ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ 24 ᠵᠦᠢ᠍ᠯ᠎ᠤᠨ ᠠᠷᠭ᠎ᠠ ᠬᠡᠮᠵᠢᠶ᠎ᠡ᠎ᠪᠠᠷ ᠥᠪᠥᠷ ᠮᠣᠩᠭᠤᠯ᠎ᠤᠨ ᠣᠶ ᠰᠢᠭᠤᠢ ᠨᠤᠲᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠵᠦ ᠪᠤᠢ
ᠨᠡᠶ᠋ᠢᠲᠡᠯᠡᠭᠰᠡᠨ ᠴᠠᠭ᠄ 2024-01-10

      《ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠲᠦᠷᠦᠭᠦᠬᠡᠨ ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠤᠯᠪᠣᠭ᠋ᠠᠯᠠᠨ 《ᠣᠶ ᠰᠢᠭᠤᠢ ᠨᠤᠲᠤᠭ ᠪᠡᠯᠴᠢᠭᠡᠷ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠠᠮᠲᠤ᠎ᠪᠠᠷ ᠠᠬᠢᠭᠤᠯᠬᠤ ᠠᠷᠭ᠎ᠠ ᠬᠡᠮᠵᠢᠶ᠎ᠡ᠎ᠨᠦᠭᠦᠳ》 (ᠳᠣᠷᠣᠭᠰᠢ 《ᠠᠷᠭ᠎ᠠ ᠬᠡᠮᠵᠢᠶ᠎ᠡ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠲᠥᠷᠥ ᠵᠢᠨ ᠪᠣᠳᠣᠯᠭ᠎ᠠ᠂ ᠪᠡᠯᠡ ᠮᠥᠩᠭᠦ᠂ ᠲᠦᠰᠦᠯ ᠵᠡᠷᠭᠡ ᠣᠯᠠᠨ ᠲᠠᠯ᠎ᠠ᠎ᠠᠴᠠ ᠥᠪᠥᠷ ᠮᠣᠩᠭᠤᠯ᠎ᠤᠨ ᠣᠶ ᠰᠢᠭᠤᠢ ᠨᠤᠲᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠪᠡ᠃
      《ᠠᠷᠭ᠎ᠠ ᠬᠡᠮᠵᠢᠶ᠎ᠡ》᠎ᠨᠢ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ᠂ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠬᠤ᠂ ᠤᠯᠤᠰ᠎ᠤᠨ ᠴᠡᠴᠡᠷᠯᠢᠭ ᠵᠶ᠋ᠠᠷ ᠭᠤᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠬᠤ᠂ ᠤᠢ ᠰᠢᠭᠤᠢ ᠨᠤᠲᠤᠭ ᠪᠡᠯᠴᠢᠭᠡᠷ᠎ᠤᠨ ᠭᠠᠮᠰᠢᠭ᠎ᠢ ᠰᠡᠷᠭᠡᠶ᠋ᠢᠯᠡᠨ ᠬᠤᠷᠢᠭᠯᠠᠬᠤ ᠴᠢᠳᠠᠪᠤᠷᠢ ᠵᠢ ᠳᠡᠭᠡᠭᠰᠢᠯᠡᠭᠦᠯᠬᠦ᠂ ᠤᠳᠤ ᠦᠶ᠎ᠡ ᠵᠢᠨ ᠤᠢ ᠰᠢᠭᠤᠢ ᠨᠤᠲᠤᠭ ᠪᠡᠯᠴᠢᠭᠡᠷ᠎ᠤᠨ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠬᠦ᠂ ᠥᠭᠡᠷᠡᠴᠢᠯᠡᠯᠲᠡ ᠬᠥᠭᠵᠢᠯᠲᠡ ᠵᠢ ᠠᠬᠢᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠴᠢᠳᠠᠪᠤᠷᠢ ᠵᠢ ᠴᠢᠩᠭ᠋ᠠᠳᠬᠠᠬᠤ᠂ ᠬᠦᠴᠦᠨ ᠵᠦᠢ᠍ᠯ᠎ᠤᠨ ᠪᠠᠲᠤᠯᠠᠭ᠎ᠠ ᠲᠤᠯᠭ᠋ᠠᠭᠤᠷᠢᠯᠠᠯ᠎ᠢ ᠴᠢᠩᠭ᠋ᠠᠳᠬᠠᠬᠤ 8 ᠲᠠᠯ᠎ᠠ᠎ᠠᠴᠠ 24 ᠵᠤᠷᠪᠤᠰ ᠪᠣᠳᠠᠲᠠᠢ ᠠᠷᠭ᠎ᠠ ᠬᠡᠮᠵᠢᠶ᠎ᠡ ᠳᠤᠷᠠᠳᠤᠭᠰᠠᠨᠨ ᠪᠦᠭᠡᠳ ᠤᠢ ᠰᠢᠭᠤᠢ ᠨᠤᠲᠤᠭ ᠪᠡᠯᠴᠢᠭᠡᠷ᠎ᠤᠨ ᠬᠦᠷᠢᠶᠡᠨ᠎ᠤ ᠡᠯ᠎ᠡ ᠲᠠᠯ᠎ᠠ ᠵᠢ ᠬᠠᠮᠤᠷᠴᠠᠢ᠃ ᠥᠪᠥᠷ ᠮᠣᠩᠭᠤᠯ᠎ᠤᠨ 103 ᠬᠤᠰᠢᠭᠤ ᠰᠢᠶᠠᠨ (ᠬᠤᠲᠠ᠂ ᠲᠣᠭᠤᠷᠢᠭ)᠎ᠢ ᠪᠦᠬᠦᠨ᠎ᠢ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠦᠪᠵᠢᠭᠦᠯᠭᠡ ᠵᠢᠨ ᠬᠡᠪᠴᠢᠶᠡᠨ᠎ᠳᠤ ᠣᠷᠣᠭᠤᠯᠬᠤ ᠵᠢᠨ ᠬᠠᠮᠲᠤ᠂ ᠮᠠᠨ᠎ᠤ ᠣᠷᠣᠨ᠎ᠤ ᠨᠢᠭᠡ ᠪᠦᠯᠦᠭ ᠡᠯᠡᠰᠦ ᠵᠢ ᠰᠡᠷᠭᠡᠶ᠋ᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ᠎ᠤᠨ ᠴᠢᠬᠤᠯᠠ ᠶᠡᠭᠡ ᠲᠥᠰᠥᠯ᠎ᠢ ᠬᠡᠷᠡᠭᠵᠢᠭᠦᠯᠬᠦ ᠵᠢ ᠳᠡᠮᠵᠢᠵᠦ᠂ ᠮᠠᠨ᠎ᠤ ᠣᠷᠣᠨ᠎ᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠪᠠ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ ᠢᠯᠠᠯᠲᠠ ᠣᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠲᠣᠳᠣᠷᠬᠠᠢ ᠳᠤᠷᠠᠳᠪᠠ᠃ 《ᠳᠠᠪᠬᠤᠷ》 ᠢᠨᠵᠧᠨᠧᠷᠢᠩ᠎ᠢ ᠬᠠᠮᠵᠢᠯᠴᠠᠨ ᠠᠬᠢᠭᠤᠯᠵᠤ᠂ ᠪᠠᠶᠠᠨᠨᠠᠭᠤᠷ᠂ ᠣᠷᠳᠣᠰ᠂ ᠠᠯᠠᠱ᠌ᠠ ᠵᠡᠷᠭᠡ ᠭᠠᠵᠠᠷ᠎ᠲᠤ ᠨᠢᠭᠡ ᠪᠦᠯᠦᠭ ᠭᠡᠷᠡᠯ ᠴᠡᠨᠡᠭ ᠵᠶ᠋ᠠᠷ ᠡᠯᠡᠰᠦ ᠵᠢ ᠵᠠᠰᠠᠬᠤ ᠰᠠᠭᠤᠷᠢᠨ ᠭᠠᠵᠠᠷ ᠪᠠᠶ᠋ᠢᠭᠤᠯᠬᠤ ᠵᠢ ᠳᠡᠮᠵᠢᠵᠦ᠂ 《ᠭᠡᠷᠡᠯ ᠴᠡᠨᠡᠭ +》 ᠵᠠᠭᠪᠤᠷ᠎ᠢ ᠳᠡᠯᠭᠡᠷᠡᠭᠦᠯᠬᠦ ᠬᠡᠷᠡᠭᠲᠡᠢ ᠭᠡᠵᠦ ᠳᠤᠷᠠᠳᠪᠠ᠃ ᠤᠯᠠᠭ᠋ᠠᠨᠰᠤᠬᠠᠢ᠂ ᠳᠠᠭ᠎ᠠ ᠵᠢᠨ ᠨᠠᠭᠤᠷ᠂ ᠬᠥᠯᠥᠨ ᠨᠠᠭᠤᠷ ᠵᠢᠴᠢ ᠴᠠᠭ᠋ᠠᠨᠨᠠᠭᠤᠷ ᠵᠡᠷᠭᠡ ᠭᠤᠣᠯᠳᠠᠯᠭ᠎ᠠ᠎ᠲᠠᠢ ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠬᠦ᠂ ᠠᠯᠠᠱ᠌ᠠ ᠠᠭᠤᠯᠠ᠂ ᠳᠠᠯᠠᠨ ᠬᠠᠷ᠎ᠠ ᠠᠭᠤᠯᠠ ᠵᠡᠷᠭᠡ ᠤᠯᠤᠰ᠎ᠤᠨ ᠴᠡᠴᠡᠷᠯᠢᠭ᠎ᠢ ᠪᠠᠶ᠋ᠢᠭᠤᠯᠬᠤ᠂ ᠤᠯᠤᠰ᠎ᠤᠨ ᠣᠶ ᠰᠢᠭᠤᠢ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠤᠯᠤᠰ᠎ᠤᠨ ᠣᠶ ᠰᠢᠭᠤᠢ ᠵᠢᠨ ᠭᠤᠣᠯᠳᠠᠯᠭ᠎ᠠ᠎ᠲᠠᠢ ᠬᠥᠲᠥᠴᠢ ᠠᠵᠤ ᠠᠬᠤᠶ᠋ᠢᠯᠠᠯ ᠪᠠ ᠤᠯᠤᠰ᠎ᠤᠨ ᠣᠶ ᠰᠢᠭᠤᠢ ᠵᠢᠨ ᠬᠤᠷᠮᠣᠢ ᠵᠢᠨ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠠᠶ᠋ᠢᠭᠤᠯᠬᠤ ᠵᠢ ᠳᠡᠮᠵᠢᠬᠦ ᠬᠡᠷᠡᠭᠲᠡᠢ᠃ ᠪᠠᠰᠠ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠤᠨ ᠰᠤᠳᠤᠯᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠣᠶ ᠰᠢᠭᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠡᠷᠭᠡ ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠎ᠨᠤᠭᠤᠳ᠎ᠢ ᠤᠷᠢᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠢ ᠲᠣᠮᠢᠯᠠᠨ ᠬᠡᠰᠡᠭ ᠳᠠᠭ᠋ᠠᠭ᠋ᠠᠴᠢᠯᠠᠨ᠂ ᠴᠡᠭ ᠳᠠᠭ᠋ᠠᠭ᠋ᠠᠴᠢᠯᠠᠨ ᠠᠵᠢᠯᠯᠠᠬᠤ ᠵᠢᠯᠣᠭᠤᠳᠤᠯᠭ᠎ᠠ ᠥᠷᠨᠢᠭᠦᠯᠵᠦ᠂ ᠦᠨᠳᠦᠰᠦᠨ ᠱᠠᠲᠤᠨ᠎ᠤ ᠮᠡᠷᠭᠡᠵᠢᠯ᠎ᠤᠨ ᠠᠵᠢᠯᠲᠠᠨ᠎ᠤ ᠴᠢᠳᠠᠪᠤᠷᠢ ᠵᠢᠨ ᠳᠡᠭᠡᠭᠰᠢᠯᠡᠯᠲᠡ ᠵᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃
      《〈ᠠᠷᠭ᠎ᠠ ᠬᠡᠮᠵᠢᠶ᠎ᠡ〉᠎ᠨᠢ ᠨᠢᠭᠡ ᠪᠦᠯᠦᠭ ᠲᠥᠰᠥᠯ᠎ᠢ ᠦᠨᠡᠨ ᠬᠦ᠌ ᠳᠡᠮᠵᠢᠵᠦ᠂ ᠨᠢᠭᠡ ᠪᠦᠯᠦᠭ ᠲᠦᠷᠦ ᠵᠢᠨ ᠪᠣᠳᠣᠯᠭ᠎ᠠ ᠣᠯᠭᠤᠬᠤ ᠵᠢᠨ ᠬᠠᠮᠲᠤ ᠮᠠᠨ᠎ᠤ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠬᠠᠮᠢᠶᠠᠷᠤᠯᠲᠠ᠂ ᠠᠵᠤ ᠦᠢ᠍ᠯᠡᠰ᠎ᠤᠨ ᠬᠥᠭᠵᠢᠯᠲᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨᠡᠴᠢᠯᠡᠯᠲᠡ ᠵᠡᠷᠭᠡ ᠠᠵᠢᠯ᠎ᠤᠨ ᠳᠤᠮᠳᠠᠬᠢ ᠬᠢᠵᠠᠭ᠋ᠠᠷᠯᠠᠯ᠎ᠤᠳ᠎ᠢ ᠴᠢᠩᠭ᠎ᠠ ᠠᠩᠬᠠᠷᠴᠤ᠂ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠲᠣᠭᠲᠠᠭ᠋ᠠᠨ᠂ ᠮᠠᠨ᠎ᠤ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠬᠦᠴᠢᠷᠳᠡᠯ᠂ ᠲᠦᠭᠵᠢᠷᠡᠯ᠂ ᠪᠡᠷᠬᠡᠰᠢᠶᠡᠯ᠎ᠢ ᠬᠦᠴᠦᠯᠡᠨ ᠰᠢᠢ᠍ᠳᠪᠦᠷᠢᠯᠡᠪᠡ᠃ ᠳᠠᠷᠠᠭ᠋ᠠᠴᠢ᠎ᠪᠠᠷ᠂ ᠪᠢᠳᠡ ᠲᠦᠷᠦ ᠵᠢᠨ ᠪᠣᠳᠣᠯᠭ᠎ᠠ ᠵᠢ ᠵᠣᠯᠭ᠋ᠠᠭᠤᠯᠬᠤ ᠵᠢ ᠨᠠᠷᠢᠨ ᠬᠢᠨᠠᠮᠠᠭ᠋ᠠᠢ ᠰᠠᠶ᠋ᠢᠲᠤᠷ ᠬᠢᠵᠦ᠂ ᠵᠤᠷᠪᠤᠰ ᠳᠠᠷᠠᠭ᠋ᠠᠯᠠᠨ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠨᠢᠭᠡ ᠪᠦᠷᠢ ᠵᠢ ᠮᠠᠨ᠎ᠤ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ᠎ᠪᠠᠷ ᠴᠢᠷᠮᠠᠶ᠋ᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠬᠡᠯᠡᠪᠡ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠴᠢᠭ᠋᠎ᠤᠨ ᠠᠵᠢᠯ᠎ᠢ ᠡᠬᠢᠯᠡᠭᠦᠯᠪᠡ
ᠮᠠᠨ᠎ᠤ ᠤᠷᠤᠨ᠎ᠤ ᠨᠤᠭᠤᠭ᠋ᠠᠷᠠᠭᠤᠯᠤᠭᠰᠠᠨ ᠭᠠᠵᠠᠷ ᠨᠤᠲᠤᠭ᠎ᠤᠨ ᠲᠠᠯᠠᠪᠠᠢ ᠲᠠᠰᠤᠷᠠᠯᠲᠠ ᠦᠭᠡᠢ ᠦᠷᠭᠡᠵᠢᠪᠡ
ᠥᠪᠥᠷ ᠮᠣᠩᠭᠤᠯ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠴᠢᠬᠤᠯᠠ ᠨᠤᠭᠤ ᠭᠠᠵᠠᠷ 4 ᠨᠡᠮᠡᠭᠳᠡᠪᠡ
ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠴᠡᠭ᠎ᠤᠨ ᠠᠵᠢᠯ ᠡᠬᠢᠯᠡᠪᠡ
ᠤᠯᠠᠭ᠋ᠠᠨᠬᠠᠳᠠ ᠬᠤᠲᠠ᠎ᠳᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠨᠤᠭᠤ ᠭᠠᠵᠠᠷ ᠨᠢᠭᠡ ᠨᠡᠮᠡᠭᠳᠡᠪᠡ
 
             蒙ICP备05000248号