ᠣᠶ᠋ᠢᠷ᠎ᠠ ᠵᠢᠨ ᠡᠳᠤᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2023 ᠣᠨ᠎ᠤ ᠤᠯᠤᠰ᠎ᠤᠨ ᠨᠤᠲᠤᠭ ᠳᠡᠪᠢᠰᠭᠡᠷ᠎ᠤᠨ ᠨᠣᠭᠤᠭ᠋ᠠᠷᠠᠭᠤᠯᠤᠯᠲᠠ ᠵᠢᠨ ᠡᠭᠦᠷᠭᠡ ᠲᠦᠯᠦᠪᠯᠡᠭᠡ ᠵᠢ ᠪᠠᠭᠤᠯᠭ᠋ᠠᠵᠤ᠂ ᠪᠣᠶ ᠪᠥᠬᠦᠶ ᠡᠭᠦᠷᠭᠡ ᠵᠢ ᠬᠤᠰᠢᠭᠤ ᠰᠢᠶᠠᠨ᠎ᠳᠤ ᠰᠢᠭᠤᠳ ᠤᠷᠤᠨᠵᠢᠭᠤᠯᠤᠨ᠂ 《ᠣᠶ᠋ᠢᠵᠢᠭᠤᠯᠵᠤ ᠨᠣᠭᠤᠭ᠋ᠠᠷᠠᠭᠤᠯᠬᠤ ᠮᠡᠷᠭᠡᠵᠢᠯ᠎ᠤᠨ ᠵᠢᠷᠤᠮᠵᠢᠯ》᠎ᠢ ᠴᠢᠩᠭ᠎ᠠ ᠬᠡᠷᠡᠭᠵᠢᠭᠦᠯᠵᠤ᠂ 《ᠣᠶ᠋ᠢᠵᠢᠭᠤᠯᠵᠤ ᠨᠣᠭᠤᠭ᠋ᠠᠷᠠᠭᠤᠯᠬᠤ ᠮᠡᠷᠭᠡᠵᠢᠯ᠎ᠤᠨ ᠵᠢᠷᠤᠮᠵᠢᠯ》 ᠢ ᠪᠥᠬᠦ ᠲᠠᠯ᠎ᠠ᠎ᠪᠠᠷ ᠨᠠᠷᠢᠯᠢᠬ᠍ᠵᠢᠭᠤᠯᠬᠤ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃
ᠣᠷᠳᠣᠰ ᠬᠤᠲᠠ ᠵᠢᠨ 2023 ᠣᠨ᠎ᠤ ᠤᠯᠤᠰ᠎ᠤᠨ ᠨᠤᠲᠤᠭ ᠳᠡᠪᠢᠰᠭᠡᠷ᠎ᠤᠨ ᠨᠣᠭᠤᠭ᠋ᠠᠷᠠᠭᠤᠯᠤᠯᠲᠠ ᠵᠢᠨ ᠡᠭᠦᠷᠭᠡ 225.7 ᠲᠦᠮᠡᠨ ᠮᠤ᠌ ᠪᠠᠶ᠋ᠢᠵᠤ᠂ ᠡᠭᠦᠨ᠎ᠳᠤ ᠴᠦᠯᠯᠡᠷᠭᠡᠭᠵᠢᠯ᠎ᠢ ᠵᠠᠰᠠᠬᠤ ᠳᠠᠯᠠᠪᠠᠢ 98.7 ᠲᠦᠮᠡᠨ ᠮᠤ᠌ ᠪᠤᠢ᠃ 37.7 ᠲᠦᠮᠡᠨ ᠮᠤ᠌ ᠵᠢᠨ ᠤᠶ᠋ᠢᠵᠢᠭᠤᠯᠬᠤ ᠲᠦᠯᠦᠪᠯᠡᠭᠡ ᠡᠭᠦᠷᠭᠡ᠎ᠲᠠᠢ ᠪᠠᠶ᠋ᠢᠵᠤ᠂ ᠡᠭᠦᠨ᠎ᠳᠤ 7.1 ᠲᠦᠮᠡᠨ ᠮᠤ᠌ ᠵᠢᠨ ᠬᠥᠮᠦᠨ᠎ᠤ ᠬᠦᠴᠦ᠎ᠪᠠᠷ ᠣᠶ᠋ᠢᠵᠢᠭᠤᠯᠬᠤ᠂ 30.6 ᠲᠦᠮᠡᠨ ᠮᠤ᠌ ᠵᠢᠨ ᠮᠠᠭᠤᠳᠠᠭᠰᠠᠨ ᠣᠶ ᠰᠢᠭᠤᠶ ᠵᠢ ᠵᠠᠰᠠᠨ ᠰᠡᠷᠭᠦᠭᠡᠬᠦ ᠲᠠᠯᠠᠪᠠᠢ ᠪᠠᠭᠳᠠᠨ᠎ᠠ; 188 ᠲᠦᠮᠡᠨ ᠮᠥ᠍ ᠵᠢᠨ ᠡᠪᠡᠰᠦ ᠳᠠᠷᠢᠬᠤ ᠲᠦᠯᠦᠪᠯᠡᠭᠡ ᠡᠭᠦᠷᠭᠡ᠎ᠲᠠᠢ ᠪᠠᠶ᠋ᠢᠵᠥ᠂ ᠡᠭᠦᠨ᠎ᠳᠤ 80.6 ᠲᠦᠮᠡᠨ ᠮᠥ᠍ ᠵᠢᠨ ᠬᠥᠮᠦᠨ᠎ᠤ ᠬᠦᠴᠦ᠎ᠪᠠᠷ ᠡᠪᠡᠰᠦ ᠳᠠᠷᠢᠬᠤ᠂ 107.4 ᠲᠦᠮᠡᠨ ᠮᠥ᠍ ᠵᠢᠨ ᠨᠤᠲᠤᠭ ᠪᠡᠯᠴᠢᠭᠡᠷ᠎ᠢ ᠰᠠᠶ᠋ᠢᠵᠢᠷᠠᠭᠤᠯᠬᠤ ᠳᠠᠯᠠᠪᠠᠢ ᠪᠠᠭᠲᠠᠨ᠎ᠠ᠃ ᠣᠶ᠋ᠢᠵᠢᠭᠤᠯᠬᠤ ᠲᠦᠯᠦᠪᠯᠡᠭᠡ ᠵᠢᠨ ᠡᠭᠦᠷᠭᠡ᠎ᠨᠢ 2023 ᠣᠨ᠎ᠤ 《ᠬᠥᠪᠴᠢ — ᠮᠤᠤᠠᠤᠰᠤ ᠵᠢᠨ ᠡᠯᠡᠰᠦᠷᠬᠡᠭᠵᠢᠭᠰᠡᠨ ᠭᠠᠵᠠᠷ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠬᠤᠶᠠᠳᠤᠭ᠋ᠠᠷ ᠬᠤᠭᠤᠴᠠᠭ᠎ᠠ》᠂ ᠣᠶ᠋ᠢᠵᠢᠭᠤᠯᠤᠯᠲᠠ᠎ᠳᠤ ᠨᠥᠬᠦᠪᠥᠷᠢ ᠥᠭᠬᠦ ᠲᠥᠷᠥᠯ ᠵᠦᠢ᠍ᠯ ᠪᠠ ᠤᠨᠴᠠᠯᠢᠬᠳᠤ ᠣᠶ ᠵᠢᠮᠢᠰᠤᠨᠤ ᠥᠭᠡᠷᠡᠴᠢᠯᠡᠯᠲᠡ ᠵᠢᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠡᠷᠬᠡ᠎ᠪᠠᠷ ᠪᠦᠷᠢᠯᠳᠦᠵᠡᠢ᠃
ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠬᠤᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠡᠯ᠎ᠡ ᠢᠨᠵᠧᠨᠧᠷᠢᠩ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠡᠯ᠎ᠡ ᠬᠤᠰᠢᠭᠤ ᠲᠣᠭᠤᠷᠢᠭ᠎ᠤᠨ ᠲᠦᠯᠦᠪᠯᠡᠭᠡ ᠡᠭᠦᠷᠭᠡ ᠵᠢᠨ ᠬᠠᠮᠢᠶᠠᠷᠤᠯᠲᠠ ᠪᠠ ᠪᠣᠳᠠᠲᠠᠶ ᠭᠠᠵᠠᠷ᠎ᠲᠤ ᠵᠢᠷᠤᠭ ᠵᠢᠷᠤᠵᠤ ᠵᠢᠯᠣᠭᠤᠳᠬᠤ ᠠᠵᠢᠯ ᠵᠶ᠋ᠠᠨ ᠴᠢᠩᠭ᠋ᠠᠳᠬᠠᠬᠤ ᠵᠢᠨ ᠬᠠᠮᠲᠤ ᠡᠭᠦᠷᠭᠡ᠎ᠪᠠᠨ ᠪᠡᠶᠡᠯᠡᠭᠦᠯᠦᠭᠰᠡᠨ ᠪᠠᠶ᠋ᠢᠳᠠᠯ᠎ᠢ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠨᠢᠭᠡᠳᠦᠯᠲᠡᠶ ᠲᠦᠯᠦᠪᠵᠢᠭᠦᠯᠤᠨ ᠰᠢᠯᠭ᠋ᠠᠨ ᠦᠨᠡᠯᠡᠬᠦ᠎ᠳᠤ ᠣᠷᠣᠭᠤᠯᠵᠤ᠂ 《ᠱᠠᠲᠤ ᠬᠤᠪᠢᠶᠠᠨ ᠬᠠᠮᠢᠶᠠᠷᠬᠤ᠂ ᠰᠢᠰᠲ᠋ᠧᠮᠵᠢᠭᠦᠯᠤᠨ ᠬᠢᠨᠠᠨ ᠬᠠᠮᠢᠶᠠᠷᠬᠤ᠂ ᠨᠢᠭᠡᠳᠦᠯᠲᠡᠶ ᠲᠦᠯᠦᠪᠵᠢᠭᠦᠯᠤᠨ ᠰᠢᠯᠭ᠋ᠠᠨ ᠦᠨᠡᠯᠡᠬᠦ》 ᠬᠠᠮᠢᠶᠠᠷᠤᠯᠲᠠ ᠵᠢᠨ ᠵᠠᠭᠪᠤᠷ᠎ᠢ ᠬᠡᠷᠡᠭᠵᠢᠭᠦᠯᠵᠦ᠂ ᠤᠯᠤᠰ᠎ᠤᠨ ᠴᠢᠬᠤᠯᠠ ᠶᠡᠭᠡ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠥᠮᠥᠷᠭᠡ ᠵᠢᠨ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠪᠠ ᠡᠳᠦᠷ ᠲᠤᠲᠤᠮ᠎ᠤᠨ ᠲᠣᠬᠢᠷᠠᠭᠤᠯᠤᠯᠲᠠ᠎ᠪᠠᠷ ᠳᠡᠮᠵᠢᠭᠤᠯᠤᠨ᠂ ᠤᠯᠤᠰ᠎ᠤᠨ ᠭᠠᠵᠠᠷ ᠰᠢᠷᠣᠶ ᠵᠢᠨ ᠨᠣᠭᠤᠭ᠋ᠠᠷᠠᠭᠤᠯᠤᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ᠂ ᠣᠨ᠎ᠤ ᠭᠤᠤᠯᠳᠠᠯᠭ᠎ᠠ᠎ᠲᠠᠢ ᠲᠦᠯᠦᠪᠯᠡᠭᠡ ᠵᠢᠨ ᠡᠭᠦᠷᠭᠡ ᠵᠢᠨ ᠤᠷᠤᠭᠰᠢᠲᠠᠶ ᠪᠡᠶᠡᠯᠡᠭᠳᠡᠬᠦ ᠵᠢ ᠦᠨᠡᠨ ᠬᠦ᠌ ᠪᠠᠲᠤᠯᠠᠬᠤ ᠪᠤᠯᠤᠨ᠎ᠠ᠃