1 ᠰᠠᠷ᠎ᠠ ᠵᠢᠨ 2᠎ᠤᠨ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠴᠢᠭ᠋᠎ᠤᠨ ᠠᠵᠢᠯ᠎ᠤᠨ ᠡᠬᠢᠯᠡᠯᠲᠡ ᠵᠢᠨ ᠬᠤᠷᠠᠯ ᠬᠥᠬᠡᠬᠤᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠸᠠᠩ ᠵᠣᠣ ᠱᠧᠩ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ (ᠲᠣᠪᠴᠢᠶᠠᠨ ᠳᠠᠷᠤᠭ᠎ᠠ) ᠭᠦᠸᠧ ᠵᠠᠨ ᠵᠢᠶᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠭᠤᠣᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ ᠭᠤᠣᠯ ᠬᠠᠷᠢᠭᠤᠴᠠᠯᠭ᠋ᠠᠲᠠᠨ᠂ ᠬᠠᠮᠢᠶ᠎ᠠ ᠪᠦᠬᠦᠢ ᠨᠢᠭᠡᠴᠡ ᠵᠢᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭ᠋ᠠᠲᠠᠨ᠂ ᠲᠤᠷᠰᠢᠯᠲᠠ ᠵᠢᠨ ᠴᠢᠭ᠋᠎ᠤᠨ ᠬᠤᠰᠢᠭᠤ ᠰᠢᠶᠠᠨ᠎ᠤ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠪᠦᠷᠢᠯᠳᠦᠭᠦᠨ ᠨᠢᠭᠡᠴᠡ ᠵᠢᠨ ᠭᠤᠣᠯ ᠬᠠᠷᠢᠭᠤᠴᠠᠯᠭ᠋ᠠᠲᠠᠨ᠎ᠨᠢ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃

ᠡᠬᠢᠯᠡᠯᠲᠡ ᠵᠢᠨ ᠬᠤᠷᠠᠯ᠎ᠨᠢ ᠶᠡᠷᠦᠩᠬᠡᠢ ᠱᠦᠵᠢ ᠰᠢ ᠵᠢᠨ ᠫᠢᠩ᠎ᠤᠨ 《ᠥᠪᠥᠷ ᠮᠣᠩᠭᠤᠯ᠎ᠤᠨ ᠲᠠᠯ᠎ᠠ ᠨᠤᠲᠤᠭ ᠨᠢᠭᠡᠨᠲᠡ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠵᠠᠢ᠂ ᠠᠮᠤᠷᠵᠢᠭᠤᠯᠤᠨ ᠲᠡᠩᠬᠡᠷᠡᠭᠦᠯᠬᠦ ᠵᠢ ᠠᠩᠬᠠᠷᠬᠤ ᠬᠡᠷᠡᠭᠲᠡᠢ》 ᠭᠡᠰᠡᠨ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠴᠢᠭ᠋᠎ᠤᠨ ᠲᠥᠰᠥᠯ》᠎ᠳᠠᠬᠢ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠂ ᠨᠠᠷᠢᠨ ᠨᠢᠮᠪᠠᠢ ᠨᠠᠶ᠋ᠢᠳᠠᠪᠤᠷᠢᠵᠢᠭᠤᠯᠵᠤ᠂ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ᠎ᠪᠠᠷ ᠵᠣᠷᠢᠯᠭ᠎ᠠ ᠪᠣᠯᠭ᠋ᠠᠭᠰᠠᠨ ᠶᠤᠮ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠤᠨ ᠳᠡᠳ᠋ ᠳᠠᠷᠤᠭ᠎ᠠ ᠵᠣᠣ ᠢᠦᠢ ᠱᠧᠩ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠴᠧᠨ ᠶᠦᠩ ᠴᠢᠤᠸᠠᠨ ᠲᠣᠰ ᠲᠣᠰ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠴᠢᠭ᠋᠎ᠤᠨ ᠲᠥᠰᠥᠯ》᠎ᠤᠨ ᠲᠣᠭᠲᠠᠭ᠋ᠠᠯ ᠶᠣᠰᠣᠭ᠋ᠠᠷ᠂ ᠲᠦᠷᠦᠭᠦᠯᠡᠨ ᠬᠢᠬᠦ ᠡᠭᠦᠷᠭᠡ ᠵᠢᠨ ᠠᠭᠤᠯᠭ᠎ᠠ ᠵᠢᠨ ᠲᠤᠬᠠᠢ ᠨᠠᠷᠢᠨ ᠲᠠᠶ᠋ᠢᠯᠤᠮᠵᠢ ᠬᠢᠪᠡ᠃ 《ᠲᠤᠷᠰᠢᠯᠲᠠ ᠵᠢᠨ ᠲᠥᠰᠥᠯ》᠎ᠳᠤ ᠨᠡᠶ᠋ᠢᠲᠡ 5 ᠲᠠᠯ᠎ᠠ 17 ᠵᠦᠢ᠍ᠯ᠎ᠤᠨ ᠪᠣᠳᠠᠲᠠᠢ ᠡᠭᠦᠷᠭᠡ᠎ᠲᠠᠢ ᠬᠤᠯᠪᠣᠭᠳᠠᠵᠤ᠂ ᠡᠭᠦᠨ᠎ᠳᠤ ᠣᠶ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ ᠲᠦᠷᠦᠭᠦᠯᠡᠬᠦ ᠡᠭᠦᠷᠭᠡ 5 ᠵᠦᠢ᠍ᠯ᠂ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠨ ᠲᠦᠷᠦᠭᠦᠯᠡᠬᠦ ᠡᠭᠦᠷᠭᠡ 12 ᠵᠦᠢ᠍ᠯ ᠪᠣᠯᠤᠨ᠎ᠠ᠃ ᠭᠦᠸᠧ ᠵᠠᠨ ᠵᠢᠶᠠᠩ ᠵᠢᠭ᠋ᠠᠵᠤ ᠭᠠᠷᠭ᠋ᠠᠭᠰᠠᠨ᠎ᠨᠢ᠂ ᠨᠡᠩ ᠥᠨᠳᠥᠷ ᠵᠣᠭᠰᠣᠴᠠ᠂ ᠨᠡᠩ ᠴᠢᠩᠭ᠎ᠠ ᠡᠭᠦᠷᠭᠡᠯᠡᠯ ᠵᠶ᠋ᠠᠷ ᠲᠤᠷᠰᠢᠯᠲᠠ ᠵᠢᠨ ᠴᠢᠭ᠋᠎ᠤᠨ ᠲᠥᠰᠥᠯ᠎ᠤᠨ ᠨᠠᠶ᠋ᠢᠳᠠᠪᠤᠷᠢᠵᠢᠭᠤᠯᠤᠯᠲᠠ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠢ᠃ ᠪᠦᠬᠦ ᠣᠷᠣᠨ ᠵᠶ᠋ᠠᠷ ᠵᠶ᠋ᠠᠨ 《ᠲᠤᠷᠰᠢᠯᠲᠠ ᠵᠢᠨ ᠴᠢᠭ᠋᠎ᠤᠨ ᠲᠥᠰᠥᠯ》᠎ᠢ ᠨᠡᠶ᠋ᠢᠲᠡᠯᠡᠭᠰᠡᠨ᠎ᠤ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠨᠳᠥᠷ ᠬᠠᠷᠢᠭᠤᠴᠠᠯᠭ᠎ᠠ ᠡᠭᠦᠷᠭᠡᠯᠡᠬᠦ ᠪᠠ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠲᠤᠷᠰᠢᠯᠲᠠ ᠵᠢᠨ ᠴᠢᠭ᠋᠎ᠤᠨ ᠲᠥᠰᠥᠯ᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ; ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠠᠮᠢ ᠠᠬᠤᠢ᠂ ᠦᠢ᠍ᠯᠡᠳᠪᠦᠷᠢᠯᠡᠯ᠂ ᠠᠮᠢᠳᠤᠷᠠᠯ᠎ᠤᠨ ᠵᠣᠬᠢᠴᠠᠩᠭᠤᠢ ᠬᠥᠭᠵᠢᠯᠲᠡ ᠵᠢ ᠪᠡᠶᠡᠯᠡᠭᠦᠯᠬᠦ ᠬᠡᠷᠡᠭᠲᠡᠢ᠃ ᠬᠠᠰᠢᠶᠠᠯᠠᠨ ᠲᠡᠵᠢᠭᠡᠬᠦ ᠵᠢ ᠶᠡᠬᠡᠪᠡᠷ ᠬᠥᠭᠵᠢᠭᠦᠯᠵᠦ᠂ ᠲᠡᠵᠢᠭᠡᠯ ᠡᠪᠡᠰᠦ ᠪᠣᠷᠳᠤᠭ᠎ᠠ ᠵᠢᠨ ᠬᠠᠩᠭ᠋ᠠᠯᠭ᠎ᠠ ᠵᠢᠨ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠂ ᠮᠠᠯᠵᠢᠬᠤ ᠣᠷᠣᠨ᠎ᠳᠤ ᠪᠡᠯᠴᠢᠭᠡᠷ᠎ᠢ ᠬᠠᠭ᠋ᠠᠯᠪᠤᠷᠢᠯᠠᠬᠤ ᠦᠭᠡᠢ᠎ᠪᠠᠷ ᠨᠥᠬᠦᠵᠦ ᠳᠠᠷᠢᠬᠤ ᠵᠡᠷᠭᠡ ᠰᠠᠶ᠋ᠢᠵᠢᠷᠠᠭᠤᠯᠬᠤ ᠮᠡᠷᠭᠡᠵᠢᠯ ᠵᠶ᠋ᠠᠷ ᠳᠠᠮᠵᠢᠭᠤᠯᠤᠨ ᠨᠤᠲᠤᠭ ᠪᠡᠯᠴᠢᠭᠡᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠳᠡᠭᠡᠭᠰᠢᠯᠡᠭᠦᠯᠵᠦ᠂ ᠪᠠᠶ᠋ᠢᠭ᠋ᠠᠯᠢ ᠵᠢᠨ ᠬᠠᠳᠤᠯᠠᠩ ᠪᠡᠯᠴᠢᠭᠡᠷ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠤᠨ ᠢᠳᠡᠵᠦ ᠪᠣᠯᠬᠤ ᠡᠪᠡᠰᠦ ᠪᠡᠯᠴᠢᠭᠡᠷ᠎ᠤᠨ ᠬᠠᠳᠠᠭ᠋ᠠᠯᠠᠭᠳᠠᠴᠠ ᠵᠢ ᠳᠡᠭᠡᠭᠰᠢᠯᠡᠬᠦᠯᠬᠦ ᠬᠡᠷᠡᠭᠲᠡᠢ᠃ ᠬᠠᠭ᠋ᠠᠰ ᠲᠠᠷᠢᠶᠠᠯᠠᠬᠤ ᠬᠠᠭ᠋ᠠᠰ ᠮᠠᠯᠵᠢᠬᠤ ᠣᠷᠣᠨ ᠲᠠᠷᠢᠶᠠᠯᠠᠭ᠎ᠠ ᠵᠢ ᠵᠣᠭᠰᠣᠭ᠋ᠠᠵᠤ ᠬᠠᠭ᠋ᠠᠯᠪᠤᠷᠢᠯᠠᠭᠰᠠᠨ ᠨᠤᠲᠤᠭ ᠪᠡᠯᠴᠢᠭᠡᠷ ᠪᠠ ᠤᠰᠤ ᠢᠯᠴᠢ ᠵᠢᠨ ᠨᠥᠬᠦᠴᠡᠯ ᠵᠶ᠋ᠠᠷ ᠨᠡᠯᠢᠶᠡᠳ ᠰᠠᠶ᠋ᠢᠨ ᠨᠤᠲᠤᠭ ᠪᠡᠯᠴᠢᠭᠡᠷ᠎ᠢ ᠠᠰᠢᠭᠯᠠᠨ ᠣᠯᠠᠨ ᠨᠠᠰᠤᠲᠤ ᠲᠠᠷᠢᠮᠠᠯ ᠪᠡᠯᠴᠢᠭᠡᠷ᠎ᠢ ᠪᠦᠲᠦᠭᠡᠨ ᠪᠠᠶ᠋ᠢᠭᠤᠯᠵᠤ᠂ ᠵᠣᠬᠢᠬᠤ ᠬᠡᠪᠴᠢᠶᠡᠲᠦ ᠡᠵᠡᠩᠨᠡᠯᠲᠡ ᠵᠢ ᠬᠦᠭᠵᠢᠬᠦᠯᠬᠦ ᠬᠡᠷᠡᠭᠲᠡᠢ᠃ ᠲᠠᠷᠢᠶᠠᠯᠠᠬᠤ ᠣᠷᠣᠨ᠎ᠨᠢ ᠲᠠᠷᠢᠶᠠᠯᠠᠭ᠎ᠠ ᠵᠢ ᠵᠣᠭᠰᠣᠭ᠋ᠠᠵᠤ ᠡᠪᠡᠰᠦ ᠪᠡᠯᠴᠢᠭᠡᠷ᠎ᠢ ᠰᠡᠷᠭᠦᠭᠡᠬᠦ᠂ ᠡᠪᠡᠰᠦ ᠲᠠᠷᠢᠶ᠎ᠠ ᠵᠢ ᠡᠭᠡᠯᠵᠢᠯᠡᠨ ᠳᠠᠷᠢᠬᠤ ᠵᠡᠷᠭᠡ ᠠᠵᠢᠯ᠎ᠲᠠᠢ ᠤᠶᠠᠯᠳᠤᠭᠤᠯᠤᠨ᠂ ᠲᠠᠷᠢᠮᠠᠯ ᠪᠡᠯᠴᠢᠭᠡᠷ᠎ᠢ ᠶᠡᠬᠡᠪᠡᠷ ᠬᠥᠭᠵᠢᠭᠦᠯᠵᠦ᠂ ᠨᠤᠭᠤᠭ᠋ᠠᠨ ᠳᠠᠷᠤᠰᠢ ᠵᠢᠨ ᠡᠷᠳᠡᠨᠢ ᠰᠢᠰᠢ ᠵᠢᠨ ᠦᠢ᠍ᠯᠡᠳᠪᠦᠷᠢᠯᠡᠯ᠎ᠤᠨ ᠨᠥᠭᠡᠴᠡᠯᠡᠬᠦ ᠴᠢᠳᠠᠪᠤᠷᠢ ᠵᠢ ᠳᠡᠭᠡᠭᠰᠢᠯᠡᠭᠦᠯᠦᠨ᠂ ᠡᠰᠢ ᠰᠦᠷᠡᠯ ᠵᠡᠷᠭᠡ ᠠᠮᠤ ᠪᠤᠳᠠᠭ᠋ᠠᠨ᠎ᠤ ᠪᠤᠰᠤ ᠲᠡᠵᠢᠭᠡᠯ ᠪᠣᠷᠳᠣᠭ᠋ᠠᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ ᠠᠰᠢᠭᠯᠠᠬᠤ ᠵᠢ ᠠᠬᠢᠭᠤᠯᠵᠤ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠵᠢ ᠬᠦᠭᠵᠢᠬᠦᠯᠬᠦ ᠬᠡᠷᠡᠭᠲᠡᠢ; ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠨᠠᠶ᠋ᠢᠳᠠᠪᠤᠷᠢᠵᠢᠭᠤᠯᠤᠯᠲᠠ ᠵᠢ ᠲᠡᠷᠡ ᠶᠣᠰᠣᠭ᠋ᠠᠷ᠎ᠨᠢ ᠴᠢᠩᠭ᠎ᠠ ᠠᠳᠬᠤᠬᠤ ᠬᠡᠷᠡᠭᠲᠡᠢ᠃ ᠪᠦᠬᠦ ᠣᠷᠣᠨ ᠵᠶ᠋ᠠᠷ ᠵᠶ᠋ᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠦᠴᠦ᠎ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠰᠡᠳᠬᠢᠯ ᠳᠣᠲᠣᠷ᠎ᠠ᠎ᠪᠠᠨ ᠲᠤᠭ᠎ᠠ᠎ᠲᠠᠢ᠂ ᠭᠠᠷ᠎ᠲᠠᠭᠠᠨ ᠠᠷᠭ᠎ᠠ᠎ᠲᠠᠢ ᠪᠠᠶ᠋ᠢᠬᠤ ᠬᠡᠷᠡᠭᠲᠡᠢ᠃ ᠭᠤᠣᠯᠳᠠᠯᠭ᠎ᠠ᠎ᠲᠠᠢ ᠡᠭᠦᠷᠭᠡ ᠵᠢ ᠪᠥᠬᠦ ᠲᠠᠯ᠎ᠠ᠎ᠪᠠᠷ ᠨᠠᠷᠢᠯᠢᠭᠵᠢᠭᠤᠯᠤᠨ ᠵᠠᠳᠠᠯᠵᠤ᠂ ᠨᠠᠷᠢᠨ ᠲᠠᠩᠰᠠᠴᠢᠯᠠᠭᠰᠠᠨ᠂ ᠲᠥᠷᠥᠯ ᠵᠦᠶᠯᠴᠢᠯᠡᠭᠰᠡᠨ ᠬᠠᠮᠢᠶᠠᠷᠤᠯᠲᠠ᠂ ᠡᠯᠭᠦᠭᠡ ᠵᠢᠷᠤᠭ ᠵᠶ᠋ᠠᠷ ᠪᠠᠶ᠋ᠢᠯᠳᠤᠭ᠋ᠠᠨ ᠬᠢᠬᠦ᠂ ᠬᠦᠰᠦᠨᠦᠭᠲᠦ᠎ᠪᠠᠷ ᠲᠦᠯᠬᠢᠨ ᠠᠬᠢᠭᠤᠯᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠯᠲᠠ ᠬᠢᠬᠦ ᠵᠢ ᠬᠡᠷᠡᠭᠵᠢᠭᠦᠯᠵᠦ᠂ ᠵᠢᠯ᠎ᠤᠨ ᠡᠴᠦᠰ᠎ᠤᠨ ᠡᠯ᠎ᠡ ᠵᠦᠢ᠍ᠯ᠎ᠤᠨ ᠡᠭᠦᠷᠭᠡ᠎ᠳᠤ ᠴᠥᠮ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠮᠠᠯ ᠠᠵᠤ ᠠᠬᠤᠢ ᠵᠢᠨ ᠰᠠᠶ᠋ᠢᠨ ᠨᠥᠬᠦᠪᠦᠷᠢ᠂ ᠠᠯᠠᠰᠢᠨ ᠦᠬᠡᠷ᠎ᠤᠨ ᠰᠦᠷᠦᠭᠵᠢᠯ᠎ᠢ ᠥᠷᠭᠡᠳᠬᠡᠨ ᠨᠡᠮᠡᠭᠳᠡᠭᠦᠯᠬᠦ᠂ ᠠᠮᠤ ᠪᠤᠳᠠᠭ᠎ᠠ ᠵᠢ ᠪᠣᠷᠳᠤᠭ᠎ᠠ ᠪᠣᠯᠭ᠋ᠠᠨ ᠥᠭᠡᠷᠡᠴᠢᠯᠡᠬᠦ᠂ ᠲᠡᠵᠢᠭᠡᠨ ᠦᠷᠡᠵᠢᠭᠦᠯᠬᠦ ᠲᠠᠯᠠᠪᠠᠶ ᠵᠢ ᠳᠡᠭᠡᠭᠰᠢᠯᠡᠭᠦᠯᠦᠨ ᠥᠭᠡᠷᠡᠴᠢᠯᠡᠬᠦ᠂ ᠲᠡᠵᠢᠭᠡᠯ ᠡᠪᠡᠰᠦ ᠳᠠᠷᠢᠬᠤ᠂ ᠠᠵᠤ ᠦᠢ᠍ᠯᠡᠰ᠎ᠤᠨ ᠬᠦᠷᠢᠶᠡᠯᠡᠩ᠂ ᠠᠵᠤ ᠦᠢ᠍ᠯᠡᠰ᠎ᠤᠨ ᠪᠦᠯᠦᠭᠯᠡᠯ᠂ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠡᠷᠭᠡ ᠡᠯ᠎ᠡ ᠲᠥᠷᠥᠯ᠎ᠤᠨ ᠡᠳ᠋᠎ᠤᠨ ᠵᠠᠰᠠᠭ᠎ᠤᠨ ᠲᠤᠰᠬᠠᠢ ᠲᠥᠷᠥᠯ᠎ᠤᠨ ᠪᠡᠯᠡ ᠮᠥᠩᠭᠦ ᠪᠠ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠡᠷᠡᠭᠯᠡᠵᠦ᠂ ᠲᠠᠯ᠎ᠠ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ᠎ᠳᠤ ᠦᠵᠡᠭᠦᠯᠬᠦ ᠳᠡᠮᠵᠢᠯᠭᠡ᠎ᠪᠠᠨ ᠨᠡᠮᠡᠭᠳᠡᠭᠦᠯᠬᠦ ᠬᠡᠷᠡᠭᠲᠡᠢ ᠭᠡᠪᠡ᠃ ᠸᠠᠩ ᠵᠤᠤ ᠱᠧᠩ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ᠎ᠢ ᠠᠮᠠᠷᠠᠭᠤᠯᠬᠤ ᠠᠵᠢᠯ᠎ᠢ ᠨᠢᠭᠡ ᠵᠦᠢ᠍ᠯ᠎ᠤᠨ ᠭᠤᠣᠯᠳᠠᠯᠭ᠎ᠠ᠎ᠲᠠᠢ ᠠᠵᠢᠯ ᠪᠣᠯᠭ᠋ᠠᠨ ᠢᠮᠠᠭᠲᠠ ᠴᠥᠬᠦᠷᠡᠰᠢ ᠦᠭᠡᠢ ᠠᠳᠬᠤᠵᠤ᠂ ᠢᠯᠡᠳᠲᠡ ᠦᠷ᠎ᠡ ᠪᠦᠲᠦᠮᠵᠢ ᠣᠯᠵᠠᠢ᠃ ᠭᠡᠪᠡᠴᠦ ᠪᠥᠬᠦ ᠣᠷᠣᠨ᠎ᠤ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠵᠢ ᠬᠠᠷᠠᠬᠠᠨ ᠦᠨᠳᠦᠰᠦᠨ᠎ᠠᠴᠠ᠎ᠨᠢ ᠰᠢᠢ᠍ᠳᠪᠦᠷᠢᠯᠡᠵᠦ ᠳᠡᠶ᠋ᠢᠯᠦᠭᠡᠳᠦᠢ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ᠎ᠢ ᠠᠮᠠᠷᠠᠭᠤᠯᠬᠤ ᠠᠵᠢᠯ᠎ᠳᠤ ᠪᠠᠰᠠ ᠳᠤᠲᠠᠭᠤᠳᠠᠯ ᠪᠠ ᠳᠤᠲᠠᠭᠳᠠᠯ᠎ᠲᠠᠢ ᠪᠠᠶ᠋ᠢᠵᠤ᠂ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠪᠦᠲᠦᠮᠵᠢᠲᠡᠶ ᠠᠷᠭ᠎ᠠ ᠵᠠᠮ᠎ᠢ ᠰᠦᠪᠡᠭᠴᠢᠯᠡᠬᠦ ᠪᠠ ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠠᠰᠢᠭᠲᠠᠢ ᠵᠠᠭᠪᠤᠷ᠎ᠤᠨ ᠲᠠᠯ᠎ᠠ᠎ᠪᠠᠷ ᠵᠣᠷᠢᠭᠲᠠᠢ᠎ᠪᠠᠷ ᠰᠢᠨ᠎ᠡ ᠵᠢ ᠡᠭᠦᠳᠴᠦ᠂ ᠰᠡᠳᠦᠪ᠎ᠢ ᠡᠪᠳᠡᠨ ᠰᠡᠳᠦᠪ᠎ᠢ ᠰᠢᠢ᠍ᠳᠪᠦᠷᠢᠯᠡᠬᠦ ᠶᠠᠪᠤᠳᠠᠯ ᠲᠤᠯᠭ᠋ᠠᠮ᠎ᠠ ᠱᠠᠭ᠋ᠠᠷᠳᠠᠭᠳᠠᠵᠤ ᠪᠠᠶ᠋ᠢᠨ᠎ᠠ᠃ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠲᠤᠷᠰᠢᠯᠲᠠ ᠵᠢᠨ ᠴᠢᠭ᠋᠎ᠤᠨ ᠠᠵᠢᠯ᠎ᠢ ᠨᠢᠭᠡᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠨ ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠠᠶ᠋ᠢᠮᠠᠭ ᠬᠤᠲᠠ ᠪᠣᠯᠣᠨ ᠲᠤᠷᠰᠢᠯᠲᠠ ᠵᠢᠨ ᠴᠢᠭ᠋᠎ᠤᠨ ᠬᠤᠰᠢᠭᠤ ᠰᠢᠶᠠᠨ᠎ᠨᠤᠭᠤᠳ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠠᠮ ᠵᠠᠰᠠᠭ᠎ᠤᠨ ᠭᠤᠣᠯ ᠬᠠᠷᠢᠭᠤᠴᠠᠯᠭ᠋ᠠᠲᠠᠨ ᠨᠥᠬᠦᠳ ᠪᠡᠶ᠎ᠡ᠎ᠪᠠᠷ ᠵᠶ᠋ᠠᠨ ᠣᠷᠣᠯᠴᠠᠵᠤ᠂ ᠡᠮᠦᠨᠡᠰᠢ᠎ᠪᠠᠨ ᠵᠢᠯᠤᠭᠤᠳᠴᠤ᠂ ᠡᠯ᠎ᠡ ᠲᠠᠯ᠎ᠠ ᠵᠢᠨ ᠬᠦᠴᠦᠨ᠎ᠢ ᠢᠳᠡᠪᠬᠢᠲᠡᠢ ᠵᠣᠬᠢᠴᠠᠭᠤᠯᠤᠨ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠨᠠᠷᠢᠯᠢᠭ ᠨᠠᠶ᠋ᠢᠳᠠᠪᠤᠷᠢᠵᠢᠭᠤᠯᠤᠨ᠂ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠮᠠᠯ ᠪᠡᠯᠴᠢᠭᠡᠷ᠎ᠤᠨ ᠲᠡᠩᠴᠡᠭᠦᠷᠢ ᠵᠢᠨ ᠵᠢᠭ᠋ᠠᠯᠲᠠ ᠲᠤᠭ᠎ᠠ ᠵᠢ ᠦᠨᠡᠨᠬᠦ 10% ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠲᠤᠷᠰᠢᠯᠲᠠ ᠵᠢᠨ ᠴᠢᠭ᠋᠎ᠤᠨ ᠡᠭᠦᠷᠭᠡ ᠵᠢ ᠴᠢᠨᠠᠷ ᠰᠠᠶ᠋ᠢᠲᠠᠢ ᠪᠡᠶᠡᠯᠡᠭᠦᠯᠬᠦ ᠵᠢ ᠦᠨᠡᠨᠬᠦ ᠪᠠᠲᠤᠯᠠᠵᠤ᠂ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ᠂ ᠥᠪᠥᠷ ᠮᠣᠩᠭᠤᠯ᠎ᠤᠨ ᠲᠠᠯ᠎ᠠ ᠨᠤᠲᠤᠭ᠎ᠤᠨ ᠮᠠᠯᠵᠢᠬᠤ ᠣᠷᠣᠨ᠎ᠤ ᠬᠥᠭᠵᠢᠯᠲᠡ ᠵᠢᠨ ᠪᠣᠳᠠᠲᠤ ᠪᠠᠶ᠋ᠢᠳᠠᠯ᠎ᠳᠤ ᠨᠡᠶ᠋ᠢᠴᠡᠬᠦ ᠠᠮᠵᠢᠯᠲᠠ᠎ᠲᠠᠢ ᠲᠤᠷᠰᠢᠯᠭ᠎ᠠ ᠪᠠ ᠵᠠᠭᠪᠤᠷ᠎ᠢ ᠠᠭᠤᠳᠠᠯᠤᠨ ᠳ᠋ᠦᠩᠨᠡᠬᠦ ᠬᠡᠷᠡᠭᠲᠡᠢ; ᠠᠵᠢᠯ᠎ᠢ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠵᠤ᠂ ᠲᠤᠷᠰᠢᠯᠲᠠ ᠵᠢᠨ ᠴᠢᠭ᠋᠎ᠤᠨ ᠠᠵᠢᠯ᠎ᠢ ᠪᠤᠰᠤᠳ ᠭᠤᠣᠯᠳᠠᠯᠭ᠎ᠠ᠎ᠲᠠᠢ ᠠᠵᠢᠯ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠵᠣᠬᠢᠴᠠᠩᠭᠤᠢ᠎ᠪᠠᠷ ᠲᠦᠯᠬᠢᠨ ᠠᠬᠢᠭᠤᠯᠬᠤ ᠬᠡᠷᠡᠭᠲᠡᠢ᠃ ᠲᠤᠷᠰᠢᠯᠲᠠ ᠵᠢᠨ ᠴᠢᠭ᠋᠎ᠤᠨ ᠬᠤᠰᠢᠭᠤ ᠰᠢᠶᠠᠨ᠎ᠢ ᠰᠣᠩᠭᠤᠬᠤ᠎ᠳᠠᠭᠠᠨ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠮᠠᠯᠵᠢᠬᠤ ᠠᠰᠠᠭᠤᠳᠠᠯ ᠲᠣᠪᠣᠶ᠋ᠢᠮ᠎ᠠ᠂ ᠤᠯᠤᠰ᠎ᠤᠨ ᠲᠠᠯ ᠨᠤᠲᠤᠭ᠎ᠤᠨ ᠨᠥᠬᠦᠪᠦᠷᠢ ᠱᠠᠩᠨᠠᠯ᠎ᠤᠨ ᠲᠥᠷᠥ ᠵᠢᠨ ᠪᠣᠳᠣᠯᠭ᠎ᠠ ᠵᠢ ᠭᠥᠷᠳᠡᠵᠦ ᠪᠠᠶ᠋ᠢᠭ᠎ᠠ᠂ 《ᠭᠤᠷᠪᠠᠨ ᠤᠮᠠᠷᠠᠲᠤ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠡᠭᠦᠷᠭᠡᠯᠡᠵᠦ ᠪᠠᠶ᠋ᠢᠭ᠎ᠠ ᠭᠠᠵᠠᠷ ᠣᠷᠣᠨ᠎ᠢ ᠠᠯᠢ ᠴᠢᠳᠠᠬᠤ᠎ᠪᠠᠷ ᠰᠣᠩᠭᠤᠬᠤ ᠵᠢᠨ ᠬᠠᠮᠲᠤ᠂ ᠪᠥᠬᠦ ᠣᠷᠣᠨ᠎ᠤ ᠶᠠᠭ ᠠᠬᠢᠭᠤᠯᠵᠤ ᠪᠠᠶ᠋ᠢᠭ᠎ᠠ ᠤᠯᠤᠰ᠎ᠤᠨ ᠲᠠᠯ᠎ᠠ ᠨᠤᠲᠤᠭ᠎ᠤᠨ ᠮᠠᠯ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠵᠢᠨ ᠴᠢᠭ᠋᠂ ᠤᠯᠤᠰ᠎ᠤᠨ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠲᠠᠯ᠎ᠠ ᠨᠤᠲᠤᠭ᠎ᠤᠨ ᠬᠠᠮᠠᠭ᠋ᠠᠯᠠᠯᠲᠠ ᠬᠥᠭᠵᠢᠯᠲᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ᠎ᠢ ᠬᠠᠮᠲᠤ᠎ᠪᠠᠷ ᠪᠠᠶ᠋ᠢᠭᠤᠯᠬᠤ ᠵᠡᠷᠭᠡ ᠠᠵᠢᠯ᠎ᠲᠠᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ; ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ 《ᠰᠤᠯᠠᠷᠠᠭᠤᠯᠬᠤ》 《ᠲᠦᠭᠵᠢᠬᠦ》 ᠵᠢ ᠤᠶᠠᠯᠳᠤᠭᠤᠯᠵᠤ ᠪᠠᠶ᠋ᠢᠭ᠋ᠠᠳ ᠠᠵᠢᠯ᠎ᠤᠨ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠬᠦ ᠬᠡᠷᠡᠭᠲᠡᠢ᠃ 《ᠰᠤᠯᠠᠷᠠᠭᠤᠯᠬᠤ》 ᠠᠵᠢᠯ᠎ᠢ ᠰᠠᠶ᠋ᠢᠲᠤᠷ ᠬᠢᠵᠦ᠂ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠳ ᠬᠠᠰᠢᠶᠠᠯᠠᠨ ᠲᠡᠵᠢᠭᠡᠬᠦ ᠵᠢ ᠬᠥᠭᠵᠢᠭᠦᠯᠬᠦ᠂ ᠲᠡᠵᠢᠭᠡᠯ ᠡᠪᠡᠰᠦ ᠪᠣᠷᠳᠤᠭ᠎ᠠ ᠵᠢᠨ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠰᠠᠭᠤᠷᠢ ᠲᠦᠭᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠮᠠᠯᠴᠢᠳ᠎ᠤᠨ 《ᠣᠷᠣᠯᠭ᠎ᠠ᠎ᠪᠠᠨ ᠪᠠᠭᠤᠷᠠᠭᠤᠯᠬᠤ ᠦᠭᠡᠢ》 ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠢ᠃ 《ᠲᠦᠭᠵᠢᠬᠦ》 ᠠᠵᠢᠯ᠎ᠢ ᠰᠠᠶ᠋ᠢᠲᠤᠷ ᠬᠢᠵᠦ᠂ ᠡᠯ᠎ᠡ ᠱᠠᠲᠤᠨ᠎ᠤ ᠣᠶ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠵᠢ ᠦᠨᠡᠯᠡᠬᠦ ᠭᠦᠢ᠍ᠴᠡᠳᠬᠡᠯ ᠲᠤᠭ᠎ᠠ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠬᠦ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ᠎ᠢ ᠠᠮᠠᠷᠠᠭᠤᠯᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠬᠤ᠂ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠤᠷᠢᠨ ᠪᠠᠶ᠋ᠢᠴᠠᠭ᠋ᠠᠯᠳᠠ᠎ᠪᠠᠨ ᠴᠢᠩᠭ᠋ᠠᠳᠬᠠᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ ᠪᠠᠶ᠋ᠢᠭ᠋ᠠᠳ ᠲᠠᠯ᠎ᠠ ᠨᠤᠲᠤᠭ᠎ᠢ ᠨᠠᠩ ᠰᠠᠶ᠋ᠢᠲᠤᠷ ᠠᠮᠤᠷᠵᠢᠭᠤᠯᠤᠨ ᠲᠡᠩᠬᠡᠷᠡᠭᠦᠯᠬᠦ ᠬᠡᠷᠡᠭᠲᠡᠢ; ᠠᠬᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠡᠯ᠎ᠡ ᠵᠦᠢ᠍ᠯ᠎ᠤᠨ ᠲᠤᠷᠰᠢᠯᠲᠠ ᠵᠢᠨ ᠴᠢᠭ᠋᠎ᠤᠨ ᠡᠭᠦᠷᠭᠡ ᠵᠢ ᠴᠢᠨᠠᠷ ᠰᠠᠶ᠋ᠢᠲᠠᠢ ᠪᠡᠶᠡᠯᠡᠭᠦᠯᠬᠦ ᠬᠡᠷᠡᠭᠲᠡᠢ᠃ ᠲᠥᠰᠥᠯ᠎ᠢ ᠨᠠᠶ᠋ᠢᠷᠠᠭᠤᠯᠤᠨ ᠵᠣᠬᠢᠶᠠᠬᠤ ᠪᠣᠯᠪᠠᠰᠤᠷᠠᠯ᠎ᠤᠨ ᠠᠩᠭᠢ ᠵᠢ ᠲᠦᠷᠭᠡᠬᠡᠨ ᠡᠷᠭᠢᠯᠡᠵᠦ᠂ ᠲᠤᠷᠰᠢᠯᠲᠠ ᠵᠢᠨ ᠴᠢᠭ᠋᠎ᠤᠨ ᠬᠤᠰᠢᠭᠤ ᠰᠢᠶᠠᠨ᠎ᠢ ᠵᠢᠯᠣᠭᠤᠳᠤᠨ ᠲᠤᠷᠰᠢᠯᠲᠠ ᠵᠢᠨ ᠴᠢᠭ᠋᠎ᠤᠨ ᠲᠥᠰᠥᠯ᠎ᠢ ᠨᠠᠷᠢᠨ ᠲᠣᠳᠣᠷᠬᠠᠢ ᠨᠠᠶ᠋ᠢᠷᠠᠭᠤᠯᠤᠨ ᠵᠣᠬᠢᠶᠠᠵᠤ᠂ ᠲᠤᠷᠰᠢᠯᠲᠠ ᠵᠢᠨ ᠴᠢᠭ᠋᠎ᠤᠨ ᠠᠵᠢᠯ᠎ᠤᠨ ᠰᠠᠶ᠋ᠢᠨ ᠡᠬᠢᠯᠡᠯᠲᠡ᠎ᠲᠠᠢ ᠪᠣᠯᠬᠤ ᠵᠢ ᠦᠨᠡᠨᠬᠦ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠮᠡᠷᠭᠡᠵᠢᠯ᠎ᠤᠨ ᠬᠦᠴᠦᠨ᠎ᠢ ᠵᠣᠬᠢᠶᠠᠨ ᠪᠠᠶ᠋ᠢᠭᠤᠯᠵᠤ᠂ ᠪᠥᠬᠦ ᠣᠷᠣᠨ᠎ᠤ ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠣᠳᠠᠲᠤ ᠪᠠᠶ᠋ᠢᠳᠠᠯ᠎ᠠᠴᠠ ᠡᠭᠦᠰᠴᠦ᠂ ᠮᠠᠯ ᠪᠡᠯᠴᠢᠭᠡᠷ᠎ᠤᠨ ᠲᠡᠩᠴᠡᠭᠦᠷᠢ ᠵᠢᠨ ᠵᠢᠭ᠋ᠠᠯᠲᠠ ᠲᠤᠭ᠎ᠠ ᠵᠢ ᠲᠥᠰᠥᠭᠡᠯᠡᠨ ᠪᠤᠳᠤᠬᠤ ᠠᠷᠭ᠎ᠠ ᠵᠢ ᠲᠡᠭᠦᠯᠳᠡᠷᠵᠢᠭᠦᠯᠦᠨ᠂ ᠲᠤᠷᠰᠢᠯᠲᠠ ᠵᠢᠨ ᠴᠢᠭ᠋᠎ᠤᠨ ᠬᠤᠰᠢᠭᠤ ᠰᠢᠶᠠᠨ᠎ᠤ ᠮᠠᠯ ᠮᠠᠯᠵᠢᠬᠤ ᠵᠢ ᠦᠨᠡᠯᠡᠵᠦ ᠰᠢᠯᠭ᠋ᠠᠨ ᠬᠢᠨᠠᠬᠤ ᠭᠦᠢ᠍ᠴᠡᠳᠬᠡᠯ ᠲᠤᠭ᠎ᠠ ᠵᠢᠨ ᠰᠢᠰᠲ᠋ᠧᠮᠵᠢ ᠪᠠ ᠰᠢᠯᠭ᠋ᠠᠨ ᠬᠤᠷᠢᠶᠠᠵᠤ ᠦᠨᠡᠯᠡᠬᠦ ᠠᠷᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠡᠯ᠎ᠡ ᠵᠦᠢ᠍ᠯ᠎ᠤᠨ ᠲᠤᠷᠰᠢᠯᠲᠠ ᠵᠢᠨ ᠡᠭᠦᠷᠭᠡ ᠵᠢ ᠤᠷᠤᠭᠰᠢᠲᠠᠢ ᠪᠡᠶᠡᠯᠡᠭᠦᠯᠬᠦ ᠵᠢ ᠦᠨᠡᠨᠬᠦ ᠪᠠᠲᠤᠯᠠᠵᠤ᠂ ᠬᠡᠯᠪᠡᠷᠢ ᠵᠢ᠎ᠨᠢ ᠬᠤᠪᠢᠷᠠᠭᠤᠯᠬᠤ ᠦᠭᠡᠢ ᠪᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠲᠣᠰ ᠤᠳᠠᠭ᠋ᠠᠨ᠎ᠤ ᠡᠬᠢᠯᠡᠯᠲᠡ ᠵᠢᠨ ᠬᠤᠷᠠᠯ ᠵᠶ᠋ᠠᠷ ᠡᠬᠢᠯᠡᠯᠲᠡ ᠪᠣᠯᠭ᠋ᠠᠵᠤ᠂ ᠮᠠᠯ ᠪᠡᠯᠴᠢᠭᠡᠷ᠎ᠤᠨ ᠡᠬᠢ ᠪᠠᠶᠠᠯᠢᠭ᠎ᠢ ᠠᠭᠤᠰᠤᠯᠴᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ 17 ᠵᠦᠢ᠍ᠯ᠎ᠤᠨ ᠠᠷᠭ᠎ᠠ ᠬᠡᠮᠵᠢᠶ᠎ᠡ ᠵᠢ ᠬᠦᠴᠦᠲᠡᠢ ᠪᠥᠭᠡᠳ ᠡᠮᠬᠢ ᠵᠢᠷᠤᠮ᠎ᠲᠠᠢ ᠪᠦᠲᠦᠮᠵᠢᠲᠡᠶ ᠨᠠᠶ᠋ᠢᠳᠠᠪᠤᠷᠢᠵᠢᠭᠤᠯᠵᠤ᠂ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠦᠯᠬᠢᠨ ᠠᠬᠢᠭᠤᠯᠬᠤ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠢᠳᠡᠪᠬᠢᠲᠡᠢ᠎ᠪᠠᠷ 《ᠪᠣᠬᠢᠷᠲᠤᠯ ᠦᠭᠡᠢ》 ᠬᠦᠴᠦᠨ ᠴᠢᠳᠠᠯ ᠵᠶ᠋ᠠᠨ ᠨᠡᠮᠡᠷᠢᠯᠡᠬᠦ ᠪᠣᠯᠤᠨ᠎ᠠ᠃