ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠠᠭ᠋ᠠᠨᠬᠠᠳᠠ ᠬᠤᠲᠠ ᠵᠢᠨ ᠰᠦᠩᠱ᠌ᠠᠨ ᠲᠣᠭᠤᠷᠢᠭ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠰᠢᠨ᠎ᠡ ᠵᠢ ᠡᠭᠦᠳᠬᠦ ᠲᠣᠭᠲᠠᠴᠠ ᠵᠢ ᠨᠠᠶ᠋ᠢᠳᠠᠪᠤᠷᠢᠵᠢᠭᠤᠯᠤᠨ᠎ᠠ
ᠨᠡᠶ᠋ᠢᠲᠡᠯᠡᠭᠰᠡᠨ ᠴᠠᠭ᠄ 2023-07-14

      ᠤᠢ᠍ᠢ᠍ᠷ᠎ᠠ ᠵᠢᠨ ᠵᠢᠯ᠎ᠠᠴᠠ᠂ ᠰᠦᠩᠱ᠌ᠠᠨ ᠲᠣᠭᠤᠷᠢᠭ 《ᠱᠠᠳᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ》 ᠵᠠᠷᠴᠢᠮ ᠶᠣᠰᠣᠭ᠋ᠠᠷ᠂ ᠲᠣᠭᠤᠷᠢᠭ᠂ ᠰᠢᠶᠠᠩ᠂ ᠲᠣᠰᠬᠤᠨ ᠭᠤᠷᠪᠠᠨ ᠱᠠᠲᠤᠨ᠎ᠤ ᠤᠢ ᠰᠢᠭᠤᠢ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠰᠢᠰᠲ᠋ᠧᠮ᠎ᠢ ᠪᠦᠬᠦ ᠲᠠᠯ᠎ᠠ᠎ᠪᠠᠷ ᠪᠠᠶ᠋ᠢᠭᠤᠯᠵᠤ᠂ ᠬᠠᠷᠢᠭᠤᠴᠠᠯᠭ᠎ᠠ ᠲᠣᠳᠣᠷᠬᠠᠢ᠂ ᠵᠣᠬᠢᠴᠠᠩᠭᠤᠢ ᠡᠮᠬᠢ ᠵᠢᠷᠤᠮ᠎ᠲᠠᠢ᠂ ᠬᠢᠨᠠᠯᠲᠠ ᠬᠠᠮᠢᠶᠠᠷᠤᠯᠲᠠ ᠴᠢᠩᠭ᠎ᠠ᠂ ᠬᠠᠮᠠᠭ᠋ᠠᠯᠠᠯᠲᠠ ᠬᠦᠴᠦᠲᠡᠢ ᠤᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠨ ᠬᠥᠭᠵᠢᠭᠦᠯᠬᠦ ᠠᠵᠢᠯ᠎ᠤᠨ ᠰᠢᠨ᠎ᠡ ᠲᠣᠭᠲᠠᠴᠠ ᠵᠢ ᠪᠦᠷᠢᠯᠳᠦᠭᠦᠯᠪᠡ᠃ 
      ᠪᠥᠬᠦ ᠲᠣᠭᠤᠷᠢᠭ᠎ᠲᠤ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ ᠵᠡᠷᠭᠡ ᠠᠮᠢ ᠠᠬᠤᠶ ᠵᠢᠨ ᠡᠬᠢ ᠪᠠᠶᠠᠯᠢᠭ᠎ᠤᠨ ᠲᠠᠷᠬᠠᠯᠲᠠ ᠵᠢᠨ ᠣᠨᠴᠠᠯᠢᠭ ᠪᠠ ᠬᠠᠮᠠᠭ᠋ᠠᠯᠠᠨ ᠬᠥᠭᠵᠢᠭᠦᠯᠬᠦ ᠬᠡᠷᠡᠭᠴᠡᠭᠡ ᠵᠢ ᠦᠨᠳᠦᠰᠦᠯᠡᠨ᠂ ᠨᠡᠶ᠋ᠢᠲᠡ 5 ᠣᠶ ᠰᠢᠭᠤᠢ ᠵᠢᠨ ᠳᠠᠷᠤᠭ᠎ᠠ ᠵᠢᠨ ᠬᠠᠷᠢᠭᠤᠴᠠᠯᠭ᠋ᠠᠲᠤ ᠣᠷᠣᠨ ᠪᠦᠰᠡ ᠵᠢ ᠬᠤᠪᠢᠶᠠᠷᠢᠯᠠᠵᠤ᠂ ᠰᠢᠶᠠᠩ ᠪᠠᠯᠭ᠋ᠠᠰᠤ ᠵᠢᠨ ᠲᠠᠰ᠎ᠤᠨ ᠣᠶ ᠰᠢᠭᠤᠢ ᠵᠢᠨ ᠳᠠᠷᠤᠭ᠎ᠠ᠂ ᠳᠡᠳ᠋ ᠣᠶ ᠰᠢᠭᠤᠢ ᠵᠢᠨ ᠳᠠᠷᠤᠭ᠎ᠠ 184 ᠨᠡᠷᠡᠰ᠂ ᠲᠣᠰᠬᠤᠨ᠎ᠤ ᠲᠠᠰ᠎ᠤᠨ ᠣᠶ ᠰᠢᠭᠤᠢ ᠵᠢᠨ ᠳᠠᠷᠤᠭ᠎ᠠ 265 ᠨᠡᠷᠡᠰ ᠭᠠᠷᠭ᠋ᠠᠵᠤ᠂ ᠭᠤᠷᠪᠠᠨ ᠱᠠᠲᠤᠨ᠎ᠤ ᠣᠶ ᠰᠢᠭᠤᠢ ᠵᠢᠨ ᠳᠠᠷᠤᠭ᠎ᠠ ᠵᠢ ᠪᠦᠬᠦᠨ᠎ᠢ ᠬᠠᠮᠤᠷᠬᠤ ᠵᠢ ᠪᠡᠶᠡᠯᠡᠭᠦᠯᠪᠡ᠃ ᠡᠭᠦᠨ᠎ᠤ ᠬᠠᠮᠲᠤ᠂ 《ᠨᠢᠭᠡ ᠳᠠᠷᠤᠭ᠎ᠠ ᠬᠤᠶᠠᠷ ᠠᠵᠢᠯᠲᠠᠨ》᠎ᠤ ᠡᠬᠢ ᠡᠭᠦᠰᠦᠯ᠎ᠤᠨ ᠬᠠᠮᠢᠶᠠᠷᠤᠯᠲᠠ ᠵᠢᠨ ᠪᠣᠷᠣ ᠲᠥᠯᠥᠪ᠎ᠢ ᠪᠠᠶ᠋ᠢᠭᠤᠯᠵᠤ᠂ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠦᠨᠳᠦᠰᠦᠨ ᠱᠠᠲᠤᠨ᠎ᠤ ᠲᠤᠤᠷᠵᠢᠯ᠎ᠤᠨ ᠰᠠᠭᠤᠷᠢ ᠵᠢᠨ ᠪᠥᠲᠥᠭᠡᠨ ᠪᠠᠶ᠋ᠢᠭᠤᠯᠤᠯᠲᠠ ᠵᠢ ᠪᠠᠬᠢᠵᠢᠭᠦᠯᠪᠡ᠃ ᠪᠥᠬᠦ ᠲᠣᠭᠤᠷᠢᠭ᠎ᠲᠤ ᠣᠶ ᠰᠢᠭᠤᠶ ᠡᠪᠡᠰᠦ ᠪᠡᠯᠴᠢᠭᠡᠷ᠎ᠤᠨ ᠬᠠᠮᠢᠶᠠᠷᠤᠯᠲᠠ ᠵᠢᠨ ᠣᠷᠣᠨ ᠪᠦᠰᠡ᠎ᠪᠠᠷ 439 ᠲᠤᠤᠷᠵᠢᠯ ᠵᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠵᠤ᠂ 439 ᠲᠤᠤᠷᠵᠢᠯ᠎ᠤᠨ ᠠᠵᠢᠯᠲᠠᠨ ᠳᠣᠭᠢᠷᠠᠭᠤᠯᠤᠨ᠂ ᠪᠥᠬᠦ ᠲᠣᠭᠤᠷᠢᠭ᠎ᠤᠨ ᠣᠶ ᠰᠢᠭᠤᠶ ᠡᠪᠡᠰᠦ ᠪᠡᠯᠴᠢᠭᠡᠷ᠎ᠤᠨ ᠡᠬᠢ ᠪᠠᠶᠠᠯᠢᠭ᠎ᠢ ᠲᠤᠰᠬᠠᠶ ᠬᠥᠮᠦᠨ ᠵᠶ᠋ᠠᠷ ᠲᠤᠰᠬᠠᠶ ᠬᠠᠮᠢᠶᠠᠷᠤᠭᠤᠯᠵᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠵᠢ ᠦᠨᠡᠨᠬᠦ ᠪᠠᠲᠤᠯᠠᠪᠠ᠃ 
      ᠰᠦᠩᠱ᠌ᠠᠨ ᠲᠣᠭᠤᠷᠢᠭ᠎ᠤᠨ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠬᠡᠷ ᠤᠷᠢᠳ ᠬᠤᠵᠢᠳ 《ᠣᠶ ᠰᠢᠭᠤᠶ ᠵᠢᠨ ᠳᠠᠷᠤᠭ᠎ᠠ ᠵᠢᠨ ᠬᠤᠷᠠᠯ᠎ᠤᠨ ᠲᠦᠷᠢᠮ》 《ᠣᠶ ᠰᠢᠭᠤᠶ ᠵᠢᠨ ᠳᠠᠷᠤᠭ᠎ᠠ ᠵᠢᠨ ᠲᠣᠭᠤᠷᠢᠨ ᠪᠠᠶ᠋ᠢᠴᠠᠭ᠋ᠠᠬᠤ ᠲᠦᠷᠢᠮ》 ᠵᠡᠷᠭᠡ 7 ᠵᠦᠢ᠍ᠯ᠎ᠤᠨ ᠲᠦᠷᠢᠮ ᠪᠠ 《ᠣᠶ ᠰᠢᠭᠤᠶ ᠵᠢᠨ ᠳᠠᠷᠤᠭ᠎ᠠ + ᠪᠠᠶ᠋ᠢᠴᠠᠭ᠋ᠠᠬᠤ ᠳᠠᠷᠤᠭ᠎ᠠ》 ᠵᠢᠨ ᠠᠵᠢᠯ᠎ᠤᠨ ᠲᠣᠭᠲᠠᠴᠠ ᠵᠢ ᠨᠡᠶ᠋ᠢᠲᠡᠯᠡᠨ ᠬᠡᠷᠡᠭᠵᠢᠭᠦᠯᠵᠦ᠂ ᠡᠯ᠎ᠡ ᠰᠢᠶᠠᠩ ᠪᠠᠯᠭ᠋ᠠᠰᠤᠨ᠎ᠤ ᠣᠶ ᠰᠢᠭᠤᠶ ᠵᠢᠨ ᠳᠠᠷᠤᠭ᠎ᠠ ᠵᠢᠨ ᠠᠯᠪᠠᠨ ᠬᠡᠷ ᠴᠦ᠍ ᠢᠵᠢ ᠪᠥᠷᠢᠳᠦᠭᠦᠯᠬᠦ ᠲᠦᠷᠢᠮ᠂ ᠠᠵᠢᠯ᠎ᠤᠨ ᠲᠣᠭᠲᠠᠴᠠ ᠪᠠ ᠬᠠᠮᠢᠶᠠᠷᠤᠯᠲᠠ ᠵᠢᠨ ᠠᠷᠭ᠎ᠠ ᠵᠢ ᠵᠣᠬᠢᠴᠠᠩᠭᠤᠶ᠎ᠪᠠᠷ ᠨᠡᠶ᠋ᠢᠲᠡᠯᠡᠨ ᠬᠡᠷᠡᠭᠵᠢᠭᠦᠯᠵᠦ᠂ ᠭᠤᠷᠪᠠᠨ ᠱᠠᠲᠤᠨ᠎ᠤ ᠣᠶ ᠰᠢᠭᠤᠶ ᠵᠢᠨ ᠳᠠᠷᠤᠭ᠎ᠠ᠎ᠨᠢ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠢᠵᠢ ᠪᠥᠷᠢᠳᠦᠭᠦᠯᠬᠦ ᠲᠦᠷᠢᠮ᠎ᠢ ᠴᠢᠩᠭ᠎ᠠ ᠵᠢᠷᠤᠮᠯᠠᠨ ᠠᠵᠢᠯ ᠵᠶ᠋ᠠᠨ ᠥᠷᠨᠢᠭᠦᠯᠵᠦ᠂ 《ᠨᠣᠭᠤᠭ᠋ᠠᠷᠠᠭᠤᠯᠤᠯᠲᠠ ᠵᠢ ᠬᠠᠮᠠᠭ᠋ᠠᠯᠠᠬᠤ》 ᠴᠢᠳᠠᠪᠤᠷᠢ᠎ᠪᠠᠨ ᠢᠯᠡᠳᠲᠡ ᠳᠡᠭᠡᠭᠰᠢᠯᠡᠭᠦᠯᠪᠡ᠃ 
      ᠰᠦᠩᠱ᠌ᠠᠨ ᠲᠣᠭᠤᠷᠢᠭ᠎ᠤᠨ ᠠᠮᠢ ᠠᠬᠤᠶ ᠵᠢᠨ ᠪᠣᠯᠪᠠᠰᠤᠨ᠎ᠤ ᠠᠮᠤᠷ ᠲᠦᠪᠰᠢᠨ᠎ᠢ ᠦᠨᠡᠨ ᠬᠦ᠌ ᠰᠠᠶ᠋ᠢᠲᠤᠷ ᠬᠠᠮᠠᠭ᠋ᠠᠯᠠᠬᠤ ᠵᠢᠨ ᠲᠥᠯᠥᠭᠡ᠂ ᠰᠦᠩᠱ᠌ᠠᠨ ᠲᠣᠭᠤᠷᠢᠭ᠎ᠤᠨ ᠣᠶ ᠰᠢᠭᠤᠶ ᠵᠢᠨ ᠳᠠᠷᠤᠭ᠎ᠠ ᠵᠢᠨ ᠲᠦᠷᠢᠮ᠎ᠤᠨ ᠠᠯᠪᠠᠨ ᠬᠡᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠴᠣᠬᠢᠯᠲᠠ ᠥᠭᠴᠦ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠠᠭᠤᠯᠠ ᠵᠢ ᠪᠢᠲᠡᠭᠦᠮᠵᠢᠯᠡᠨ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠠᠵᠢᠯ᠎ᠳᠤ ᠴᠢᠩᠭ᠎ᠠ ᠳᠠᠷᠤᠯᠲᠠ ᠦᠵᠡᠭᠦᠯᠬᠦ ᠪᠠᠶ᠋ᠢᠳᠠᠯ᠎ᠢ ᠪᠠᠲᠤᠯᠠᠪᠠ᠂ ᠣᠲᠣ ᠪᠣᠯᠲᠠᠯ᠎ᠠ ᠰᠦᠩᠱ᠌ᠠᠨ ᠲᠣᠭᠤᠷᠢᠭ ᠲᠣᠭᠲᠠᠭ᠋ᠠᠯ᠎ᠠᠴᠠ ᠵᠥᠷᠢᠴᠡᠨ ᠮᠠᠯ ᠮᠠᠯᠵᠢᠭᠰᠠᠨ᠂ ᠬᠤᠯᠠᠭ᠋ᠠᠶ᠋ᠢᠯᠠᠨ ᠮᠠᠯᠵᠢᠭᠰᠠᠨ ᠦᠢ᠍ᠯᠡ ᠠᠵᠢᠯᠯᠠᠭ᠎ᠠ ᠵᠢ ᠨᠡᠶ᠋ᠢᠲᠡ 940 ᠭᠠᠷᠤᠶ ᠬᠡᠷᠡᠭ ᠪᠣᠯᠭ᠋ᠠᠨ ᠳᠡᠩᠰᠡᠯᠡᠵᠦ᠂ ᠨᠡᠶ᠋ᠢᠲᠡ 200 ᠭᠠᠷᠤᠶ ᠲᠦᠮᠡᠨ ᠲᠥᠭᠦᠷᠢᠭ ᠵᠶ᠋ᠠᠷ ᠰᠢᠳᠬᠡᠭᠰᠡᠨ ᠪᠠᠶ᠋ᠢᠨ᠎ᠠ᠃

ᠢᠷᠡᠯᠲᠡ᠄ ᠤᠯᠠᠭ᠋ᠠᠨᠬᠠᠳᠠ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
 
             蒙ICP备05000248号