ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠤᠷᠤᠨ᠎ᠤ ᠨᠤᠭᠤᠭ᠋ᠠᠷᠠᠭᠤᠯᠤᠭᠰᠠᠨ ᠭᠠᠵᠠᠷ ᠨᠤᠲᠤᠭ᠎ᠤᠨ ᠲᠠᠯᠠᠪᠠᠢ ᠲᠠᠰᠤᠷᠠᠯᠲᠠ ᠦᠭᠡᠢ ᠦᠷᠭᠡᠵᠢᠪᠡ
ᠨᠡᠶ᠋ᠢᠲᠡᠯᠡᠭᠰᠡᠨ ᠴᠠᠭ᠄ 2024-01-12

    《2023 ᠤᠨ᠎ᠳᠤ ᠪᠦᠬᠦ ᠤᠷᠤᠨ ᠵᠶ᠋ᠠᠷ ᠵᠶ᠋ᠠᠨ ᠨᠡᠢ᠌ᠲᠡ 556 ᠲᠦᠮᠡᠨ ᠮᠦ᠍ ᠭᠠᠵᠠᠷ᠎ᠢ ᠤᠢ᠌ᠵᠢᠭᠤᠯᠤᠨ᠂ 1743 ᠲᠦᠮᠡᠨ ᠮᠦ᠍ ᠡᠪᠡᠰᠤ ᠲᠠᠷᠢᠵᠤ᠂ ᠡᠯᠡᠰᠦᠷᠬᠡᠭᠵᠢᠯ᠎ᠢ ᠰᠡᠷᠬᠡᠢ᠌ᠯᠡᠨ ᠡᠯᠡᠰᠤ ᠵᠢ ᠵᠠᠰᠠᠭᠰᠠᠨ ᠲᠠᠯᠠᠪᠠᠢ 950 ᠲᠦᠮᠡᠨ ᠮᠦ᠍᠎ᠳᠤ ᠬᠦᠷᠴᠦ᠂ ᠤᠨ᠎ᠤ ᠲᠦᠯᠦᠪᠯᠡᠭᠡ᠎ᠪᠠᠨ ᠲᠤᠰ ᠲᠤᠰ 149%᠂ 134% ᠪᠠ 151%᠎ᠪᠠᠷ ᠪᠡᠶᠡᠯᠡᠭᠦᠯᠵᠤ᠂ ᠮᠠᠨ᠎ᠤ ᠤᠷᠤᠨ᠎ᠤ ᠨᠤᠭᠤᠭ᠋ᠠᠷᠠᠭᠤᠯᠤᠭᠰᠠᠨ ᠭᠠᠵᠠᠷ ᠨᠤᠲᠤᠭ᠎ᠤᠨ ᠲᠠᠯᠠᠪᠠᠢ ᠲᠠᠰᠤᠷᠠᠯᠲᠠ ᠦᠭᠡᠢ ᠦᠷᠭᠡᠵᠢᠪᠡ》 ᠭᠡᠵᠦ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠡ ᠵᠢᠨ ᠲᠡᠳ᠋ ᠳᠠᠷᠤᠭ᠎ᠠ ᠴᠸᠨ ᠶᠦᠩ ᠴᠢᠤᠸᠠᠨ ᠬᠡᠯᠡᠪᠠ᠃
    1 ᠰᠠᠷ᠎ᠠ ᠵᠢᠨ 2᠎ᠤᠨ ᠡᠳᠦᠷ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ᠎ᠠᠴᠠ 《2023᠎ᠤᠨ᠎ᠤ ᠡᠷᠬᠢᠴᠡᠬᠦᠯᠤᠯ》 ᠭᠤᠤᠯ ᠰᠡᠳᠤᠪᠳᠤ ᠰᠢᠷᠢᠰ ᠰᠤᠨᠢᠨ ᠮᠡᠳᠡᠭᠡ ᠨᠡᠢ᠌ᠳᠡᠯᠡᠬᠦ ᠬᠤᠷᠠᠯ᠎ᠤᠨ ᠵᠢᠷᠭᠤᠳᠤᠭ᠋ᠠᠷ ᠲᠠᠯᠠᠪᠤᠷ — ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠡ ᠵᠢᠨ ᠲᠤᠰᠬᠠᠢ ᠲᠠᠯᠠᠪᠤᠷ ᠰᠤᠨᠢᠨ ᠮᠡᠳᠡᠭᠡ ᠨᠡᠢ᠌ᠳᠡᠯᠡᠬᠦ ᠬᠤᠷᠠᠯ ᠬᠢᠵᠤ᠂ ᠤᠢ ᠰᠢᠭᠤᠢ ᠪᠠ ᠨᠤᠲᠤᠭ ᠪᠡᠯᠴᠢᠭᠡᠷ᠎ᠤᠨ ᠡᠯ᠎ᠡ ᠵᠦᠢ᠍ᠯ᠎ᠤᠨ ᠠᠵᠢᠯ᠎ᠤᠨ ᠪᠠᠢ᠌ᠳᠠᠯ᠎ᠢ ᠲᠠᠨᠢᠯᠴᠠᠭᠤᠯᠪᠠ᠃
    2023 ᠤᠨ᠎ᠳᠤ ᠮᠠᠨ᠎ᠤ ᠤᠷᠤᠨ 《ᠤᠮᠠᠷᠠᠳᠤ ᠵᠢᠨ ᠭᠤᠷᠪᠠᠨ ᠤᠷᠤᠨ》᠎ᠤ ᠢᠨᠵᠸᠨᠧᠷᠢᠩ᠎ᠤᠨ ᠪᠤᠭᠤᠮᠳᠠ ᠰᠢᠪᠳᠤᠯᠬᠤ ᠳᠠᠢ᠌ᠯᠠᠯᠳᠤᠭ᠋ᠠᠨ ᠪᠤᠯᠤᠨ ᠭᠤᠷᠪᠠᠨ ᠶᠡᠬᠡ ᠪᠡᠯᠬᠡ ᠲᠡᠮᠳᠡᠭ᠎ᠤᠨ ᠴᠢᠨᠠᠷᠳᠠᠢ ᠳᠠᠢ᠌ᠯᠠᠯᠳᠤᠭ᠋ᠠᠨ᠎ᠢ ᠪᠦᠬᠦ ᠲᠠᠯ᠎ᠠ᠎ᠪᠠᠷ ᠡᠬᠢᠯᠡᠬᠦᠯᠵᠤ᠂ 103 ᠬᠤᠰᠢᠭᠤ ᠰᠢᠶᠠᠨ (ᠬᠤᠳᠠ᠂ ᠲᠤᠭᠤᠷᠢᠭ)  ᠪᠦᠬᠦᠨ᠎ᠢ 《ᠤᠮᠠᠷᠠᠳᠤ ᠵᠢᠨ ᠭᠤᠷᠪᠠᠨ ᠤᠷᠤᠨ》᠎ᠤ ᠢᠨᠵᠸᠨᠧᠷᠢᠩ᠎ᠤᠨ ᠬᠡᠪᠴᠢᠶᠡᠨ᠎ᠳᠤ ᠤᠷᠤᠭᠤᠯᠪᠠ᠃ ᠪᠦᠬᠦ ᠤᠷᠤᠨ ᠵᠶ᠋ᠠᠷ ᠵᠶ᠋ᠠᠨ 124 ᠠᠯᠪᠠᠨ ᠵᠢᠷᠤᠮ᠎ᠤᠨ ᠮᠣᠳᠣ ᠳᠠᠷᠢᠬᠤ ᠰᠠᠭᠤᠷᠢᠨ᠎ᠢ ᠰᠢᠨ᠎ᠡ᠎ᠪᠠᠷ ᠪᠠᠢ᠌ᠭᠤᠯᠤᠭᠰᠠᠨ ᠪᠤᠶᠤ ᠦᠷᠭᠡᠳᠭᠡᠨ ᠪᠠᠢ᠌ᠭᠤᠯᠵᠤ᠂ 3519 ᠲᠦᠮᠡᠨ ᠰᠠᠭᠤᠷᠢ ᠠᠯᠪᠠᠨ ᠵᠢᠷᠤᠮ᠎ᠤᠨ ᠮᠤᠳᠤ ᠲᠠᠷᠢᠵᠤ᠂ 370 ᠰᠤᠮᠤ ᠰᠢᠶᠠᠩ ᠪᠠᠯᠭ᠋ᠠᠰᠤ ᠪᠤᠯᠤᠨ 700 ᠭᠠᠴᠠᠭ᠎ᠠ ᠲᠤᠰᠬᠤᠨ ᠨᠤᠳᠤᠭ ᠤᠰᠤ᠎ᠪᠠᠨ ᠨᠣᠭᠣᠭ᠋ᠠᠷᠠᠭᠤᠯᠵᠤ ᠭᠤᠶᠤᠵᠢᠭᠤᠯᠬᠤ ᠠᠵᠢᠯᠯᠠᠭ᠎ᠠ ᠦᠷᠨᠢᠬᠦᠯᠵᠤ᠂ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠲᠠᠬᠢ ᠬᠡᠪᠴᠢᠶᠡᠵᠢᠭᠰᠡᠨ ᠣᠶ ᠰᠢᠭᠤᠢ ᠵᠢᠨ ᠲᠠᠯᠠᠪᠠᠶ ᠵᠢᠨ ᠪᠥᠲᠥᠭᠡᠨ ᠪᠠᠢ᠌ᠭᠤᠯᠤᠯᠲᠠ ᠵᠢ 28 ᠲᠦᠮᠡᠨ ᠮᠦ᠍ ᠪᠡᠶᠡᠯᠡᠬᠦᠯᠵᠤ ᠪᠦᠬᠦ ᠲᠠᠯᠠᠪᠠᠢ᠎ᠨᠢ 204 ᠲᠦᠮᠡᠨ ᠮᠦ᠍᠎ᠳᠤ ᠬᠦᠷᠴᠠᠢ᠃ ᠡᠬᠦᠨ᠎ᠤ ᠬᠠᠮᠳᠤ ᠤᠢ ᠰᠢᠭᠤᠢ ᠨᠤᠳᠤᠭ ᠪᠡᠯᠴᠢᠬᠡᠷ᠎ᠤᠨ ᠡᠬᠢ ᠪᠠᠶᠠᠯᠢᠭ᠎ᠤᠨ ᠬᠠᠮᠢᠶᠠᠷᠤᠯᠳᠠ ᠵᠢᠨ ᠲᠦᠪᠰᠢᠨ᠎ᠢ ᠲᠠᠬᠡᠭᠰᠢᠯᠡᠬᠦᠯᠤᠨ᠂ ᠤᠢ ᠰᠢᠭᠤᠢ ᠨᠤᠳᠤᠭ ᠪᠡᠯᠴᠢᠬᠡᠷ᠎ᠤᠨ ᠡᠬᠢ ᠪᠠᠶᠠᠯᠢᠭ᠎ᠢ ᠡᠪᠳᠡᠭᠰᠡᠨ ᠠᠵᠢᠯᠯᠠᠭ᠎ᠠ ᠵᠢ ᠶᠡᠬᠡ᠎ᠪᠠᠷ ᠴᠡᠭᠴᠡᠯᠡᠨ ᠵᠠᠰᠠᠵᠤ᠂ ᠪᠦᠬᠦ ᠤᠷᠤᠨ᠎ᠤ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠭᠠᠵᠠᠷ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠲᠤᠭᠳᠠᠭᠤᠨ ᠵᠶ᠋ᠠᠷ ᠠᠬᠢᠭᠤᠯᠵᠤ᠂ ᠨᠤᠭᠤ ᠭᠠᠵᠠᠷ ᠪᠠ ᠬᠡᠬᠡᠷ᠎ᠠ ᠵᠢᠨ ᠠᠮᠢᠳᠠᠨ ᠤᠷᠭᠤᠮᠠᠯ᠎ᠢ ᠬᠠᠮᠠᠭ᠋ᠠᠯᠠᠬᠤ ᠵᠢ ᠴᠢᠩᠭ᠋ᠠᠳᠬᠠᠪᠠ ; ᠤᠢ ᠰᠢᠭᠤᠢ ᠡᠪᠡᠰᠤᠨ᠎ᠤ ᠠᠵᠤ ᠦᠢ᠍ᠯᠡᠰ᠎ᠤᠨ ᠬᠦᠭᠵᠢᠯᠲᠡ ᠵᠢᠨ ᠶᠠᠰᠤ ᠴᠢᠨᠠᠷ ᠪᠠ ᠦᠷ᠎ᠠ ᠠᠰᠢᠭ᠎ᠢ ᠬᠦᠴᠦᠯᠡᠨ ᠲᠠᠬᠡᠭᠰᠢᠯᠡᠬᠦᠯᠵᠤ᠂ ᠵᠢᠱ᠌ᠢᠯᠲᠡ᠎ᠪᠠᠷ ᠪᠦᠬᠦ ᠵᠢᠯ᠎ᠤᠨ ᠲᠠᠵᠢᠬᠡᠯ ᠡᠪᠡᠰᠦ ᠵᠢᠨ ᠭᠠᠷᠤᠯᠲᠠ 8000 ᠲᠦᠮᠡᠨ ᠲᠣᠨ᠎ᠤ ᠪᠤᠭᠤᠮᠳᠠ ᠵᠢ ᠲᠠᠪᠠᠬᠤ ᠪᠣᠯᠤᠨ᠎ᠠ ; ᠣᠶ ᠰᠢᠭᠤᠢ ᠪᠠ ᠨᠤᠲᠤᠭ ᠪᠡᠯᠴᠢᠭᠡᠷ᠎ᠤᠨ ᠨᠡᠭᠦᠷᠡᠰᠦᠲᠦ᠋ᠷᠦᠭᠴᠢ ᠬᠤᠷᠠᠮᠳᠤᠭᠤᠯᠬᠤ 17 ᠲᠥᠷᠥᠯ ᠵᠣᠢ᠌ᠯ᠎ᠢ ᠨᠡᠭᠡᠭᠡᠨ ᠭᠦᠭᠵᠢᠭᠦᠯᠵᠦ᠂ ᠨᠡᠭᠦᠷᠡᠰᠦᠲᠦ᠋ᠷᠦᠭᠴᠢ ᠵᠢᠨ ᠬᠤᠷᠠᠮᠳᠤᠭᠤᠯᠭ᠎ᠠ ᠵᠢᠨ ᠠᠷᠠᠯᠵᠢᠶ᠎ᠠ ᠵᠢ 80.5 ᠲᠦᠮᠡᠨ ᠲᠣᠨ ᠪᠡᠶᠡᠯᠡᠭᠦᠯᠤᠨ᠂ ᠠᠷᠠᠯᠵᠢᠶᠠᠨ᠎ᠤ ᠦᠷᠲᠡᠭ᠎ᠨᠢ 2700 ᠲᠦᠮᠡ ᠭᠠᠷᠤᠢ ᠲᠥᠭᠥᠷᠢᠭ᠎ᠲᠤ ᠬᠦᠷᠴᠠᠢ᠃ ᠪᠠᠰᠠ 1.15 ᠳ᠋ᠦᠩᠰᠢᠭᠤᠷ ᠭᠠᠷᠤᠢ ᠰᠠᠭᠤᠷᠢ ᠰᠠᠢ᠌ᠨ ᠡᠬᠦᠯᠳᠡᠷ᠎ᠤᠨ ᠴᠢᠬᠢ ᠮᠤᠳᠤ ᠪᠤᠢ᠌ᠵᠢᠭᠤᠯᠵᠤ᠂ 《ᠤᠮᠠᠷᠠᠳᠤ ᠵᠢᠨ ᠭᠤᠷᠪᠠᠨ ᠤᠷᠤᠨ》 ᠵᠡᠷᠬᠡ ᠠᠮᠢ ᠠᠬᠤᠢ ᠵᠢᠨ ᠭᠤᠤᠯᠳᠠᠯᠭ᠎ᠠ᠎ᠲᠠᠢ ᠢᠨᠵᠸᠨᠧᠷᠢᠩ᠎ᠤᠨ ᠪᠦᠳᠦᠬᠡᠨ ᠪᠠᠢ᠌ᠭᠤᠯᠤᠯᠲᠠ᠎ᠳᠤ ᠴᠢᠬᠢ ᠮᠤᠳᠤᠨ᠎ᠤ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃

ᠢᠷᠡᠯᠲᠡ᠄ ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ ᠵᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠴᠢᠬᠤᠯᠠ ᠨᠤᠭᠤ ᠭᠠᠵᠠᠷ 4 ᠨᠡᠮᠡᠭᠳᠡᠪᠡ
ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ ᠠᠰᠠᠭᠤᠳᠠᠯ᠎ᠢ ᠰᠢᠢ᠍ᠳᠪᠦᠷᠢᠯᠡᠬᠦ ᠲᠤᠷᠰᠢᠯᠲᠠ ᠵᠢᠨ ᠴᠡᠭ᠎ᠤᠨ ᠠᠵᠢᠯ ᠡᠬᠢᠯᠡᠪᠡ
ᠤᠯᠠᠭ᠋ᠠᠨᠬᠠᠳᠠ ᠬᠤᠲᠠ᠎ᠳᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠨᠤᠭᠤ ᠭᠠᠵᠠᠷ ᠨᠢᠭᠡ ᠨᠡᠮᠡᠭᠳᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ᠎ᠢ ᠰᠡᠷᠭᠡᠶ᠋ᠢᠯᠡᠨ ᠡᠵᠡᠮᠳᠡᠭᠰᠡᠨ ᠰᠢᠪᠲᠤᠯᠤᠯᠲᠠ ᠵᠢᠨ ᠠᠵᠢᠯᠯᠠᠭ᠎ᠠ ᠵᠢᠨ ᠮᠤᠵᠢ ᠵᠢᠨ ᠲᠠᠰ᠎ᠤᠨ ᠲᠡᠷᠢᠭᠦᠨ᠎ᠤ ᠨᠢᠭᠡᠴᠡ᠎ᠪᠠᠷ ᠦᠨᠡᠯᠡᠭᠳᠡᠪᠡ
ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ (ᠵᠢᠷᠭᠤᠳᠤᠭ᠋ᠠᠷ ᠪᠦᠯᠦᠭ) ᠤᠯᠤᠰ᠎ᠤᠨ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ (ᠪᠡᠯᠡᠳᠬᠡᠯ)᠎ᠤᠨ ᠦᠷ᠎ᠡ ᠪᠦᠲᠦᠭᠡᠯ
 
             蒙ICP备05000248号