂ ᠬᠡᠷᠡᠭᠯᠡᠭᠡᠨ᠎ᠳᠤ ᠲᠦᠯᠦᠪᠵᠢᠬᠦᠯᠬᠡ ᠵᠢᠨ ᠵᠠᠷᠴᠢᠮ᠎ᠢ ᠪᠠᠲᠤᠯᠠᠬᠤ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ᠎ᠪᠠᠷ ᠬᠠᠷᠠᠯᠲᠠ ᠪᠣᠯᠭ᠋ᠠᠨ ᠪᠠᠶ᠋ᠢᠭᠤᠯᠤᠭᠰᠠᠨ ᠣᠶᠤᠨᠴᠢ ᠲᠣᠭ᠋ᠠᠴᠢᠯᠠᠭᠰᠠᠨ ᠲᠠᠪᠴᠠᠩ᠂ ᠪᠠᠶ᠋ᠢᠭᠤᠯᠤᠭᠳᠠᠭᠰᠠᠨ᠎ᠤ ᠳᠠᠷᠠᠭ᠎ᠠ ᠪᠥᠬᠥ ᠣᠷᠣᠨ᠎ᠤ ᠲᠠᠪᠤᠨ ᠳᠡᠰ᠎ᠤᠨ ᠣᠶ ᠰᠢᠭᠤᠢ ᠵᠢᠨ ᠳᠠᠷᠤᠭ᠎ᠠ ᠪᠣᠯᠤᠨ ᠣᠶ ᠰᠢᠭᠤᠢ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠬᠡᠷ᠎ᠲᠤ ᠦᠢ᠍ᠯᠡᠴᠢᠯᠡᠨ᠎ᠡ᠂ ᠮᠡᠳᠡᠭᠡ ᠵᠠᠩᠭᠢ ᠵᠢᠨ ᠠᠷᠭ᠎ᠠ ᠵᠠᠮ᠎ᠢ ᠨᠡᠪᠲᠡᠷᠡᠭᠦᠯᠬᠦ᠂ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠣᠢ ᠰᠢᠭᠤᠶ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠤᠨ᠎ᠠ᠃ ᠲᠠᠷᠠᠭ᠋ᠠᠴᠢ ᠵᠢᠨ ᠠᠯᠬᠤᠮ᠎ᠳᠤ᠂ ᠰᠢᠶᠤᠤ ᠼᠤᠤ ᠺᠣᠮᠫᠠᠨᠢ ᠬᠤᠷᠠᠯ᠎ᠤᠨ ᠰᠠᠨᠠᠯ᠎ᠢ ᠦᠨᠳᠦᠰᠦᠯᠡᠨ ᠴᠠᠭ᠎ᠢ ᠠᠮᠵᠢᠨ ᠰᠤᠳᠤᠯᠤᠨ ᠲᠣᠬᠢᠷᠠᠭᠤᠯᠵᠤ᠂ APP ᠵᠢᠨ ᠲᠦᠯᠦᠪᠵᠢᠬᠦᠯᠬᠡ ᠵᠢ ᠲᠦᠷᠭᠡᠬᠡᠨ ᠪᠡᠶᠡᠯᠡᠭᠦᠯᠬᠦ
ᠬᠡᠷᠡᠭᠲᠡᠶ᠃